ᠨᠠᠢᠮᠠᠨ ᠬᠤᠰᠢᠭᠤᠨ ᠤ ︿ ︿ ᠵᠣᠯ ᠵᠢᠷᠭᠠᠯᠳᠤ ᠢᠨᠵᠸᠨ᠋ᠸᠷᠢᠩ ﹀ ﹀ ᠤᠨ ᠲᠥᠷᠥᠯ ᠵᠦᠢᠯ ᠦᠨ ᠦᠷ᠎ᠡ ᠪᠦᠳᠦᠮᠵᠢ ᠳᠣᠪᠤᠶᠢᠮ᠎ᠠ ᠪᠠᠶᠢᠨ᠎ᠠ

ᠣᠩᠰᠢᠭᠰᠠᠨ ᠤᠳᠠᠭ᠎ᠠ ᠄ 32710     ᠨᠡᠶᠢᠳᠡᠯᠡᠭᠰᠡᠨ ᠴᠠᠭ ᠄ 2018/11/1 9:10:38

      2018 ᠣᠨ ᠤ ᠡᠬᠢᠨ ᠳ᠋ᠦ ᠂ ᠳᠣᠮᠳᠠᠳᠤ ᠤᠯᠤᠰ ᠤᠨ ᠬᠦᠮᠦᠨ ᠠᠮᠠ ᠶ᠋ᠢᠨ ᠠᠰᠠᠷᠠᠮᠵᠢ ᠶ᠋ᠢᠨ ᠰᠠᠭᠤᠷᠢ ᠮᠥᠩᠭᠥ ᠶ᠋ᠢᠨ ᠨᠡᠶᠢᠭᠡᠮᠯᠢᠭ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠣᠯ ᠵᠢᠷᠭᠠᠯᠳᠤ ᠢᠨᠵᠸᠨ᠋ᠸᠷᠢᠩ ᠦᠨ ᠵᠣᠬᠢᠶᠠᠨ ᠪᠠᠶᠢᠭᠤᠯᠬᠤ ᠺᠣᠮᠢᠰ ᠬᠠᠮᠳᠤᠷᠠᠨ ᠨᠠᠢᠮᠠᠨ ᠬᠤᠰᠢᠭᠤᠨ ᠤ ᠰᠢᠷᠠᠬᠣᠭᠤᠯᠠᠢ ᠪᠠᠯᠭᠠᠰᠤ ᠶ᠋ᠢᠨ ᠶᠢᠦ ᠠᠢ ᠲᠣᠰᠬᠤᠨ ᠳ᠋ᠤ ︿ ︿ ᠵᠣᠯ ᠵᠢᠷᠭᠠᠯᠳᠤ  ᠢᠨᠵᠸᠨ᠋ᠸᠷᠢᠩ- ᠶᠠᠳᠠᠭᠤ ᠡᠬᠡᠴᠦᠦᠯ ᠢ ᠠᠪᠤᠷᠠᠨ ᠳᠤᠰᠠᠯᠠᠬᠤ ﹀ ﹀ ᠲᠥᠷᠥᠯ ᠵᠦᠢᠯ  ᠤᠨ ᠠᠵᠢᠯᠯᠠᠭᠠᠨ ᠢ ᠥᠷᠨᠢᠭᠦᠯᠪᠡ ᠃ ᠠᠵᠢᠯᠯᠠᠭ᠎ᠠ ᠳ᠋ᠤ 30 ᠲᠦᠮᠡᠨ ᠲᠥᠭᠦᠷᠢᠭ ᠦᠨ ᠳᠤᠰᠠᠯᠠᠮᠵᠢ ᠶ᠋ᠢᠨ ᠮᠥᠩᠭᠥ ᠪᠡᠷ 12 ᠶᠠᠳᠠᠭᠤ ᠡᠷᠦᠬᠡ ᠶ᠋ᠢᠨ ᠡᠵᠢ ᠶ᠋ᠢ ᠬᠠᠪᠰᠤᠷᠤᠨ ᠳᠤᠰᠠᠯᠠᠵᠤ ᠡᠷᠦᠬᠡ ᠪᠦᠷᠢ ᠳ᠋ᠦ 2.5 ᠲᠦᠮᠡᠨ ᠲᠥᠭᠦᠷᠢᠭ ᠦᠨ ᠵᠢᠭᠡᠯᠡᠯᠭᠡ ᠥᠭᠴᠦ 3 ᠵᠢᠯ ᠬᠦᠦ ᠮᠥᠩᠭᠥ ᠠᠪᠬᠤ ᠦᠭᠡᠢ ︿ ︿ ᠶᠠᠳᠠᠭᠤ ᠶ᠋ᠢ ᠵᠠᠰᠠᠬᠤ ﹀ ﹀ ᠲᠡᠵᠢᠭᠡᠪᠦᠷᠢ ᠶ᠋ᠢᠨ ᠲᠥᠷᠥᠯ ᠵᠦᠢᠯ ᠢ ᠬᠡᠷᠡᠭᠵᠢᠭᠦᠯᠵᠡᠢ ᠃ ᠶᠢᠦ ᠠᠢ ᠲᠣᠰᠬᠤᠨ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠵᠢᠯ ᠰᠢᠬᠠᠮ ᠤᠨ ᠲᠣᠷᠰᠢ ᠂ ᠠᠵᠢᠯᠯᠠᠭᠠᠨ ᠰᠢᠰᠲ᠋ᠧᠮ ᠲᠠᠢ ᠶᠠᠪᠤᠬᠳᠠᠵᠤ 12 ᠶᠠᠳᠠᠭᠤ ᠡᠷᠦᠬᠡ ᠳ᠋ᠦ ᠡᠷᠦᠬᠡ ᠪᠦᠬᠦᠨ ᠳ᠋ᠦ2 ᠦᠨᠢᠶ᠎ᠡ ᠠᠪᠴᠤ ᠥᠭᠭᠦᠨ ᠲᠡᠵᠢᠭᠡᠯᠭᠡᠵᠦ  ᠴᠦᠮ ᠲᠤᠭᠤᠯᠯᠠᠵᠤ  ᠂ ᠲᠤᠭᠤᠯ ᠨᠢ 8000 ᠭᠠᠷᠤᠢ ᠲᠥᠭᠦᠷᠢᠭ ᠲᠦ ᠬᠦᠷᠴᠦ ᠦᠷ᠎ᠡ ᠪᠦᠳᠦᠮᠵᠢ ᠳᠣᠪᠤᠶᠢᠮ᠎ᠠ ᠪᠠᠶᠢᠨ᠎ᠠ ᠃
      ᠤᠶᠢᠯᠠᠭᠠᠭᠰᠠᠨ ᠢᠶᠠᠷ ᠂ ᠲᠥᠷᠥᠯ ᠵᠦᠢᠯ ᠦᠨ ᠪᠡᠯᠡᠨ ᠮᠥᠩᠭᠥ ᠶ᠋ᠢᠨ ᠠᠮᠤᠷ ᠲᠥᠪᠰᠢᠨ ᠬᠡᠷᠡᠭᠵᠢᠭᠦᠯᠦᠯᠲᠡ ᠪᠠ ᠵᠢᠭᠡᠯᠡᠯᠭᠡ ᠶ᠋ᠢ ᠴᠠᠭ ᠲᠣᠬᠠᠢ ᠳ᠋ᠦ᠋ᠨᠢ ᠪᠣᠴᠠᠭᠠᠬᠤ ᠶ᠋ᠢ ᠪᠠᠳᠤᠯᠠᠬᠤ ᠶ᠋ᠢᠨ ᠲᠥᠯᠦᠭᠡ ᠂ ᠵᠢᠴᠢ ᠲᠥᠷᠥᠯ ᠵᠦᠢᠯ ᠦᠨ ᠥᠷᠬᠦᠯᠵᠢᠯᠡᠨ ᠡᠷᠡᠭᠦᠯ ᠢᠶ᠋ᠡᠷ ᠬᠥᠭᠵᠢᠬᠦ ᠶ᠋ᠢ ᠪᠠᠳᠤᠯᠠᠵᠤ ᠮᠠᠯ ᠤᠨ ᠬᠢᠵᠢᠭ ᠭᠡᠮ ᠢ ᠪᠠᠶᠢᠴᠠᠭᠠᠬᠤ ᠂ ᠲᠡᠵᠢᠭᠡᠪᠦᠷᠢ ᠶ᠋ᠢᠨ ᠳᠠᠭᠠᠣᠨᠬᠠᠯ ᠳ᠋ᠤ ᠣᠷᠤᠭᠤᠯᠬᠤ ᠂ ᠳᠣᠰᠬᠤᠨ ᠤ ︿ ︿ ᠬᠣᠶᠠᠷ ᠪᠠᠭ ﹀ ﹀ ᠳᠠᠭᠠᠭᠠᠴᠢᠯᠠᠨ ᠪᠠᠳᠤᠯᠠᠬᠤ ᠵᠡᠷᠭᠡ ᠪᠣᠳᠠᠳᠤ ᠠᠷᠭ᠎ᠠ ᠠᠪᠴᠤ ᠪᠤᠢ ᠃    
                          ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ