ᠮᠠᠨ ᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠪᠠ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ ᠨᠢ ᠦᠪᠡᠷᠲᠡᠭᠡᠨ ᠵᠠᠰᠠᠬᠤ ᠤᠷᠤᠨ ᠤ《 ᠵᠢᠱᠢᠶᠡᠴᠢ ᠠᠵᠢᠯᠴᠢᠨ ᠤ ᠭᠡᠷ 》 ᠢᠶᠠᠷ ᠨᠡᠷᠡᠢᠳᠡᠭᠳᠡᠪᠡ
ᠣᠩᠰᠢᠭᠰᠠᠨ ᠤᠳᠠᠭ᠎ᠠ ᠄ 4866
ᠨᠡᠶᠢᠳᠡᠯᠡᠭᠰᠡᠨ ᠴᠠᠭ ᠄ 2018/11/4 8:50:51
ᠤᠢᠷ᠎ᠠ ᠳᠤ ᠲᠦᠩᠯᠢᠶᠤᠤ ᠬᠤᠲᠠ ᠶᠢᠨ ᠶᠡᠷᠤᠩᠬᠡᠢ ᠠᠵᠢᠯᠴᠢᠨ ᠤ ᠡᠪᠯᠡᠯ ᠤᠨ ᠳᠡᠳ᠋ ᠪᠠᠢᠴᠠᠭᠠᠨ ᠰᠤᠳᠤᠯᠤᠭᠴᠢ᠂ ᠵᠤᠬᠢᠶᠠᠨ ᠪᠠᠢᠭᠤᠯᠬᠤ ᠬᠡᠯᠲᠦᠰ ᠤᠨ ᠳᠠᠷᠤᠭ᠎ᠠ ᠪᠠᠢ ᠰᠢᠶᠤᠤ ᠳ᠋ᠦᠩ᠂ ᠬᠤᠰᠢᠭᠤᠨ ᠤ ᠶᠡᠷᠦᠩᠬᠡᠢ ᠠᠵᠢᠯᠴᠢᠨ ᠤ ᠡᠪᠯᠡᠯ ᠤᠨ ᠲᠡᠷᠢᠭᠦᠯᠡᠭᠴᠢ ᠯᠢ ᠮᠣᠣ ᠶᠦᠨ ᠤ ᠪᠠᠷ᠎ᠠ ᠪᠡᠷ᠂ ᠦᠪᠡᠷᠲᠡᠭᠡᠨ ᠵᠠᠰᠠᠬᠤ ᠤᠷᠤᠨ ᠤ 《 ᠵᠢᠱᠢᠶᠡᠴᠢ ᠠᠵᠢᠯᠴᠢᠨ ᠤ ᠭᠡᠷ》 ᠤᠨ ᠫᠠᠢᠢᠰᠠ ᠶᠢ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠪᠠ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ ᠳᠤ ᠭᠠᠷᠲᠠᠭᠤᠯᠪᠠ᠃
ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠪᠠ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ ᠤᠨ ᠬᠢᠨ᠂ ᠲᠤᠬᠠᠢᠯᠠᠭᠰᠠᠨ ᠠᠵᠢᠯ ᠢᠶᠠᠨ ᠲᠦᠯᠬᠢᠨ ᠠᠬᠢᠭᠤᠯᠬᠤ ᠶᠢᠨ ᠬᠠᠮᠳᠤᠲᠠ᠂ ᠦᠷᠭᠡᠨ ᠤᠯᠠᠨ ᠡᠮ ᠡᠮᠨᠡᠯᠭᠡ ᠶᠢᠨ ᠠᠵᠢᠯᠲᠠᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠡᠯ᠎ᠡ ᠵᠦᠢᠯ ᠤᠨ ᠬᠦᠳᠡᠯᠭᠡᠭᠡᠨ ᠢ ᠢᠳᠡᠪᠬᠢᠲᠡᠢ ᠦᠷᠨᠢᠭᠦᠯᠦᠨ᠂ ᠠᠵᠢᠯᠲᠠᠳ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠨᠡ ᠬᠦ 《 ᠶᠡᠬᠡ ᠭᠡᠷ ᠪᠦᠯᠢ》 ᠶᠢᠨ ᠬᠡᠨ ᠬᠡᠨ ᠡᠴᠡ ᠪᠠᠨ ᠴᠦ ᠰᠠᠯᠵᠤ ᠪᠤᠯᠤᠰᠢ ᠦᠭᠡᠢ ᠬᠠᠮᠲᠤ ᠶᠢᠨ ᠬᠦᠴᠦᠨ ᠢ ᠨᠢᠭᠲᠠᠷᠠᠭᠤᠯᠤᠭᠰᠠᠨ ᠡᠴᠡ ᠤᠷᠴᠢᠮ ᠤᠨ ᠬᠡᠳᠤᠨ ᠵᠢᠯ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠪᠠ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ ᠤᠨ ᠡᠯ᠎ᠡ ᠵᠦᠢᠯ ᠤᠨ ᠠᠵᠢᠯ ᠳᠡᠭᠡᠳᠦ ᠱᠠᠲᠤᠨ ᠤ ᠰᠠᠢᠰᠢᠶᠠᠯ ᠬᠦᠬᠢᠭᠦᠯᠡᠯ ᠢ ᠤᠯᠤᠭᠰᠠᠭᠠᠷ ᠢᠷᠡᠵᠡᠢ᠃ ᠨᠡᠩ ᠢᠯᠠᠩᠭᠤᠶ᠎ᠠ ᠲᠤᠰ ᠤᠳᠠᠭ᠎ᠠ ᠦᠪᠡᠷᠲᠡᠭᠡᠨ ᠵᠠᠰᠠᠬᠤ ᠤᠷᠤᠨ ᠤ 《 ᠵᠢᠱᠢᠶᠡᠴᠢ ᠠᠵᠢᠯᠴᠢᠨ ᠤ ᠭᠡᠷ》 ᠢᠶᠠᠷ ᠨᠷᠡᠢᠳᠡᠭᠳᠡᠭᠰᠡᠨ ᠨᠢ ᠲᠡᠳᠡ ᠨᠠᠷ ᠤᠨ ᠦᠩᠭᠡᠷᠡᠭᠰᠡᠨ ᠤ ᠠᠵᠢᠯ ᠢ ᠨᠢ ᠨᠤᠲᠠᠯᠠᠵᠤ᠂ ᠬᠤᠢᠰᠢᠲᠠ ᠶᠢᠨ ᠠᠵᠢᠯ ᠢ ᠨᠢ ᠠᠬᠢᠭᠤᠯᠬᠤ ᠨᠢ ᠳᠠᠮᠵᠢᠭ ᠦᠭᠡᠢ ᠶᠤᠮ᠃
ᠪᠠᠶᠠᠨᠵᠢᠷᠭᠠᠯ
ᠢᠷᠡᠯᠳᠡ᠄
ᠨᠠᠶᠢᠷᠠᠭᠤᠯᠤᠭᠴᠢ᠄
ᠳᠤᠯᠠᠭᠠᠨ