ᠨᠢᠭᠡᠳᠦᠭᠡᠷ ᠱᠦᠵᠢ ᠰᠦᠨ ᠯᠢᠶᠠᠨ ᠲᠣᠤ ᠶ᠋ᠢᠨ ᠨᠢᠩᠵᠢᠨ ᠰᠡᠦᠨᠬᠢᠯ ᠨᠢᠮᠪᠠᠢ ᠠᠵᠢᠯᠯᠠᠭ᠎ᠠ ᠮᠠᠬᠲᠠᠭᠠᠯᠲᠠᠢ

ᠣᠩᠰᠢᠭᠰᠠᠨ ᠤᠳᠠᠭ᠎ᠠ ᠄ 6568     ᠨᠡᠶᠢᠳᠡᠯᠡᠭᠰᠡᠨ ᠴᠠᠭ ᠄ 2018/11/4 8:43:32

      ᠰᠦᠨ ᠯᠢᠶᠠᠨ ᠲᠣᠤ ᠪᠣᠯ ᠲᠥᠩᠯᠢᠶᠣᠤ ᠬᠣᠲᠠ ᠶ᠋ᠢᠨ ᠰᠠᠬᠢᠯᠭ᠎ᠠ ᠪᠠᠳᠦ ᠪᠠᠶᠢᠴᠠᠭᠠᠬᠤ ᠵᠥᠪᠯᠡᠯ ᠦᠨ ᠬᠣᠲᠠ ᠶ᠋ᠢᠨ ᠥᠭᠡᠷᠡᠴᠢᠯᠡᠯᠲᠡ ᠨᠡᠭᠡᠭᠡᠯᠲᠡ ᠶ᠋ᠢᠨ ᠵᠥᠪᠯᠡᠯ ᠳ᠋ᠦ ᠲᠣᠮᠢᠯᠠᠨ ᠰᠠᠭᠤᠭ᠎ᠠ ᠰᠠᠬᠢᠯᠭ᠎ᠠ ᠪᠠᠳᠦ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠂ 2015 ᠣᠨ ᠤ 11 ᠰᠠᠷ᠎ᠠ ᠳ᠋ᠤ ᠨᠠᠢᠮᠠᠨ ᠬᠤᠰᠢᠭᠤᠨ ᠤ ᠬᠣᠩᠬᠣᠷᠲᠠᠯ᠎ᠠ ᠰᠤᠮᠤ ᠶ᠋ᠢᠨ ᠶᠣᠤ ᠠᠶᠢᠯ ᠲᠣᠰᠬᠤᠨ  ᠤ ᠨᠢᠭᠡᠳᠦᠭᠡᠷ ᠱᠦᠵᠢ ᠶ᠋ᠢᠨ ᠲᠤᠰᠢᠶᠠᠯ ᠬᠠᠷᠢᠭᠤᠴᠠᠵᠤ ᠂ 2017 ᠣᠨ ᠤ 3 ᠰᠠᠷ᠎ᠠ ᠳ᠋ᠤ ᠬᠠᠷ᠎ᠠ ᠳᠡᠰᠭᠢ ᠭᠠᠴᠠᠭᠠᠨ ᠳ᠋ᠤ ᠰᠢᠯᠵᠢᠭᠦᠯᠦᠨ ᠨᠢᠭᠡᠳᠦᠭᠡᠷ ᠱᠦᠵᠢ ᠂ ᠲᠣᠰᠬᠤᠨ ᠳ᠋ᠤ ᠰᠠᠭᠤᠭ᠎ᠠ ᠠᠵᠢᠯᠯᠠᠬᠤ ᠠᠩᠭᠢ ᠶ᠋ᠢᠨ ᠳᠠᠷᠤᠭ᠎ᠠ  ᠪᠠᠷ ᠠᠵᠢᠯᠯᠠᠭᠤᠯᠵᠠᠢ ᠃
      ᠬᠠᠷ᠎ᠠ ᠳᠡᠰᠭᠢ ᠭᠠᠴᠠᠭ᠎ᠠ 4 ᠪᠠᠶᠢᠭᠠᠯᠢᠯᠢᠭ ᠲᠣᠰᠬᠤᠨ ᠢᠶᠠᠷ ᠪᠦᠷᠢᠯᠳᠦᠵᠦ 268 ᠡᠷᠦᠬᠡ 1005 ᠬᠦᠮᠦᠨ ᠠᠮᠠ ᠲᠠᠢ ᠂ ᠡᠭᠦᠨ ᠳ᠋ᠦ ᠳᠠᠩᠰᠠ ᠺᠠᠷᠲ ᠲᠠᠢ ᠶᠠᠳᠠᠭᠤ ᠡᠷᠦᠬᠡ 38  ᠪᠠᠶᠢᠵᠤ ᠶᠠᠳᠠᠭᠤ ᠬᠦᠮᠦᠨ ᠠᠮᠠ 117 ᠪᠤᠢ ᠃ ᠰᠦᠨ ᠱᠦᠵᠢ ᠭᠠᠴᠠᠭᠠᠨ ᠤ ᠶᠠᠳᠠᠭᠤ ᠡᠴᠠ ᠠᠩᠭᠢᠵᠢᠷᠠᠭᠤᠯᠬᠤ ᠰᠢᠪᠳᠤᠯᠤᠯᠲᠠ ᠶ᠋ᠢ ᠬᠦᠳᠡᠭᠡ ᠲᠣᠰᠬᠤᠨ ᠤ ᠰᠡᠷᠭᠦᠨ ᠮᠠᠨᠳᠤᠯᠲᠠ ᠶ᠋ᠢᠨ ᠪᠠᠶᠢᠯᠳᠤᠬᠤ ᠪᠣᠳᠤᠯᠭ᠎ᠠ ᠲᠠᠢ ᠨᠢᠬᠲᠠ ᠤᠶᠠᠯᠳᠤᠭᠤᠯᠤᠨ ︿ ︿ 6 ᠶ᠋ᠢ ᠴᠢᠩᠭ᠎ᠠ ᠠᠣᠨᠬᠤᠬᠤ ﹀ ﹀ ᠠᠵᠢᠯ ᠤᠨ ᠠᠷᠭ᠎ᠠ ᠵᠠᠮ ᠢ ᠬᠡᠷᠡᠭᠵᠢᠭᠦᠯᠦᠨ ᠠᠵᠢᠯ ᠢᠶᠡᠨ ᠪᠣᠳᠠᠲᠠᠢ ᠥᠷᠨᠢᠭᠦᠯᠵᠡᠢ ᠃ ᠳᠠᠷᠤᠢ ᠦᠨᠳᠦᠰᠦᠨ ᠱᠠᠳᠤᠨ ᠤ ᠨᠠᠮ ᠤᠨ ᠪᠠᠶᠢᠭᠤᠯᠤᠯᠲᠠ ᠶ᠋ᠢ  ᠠᠣᠨᠬᠤᠨ ᠵᠣᠬᠢᠶᠠᠨ ᠪᠠᠶᠢᠭᠤᠯᠤᠯᠲᠠ ᠶ᠋ᠢᠨ ᠪᠠᠳᠤᠯᠠᠭ᠎ᠠ ᠬᠠᠩᠭᠠᠬᠤ ᠶ᠋ᠢ ᠪᠠᠳᠤᠯᠠᠵᠠᠢ ᠂ ᠰᠠᠭᠤᠷᠢ ᠲᠥᠭᠦᠭᠡᠷᠦᠮᠵᠢ  ᠶ᠋ᠢ ᠠᠣᠨᠬᠤᠨ ᠭᠠᠳᠠᠭᠠᠳᠤ ᠨᠥᠭᠦᠴᠡᠯ ᠢ  ᠰᠠᠶᠢᠵᠢᠷᠠᠭᠤᠯᠵᠠᠢ ᠂ ᠣᠨᠴᠠᠯᠢᠬᠳᠣ ᠲᠠᠷᠢᠮᠠᠯ ᠲᠡᠵᠢᠭᠡᠪᠦᠷᠢ ᠶ᠋ᠢᠨ ᠤᠶᠢᠯᠡᠰ ᠢ ᠠᠣᠨᠬᠤᠨ ᠶᠠᠳᠠᠭᠤ ᠡᠴᠠ ᠠᠩᠭᠢᠵᠢᠷᠠᠨ ᠣᠷᠤᠯᠭ᠎ᠠ ᠪᠠᠨ ᠨᠡᠮᠡᠭᠳᠡᠭᠦᠯᠬᠦ ᠶ᠋ᠢ ᠠᠬᠢᠭᠤᠯᠵᠠᠢ  ᠂ ᠬᠠᠮᠳᠤ ᠶ᠋ᠢᠨ ᠠᠵᠤ ᠠᠬᠤᠢ ᠶ᠋ᠢ ᠠᠣᠨᠬᠤᠨ ᠶᠠᠳᠠᠭᠤ ᠡᠴᠠ ᠠᠩᠭᠢᠵᠢᠷᠠᠬᠰᠠᠨ ᠦᠷ᠎ᠡ ᠪᠦᠳᠦᠮᠵᠢ ᠶ᠋ᠢ ᠪᠡᠬᠢᠵᠢᠭᠦᠯᠵᠡᠢ ᠂ ᠣᠨᠤᠪᠴᠢᠲᠠᠢ ᠪᠠᠷ ᠶᠠᠳᠠᠭᠤ ᠶ᠋ᠢ ᠳᠡᠦᠨᠬᠦᠬᠦ ᠶ᠋ᠢ ᠠᠣᠨᠬᠤᠨ ᠳᠣᠳᠤᠭᠠᠳᠤ ᠬᠦᠴᠦᠨ ᠦ ᠳᠡᠭᠡᠭᠰᠢᠯᠡᠯᠲᠡ ᠶ᠋ᠢ ᠠᠬᠢᠭᠤᠯᠵᠠᠢ ᠂ ᠬᠠᠷᠠᠯᠲᠠ ᠲᠠᠢ ᠪᠠᠷ ᠵᠠᠰᠠᠯᠲᠠ ᠬᠢᠬᠦ ᠶ᠋ᠢ ᠠᠣᠨᠬᠤᠨ ᠶᠠᠳᠠᠭᠤ ᠡᠷᠦᠬᠡ ᠶ᠋ᠢᠨ ᠶᠠᠳᠠᠭᠤ ᠦᠨᠳᠦᠰᠦ ᠶ᠋ᠢ ᠠᠷᠢᠯᠭᠠᠵᠠᠢ ᠃ ᠲᠡᠷᠡ ᠪᠡᠷ ᠪᠠᠭ ᠢ ᠠᠣᠨᠬᠤᠨ ᠂ ᠡᠩᠨᠡᠭᠡ ᠪᠡᠨ ᠳᠠᠶᠢᠴᠢᠯᠠᠨ ᠂ ᠪᠡᠬᠢᠯᠡᠯᠲᠡ ᠶ᠋ᠢ ᠴᠢᠩᠭᠠᠣᠨᠬᠠᠬᠤ ᠡᠴᠠ ᠭᠠᠷᠳᠠᠨ ᠨᠠᠮ ᠤᠨ 19 ᠳ᠋ᠦ᠋ᠭᠡᠷ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠲᠣᠤᠱᠯᠠᠭᠤᠯᠤᠨ ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠬᠤᠪᠢ ᠪᠡᠶ᠎ᠡ ᠶ᠋ᠢᠨ ᠪᠦᠳᠦᠭᠡᠨ ᠪᠠᠶᠢᠭᠤᠯᠤᠯᠲᠠ ᠶ᠋ᠢ ᠬᠠᠪᠰᠤᠷᠤᠨ ᠵᠢᠯᠤᠭᠤᠣᠨᠴᠣ ᠂ ︿ ︿ ᠭᠤᠷᠪᠠᠨ ᠬᠤᠷᠠᠯ ᠨᠢᠭᠡ ᠬᠢᠴᠢᠶᠡᠯ ﹀ ﹀ ᠤᠨ ᠲᠥᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ ᠂ ᠨᠠᠮ ᠤᠨ ᠬᠡᠰᠢᠭᠦᠨ ᠶᠠᠳᠠᠭᠤ ᠡᠷᠦᠬᠡ ᠶ᠋ᠢ ᠬᠠᠪᠰᠤᠷᠬᠤ ᠲᠥᠷᠢᠮ ᠳᠣᠬᠲᠠᠭᠠᠵᠤ ᠂ ᠰᠢᠯᠢᠳᠡᠭ ᠨᠠᠮ ᠤᠨ ᠬᠡᠰᠢᠭᠦᠨ ᠵᠢᠱᠢᠶᠡᠴᠢ ᠮᠠᠯᠴᠢᠨ ᠲᠠᠷᠢᠶᠠᠴᠢᠨ ᠡᠷᠦᠬᠡ ᠶ᠋ᠢ ᠰᠢᠯᠭᠠᠷᠠᠭᠤᠯᠤᠨ ᠱᠠᠩᠨᠠᠨ ᠬᠥᠬᠢᠭᠦᠯᠬᠦ ᠶ᠋ᠢ ᠪᠠᠷᠢᠮᠲᠠᠯᠠᠵᠠᠢ ᠃ ᠬᠠᠮᠳᠤ ᠳ᠋ᠦ᠋ᠨᠢ ᠠᠵᠢᠯᠯᠠᠬᠤ ᠠᠩᠭᠢ ᠶ᠋ᠢᠨ ᠬᠡᠰᠢᠭᠦᠦᠨ ᠲᠤ ︿ ︿  ᠳᠣᠯᠤᠭ᠎ᠠ ᠪᠠᠶᠢᠬᠤ ﹀ ﹀ ᠱᠠᠭᠠᠷᠳᠠᠯᠭ᠎ᠠ ᠶ᠋ᠢ ᠬᠡᠷᠡᠭᠵᠢᠭᠦᠯᠵᠦ ᠂ ᠠᠵᠢᠯᠯᠠᠬᠤ ᠠᠩᠭᠢ ᠶ᠋ᠢᠨ ᠬᠠᠮᠢᠶᠠᠷᠤᠯᠲᠠ ᠪᠠᠨ ᠴᠢᠩᠭᠠᠣᠨᠬᠠᠵᠤ ᠂ ᠠᠵᠢᠯ ᠤᠨ ᠠᠬᠢᠴᠠ ᠶ᠋ᠢ ᠪᠠᠳᠤᠯᠠᠵᠠᠢ ᠃

      ᠰᠦᠨ ᠱᠦᠵᠢ ᠤᠷᠢᠳ ᠬᠣᠵᠢᠳ ᠵᠠᠮ ᠬᠠᠷᠢᠯᠴᠠᠭᠠᠨ ᠤ ᠰᠠᠯᠠᠭ᠎ᠠ ᠮᠦᠴᠢᠷ ᠲᠠᠢ ᠬᠠᠷᠢᠯᠴᠠᠨ 193.5 ᠲᠦᠮᠡᠨ ᠲᠥᠭᠦᠷᠢᠭ ᠵᠣᠬᠢᠴᠠᠭᠤᠯᠤᠨ ᠭᠠᠴᠠᠭᠠᠨ ᠳ᠋ᠤ 2 ᠵᠣᠷᠪᠤᠰ ᠱᠦᠢᠨᠢ ᠵᠠᠮ ᠵᠠᠰᠠᠨ ᠥᠭᠴᠡᠢ ᠂ ᠴᠠᠬᠢᠯᠭᠠᠨ ᠬᠦᠴᠦᠨ ᠦ ᠰᠠᠯᠠᠭ᠎ᠠ ᠮᠦᠴᠢᠷ ᠲᠠᠢ ᠬᠠᠷᠢᠯᠴᠠᠨ 600 ᠲᠦᠮᠡᠨ ᠲᠥᠭᠦᠷᠢᠭ ᠦᠨ  ᠪᠡᠯᠡ ᠣᠷᠤᠭᠤᠯᠤᠨ3 ᠠᠶᠢᠯ ᠤᠨ ᠠᠷᠠᠳ ᠤᠨ ᠲᠠᠷᠢᠶᠠᠯᠠᠩ ᠳ᠋ᠤ ᠬᠡᠷᠡᠭᠯᠡᠬᠦ ᠴᠠᠬᠢᠯᠭᠠᠨ ᠲᠣᠤᠷ ᠢ ᠥᠭᠡᠷᠡᠴᠢᠯᠡᠨ ᠰᠢᠨᠡᠦᠨᠬᠡᠵᠡᠢ ᠂ ᠥᠭᠡᠷᠡᠴᠢᠯᠡᠯᠲᠡ ᠬᠥᠭᠵᠢᠭᠦᠯᠦᠯᠲᠡ ᠪᠣᠯᠣᠨ ᠮᠠᠯ ᠲᠠᠷᠢᠶᠠᠯᠠᠩ ᠤᠨ ᠰᠠᠯᠠᠭ᠎ᠠ ᠮᠦᠴᠢᠷ ᠲᠠᠢ ᠬᠠᠷᠢᠯᠴᠠᠨ ᠪᠠᠷᠢᠮᠵᠢᠶᠠᠲᠤ ᠫᠸᠩ ᠰᠠᠷᠠᠪᠴᠢ ᠪᠠᠶᠢᠭᠤᠯᠤᠨ 256 ᠦᠨᠢᠶ᠎ᠡ ᠬᠣᠳᠠᠯᠳᠤᠨ ᠠᠪᠴᠤ ᠶᠠᠳᠠᠭᠤ ᠶ᠋ᠢ ᠳᠡᠦᠨᠬᠦᠪᠡ ᠃ ᠭᠠᠴᠠᠭ᠎ᠠ ᠲᠣᠰᠬᠤᠨ ᠤ ᠬᠠᠮᠳᠤ ᠶ᠋ᠢᠨ ᠠᠵᠤ ᠠᠬᠤᠢ ᠶ᠋ᠢᠨ ᠣᠷᠤᠯᠭ᠎ᠠ 19.2 ᠲᠦᠮᠡᠨ ᠲᠥᠭᠦᠷᠢᠭ ᠲᠦ ᠬᠦᠷᠴᠡᠢ ᠃ ᠪᠠᠢ ᠬᠣᠢ ᠲᠠᠩ  ᠡᠮ ᠦᠨ ᠮᠠᠲ᠋ᠸᠷᠢᠶᠠᠯ ᠤᠨ ᠺᠣᠮᠫᠠᠨᠢ ᠲᠠᠢ ᠭᠡᠷ᠎ᠡ ᠳᠣᠬᠲᠠᠨ 21 ᠡᠷᠦᠬᠡ ᠲᠠᠢ ᠳᠣᠭᠣᠯ ᠡᠪᠡᠰᠦ ᠲᠠᠷᠢᠬᠤ 400 ᠮᠦ ᠶ᠋ᠢᠨ ᠵᠥᠪᠳᠡᠯᠴᠡᠭᠡᠷ ᠳᠣᠬᠲᠠᠵᠠᠢ ᠃ 4 ᠠᠶᠢᠯ  ᠳ᠋ᠤ ᠰᠣᠶᠣᠯ ᠲᠠᠮᠢᠷ ᠤᠨ ᠠᠭᠤᠳᠠᠮ ᠲᠠᠯᠠᠪᠠᠢ ᠪᠠᠶᠢᠭᠤᠯᠤᠨ ᠥᠭᠴᠦ ᠪᠡᠶ᠎ᠡ ᠴᠢᠬᠢᠷᠠᠬᠵᠢᠭᠤᠯᠬᠤ ᠡᠩᠨᠡᠭᠡ ᠶ᠋ᠢ ᠵᠣᠬᠢᠶᠠᠨ ᠪᠠᠶᠢᠭᠤᠯᠵᠠᠢ ᠃ ᠬᠣᠲᠠ ᠶ᠋ᠢᠨ ᠡᠮᠨᠡᠯᠭᠡ ᠶ᠋ᠢᠨ ᠬᠣᠷᠢᠶ᠎ᠠ ᠲᠠᠢ ᠬᠠᠷᠢᠯᠴᠠᠨ ᠭᠠᠴᠠᠭᠠᠨ ᠳ᠋ᠤ ᠠᠯᠪᠠᠨ ᠵᠢᠷᠤᠮ ᠤᠨ ᠡᠮᠨᠡᠬᠦ ᠠᠵᠢᠯᠯᠠᠭᠠᠨ ᠥᠷᠨᠢᠭᠦᠯᠵᠦ 200 ᠭᠠᠷᠤᠢ ᠲᠣᠰᠬᠤᠨ ᠤ ᠠᠷᠠᠳ ᠠᠰᠢᠭ ᠬᠦᠷᠳᠡᠵᠡᠢ ᠃ ᠁

      3 ᠵᠢᠯ ᠲᠣᠰᠬᠤᠨ ᠳ᠋ᠤ ᠰᠠᠭᠤᠭ᠎ᠠ ᠰᠦᠨ ᠱᠦᠵᠢ ᠲᠣᠰᠬᠤᠨ ᠤ ᠠᠷᠠᠳ ᠣᠨᠴᠠᠭᠠᠶᠢᠯᠠᠨ ᠶᠠᠳᠠᠭᠤ ᠲᠦᠮᠡᠨ ᠲᠠᠢ ᠬᠠᠶᠢᠷ᠎ᠠ ᠰᠡᠦᠨᠬᠢᠯᠭᠡ ᠭᠦᠨ ᠪᠠᠶᠢᠵᠤ ᠬᠠᠯᠠᠮᠵᠢ ᠲᠤᠰᠠᠯᠠᠮᠵᠢ ᠬᠦᠷᠭᠡᠵᠦ ᠂ ᠣᠯᠠᠨ ᠲᠦᠮᠡᠨ ᠦ ᠬᠦᠷᠢᠶᠡᠯᠡᠯ  ᠬᠦᠨᠳᠦᠦᠨᠬᠡᠯ ᠢ ᠶᠡᠬᠡᠳᠡ ᠣᠯᠵᠠᠢ ᠃ ᠃ ᠡᠶᠢᠨᠬᠦ ᠰᠦᠨ ᠯᠢᠶᠠᠨ ᠲᠣᠤ ᠱᠦᠵᠢ ᠶ᠋ᠢᠨ ᠨᠢᠩᠵᠢᠨ ᠰᠡᠦᠨᠬᠢᠯ ᠨᠢᠮᠪᠠᠢ ᠠᠵᠢᠯᠯᠠᠭ᠎ᠠ ᠨᠡᠬᠡᠷᠡᠨ ᠮᠠᠬᠲᠠᠭᠠᠯᠲᠠᠢ  ᠠᠵᠢ ᠃


                                                  ᠯᠢ ᠪᠤᠶᠠᠨᠴᠤᠬᠯᠠ

ᠢᠷᠡᠯᠳᠡ᠄ ᠨᠠᠶᠢᠷᠠᠭᠤᠯᠤᠭᠴᠢ᠄