ᠲᠣᠪᠴᠢ ᠮᠡᠳᠡᠭᠡ
ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤᠨ ᠤ ᠠᠩᠨᠠᠢ ᠲᠣᠰᠬᠤᠨ ᠠᠵᠤ ᠤᠶᠢᠯᠡᠰ ᠢᠶᠠᠷ ᠶᠠᠳᠠᠭᠤ ᠶ᠋ᠢ ᠳᠡᠦᠨᠬᠦᠬᠦ ᠬᠤᠪᠢ ᠣᠷᠤᠭᠤᠯᠤᠨ ᠠᠰᠢᠭ ᠬᠤᠪᠢᠶᠠᠷᠢᠯᠠᠬᠤ ᠬᠤᠷᠠᠯ ᠬᠢᠵᠦ ᠂ ᠲᠣᠬᠠᠢ ᠶ᠋ᠢᠨ ᠲᠠᠯᠠᠪᠤᠷ ᠲᠤ ᠪᠦᠬᠦ ᠲᠣᠰᠬᠤᠨ ᠤ 15 ᠳᠠᠩᠰᠠ ᠺᠠᠷᠲ ᠲᠠᠢ ᠶᠠᠳᠠᠭᠤ ᠡᠷᠦᠬᠡ 20 ᠣᠨᠴᠠᠭᠠᠢ ᠡᠷᠦᠬᠡ ᠳ᠋ᠦ 6 ᠲᠦᠮᠡ ᠭᠠᠷᠤᠢ ᠲᠥᠭᠦᠷᠢᠭ ᠦᠨ ᠪᠡᠯᠡ ᠮᠥᠩᠭᠥ ᠳᠠᠷᠬᠠᠭᠠᠪᠠ ᠃ ᠠᠩᠨᠠᠢ ᠲᠣᠰᠬᠤᠨ ᠪᠣᠯᠣᠨ ᠠᠩᠨᠠᠢ ᠲᠡᠵᠢᠭᠡᠪᠦᠷᠢ ᠶ᠋ᠢᠨ ᠺᠣᠮᠫᠠᠨᠢ ᠬᠣᠷᠰᠢᠨ ᠂ ᠶᠠᠳᠠᠭᠤ ᠡᠷᠦᠬᠡ ᠶ᠋ᠢ ᠡᠷᠲᠡ ᠡᠳᠥᠷ ᠶᠠᠳᠠᠭᠤ ᠡᠴᠠ ᠨᠢ ᠠᠩᠭᠢᠵᠢᠷᠠᠭᠤᠯᠬᠤ ᠶ᠋ᠢᠨ ᠲᠥᠯᠦᠭᠡ ᠂ ᠨᠠᠶᠢᠳᠠᠨ ᠲᠡᠵᠢᠭᠡᠯᠭᠡᠬᠦ ᠬᠡᠯᠪᠡᠷᠢ ᠶ᠋ᠢ ᠠᠪᠴᠤ ᠂ ᠶᠠᠳᠠᠭᠤ ᠡᠷᠦᠬᠡ ᠳ᠋ᠦ ᠵᠢᠯ ᠦᠨ ᠡᠴᠦᠰ ᠲᠦ ᠪᠠᠰᠠ ᠠᠰᠢᠭ ᠬᠤᠪᠢᠶᠠᠷᠢᠯᠠᠬᠤ ᠪᠠᠷ ᠪᠤᠢ ᠃
ᠪᠤᠶᠠᠨᠴᠤᠬᠯᠠ
ᠢᠷᠡᠯᠳᠡ᠄
ᠨᠠᠶᠢᠷᠠᠭᠤᠯᠤᠭᠴᠢ᠄
ᠳᠤᠯᠠᠭᠠᠨ