ᠨᠠᠢᠮᠠᠨ ᠬᠤᠰᠢᠭᠤ ᠶᠠᠳᠠᠭᠤ ᠡᠴᠠ ᠠᠩᠭᠢᠵᠢᠷᠠᠭᠤᠯᠬᠤ ᠨᠢᠭᠡᠳᠦᠭᠡᠷ ᠹᠷᠤᠨᠲ ᠲᠤ ᠺᠠᠳ᠋ᠷ ᠢ ᠢᠳᠡᠪᠬᠢᠲᠡᠢ ᠪᠣᠯᠪᠠᠰᠤᠷᠠᠭᠤᠯᠤᠨ ᠬᠦᠮᠦᠵᠢᠭᠦᠯᠵᠦ ᠪᠠᠶᠢᠨ᠎ᠠ

ᠣᠩᠰᠢᠭᠰᠠᠨ ᠤᠳᠠᠭ᠎ᠠ ᠄ 1578     ᠨᠡᠶᠢᠳᠡᠯᠡᠭᠰᠡᠨ ᠴᠠᠭ ᠄ 2018/11/6 10:16:06

      ᠶᠠᠳᠠᠭᠤ ᠡᠴᠠ ᠠᠩᠭᠢᠵᠢᠷᠠᠭᠤᠯᠬᠤ ᠰᠢᠪᠳᠤᠯᠤᠯᠲᠠ ᠶ᠋ᠢᠨ ᠳᠠᠶᠢᠯᠠᠯᠳᠤᠭᠠᠨ ᠥᠷᠨᠢᠭᠰᠡᠨ ᠡᠴᠡ ᠨᠠᠰᠢ ᠂ ᠨᠠᠢᠮᠠᠨ ᠬᠤᠰᠢᠭᠤ ᠨᠡᠶᠢᠲᠡ 1289 ᠲᠣᠰᠬᠤᠨ ᠳ᠋ᠤ ᠰᠠᠭᠤᠭ᠎ᠠ ᠺᠠᠳ᠋ᠷ ᠢ ᠵᠣᠬᠢᠶᠠᠨ ᠪᠠᠶᠢᠭᠤᠯᠤᠨ 363 ᠠᠵᠢᠯᠯᠠᠬᠤ ᠠᠩᠭᠢ ᠬᠤᠪᠢᠶᠠᠵᠤ ᠂ ᠪᠦᠬᠦ ᠬᠤᠰᠢᠭᠤᠨ ᠤ 355 ᠵᠠᠰᠠᠭ ᠵᠠᠬᠢᠷᠭᠠᠨ ᠤ ᠭᠠᠴᠠᠭ᠎ᠠ ᠲᠣᠰᠬᠤᠨ 8 ᠬᠤᠪᠢᠶᠠᠷᠢ ᠲᠠᠯᠠᠪᠠᠢ ᠳ᠋ᠤ ᠲᠣᠮᠢᠯᠠᠨ ᠪᠦᠬᠦᠨ ᠢ ᠪᠦᠷᠬᠦᠭᠦᠯᠵᠡᠢ ᠃ ᠠᠵᠢᠯᠯᠠᠬᠤ ᠠᠩᠭᠢ ᠶ᠋ᠢᠨ ᠬᠡᠰᠢᠭᠦᠦᠨ ᠪᠣᠯᠣᠨ ᠦᠨᠳᠦᠰᠦᠨ ᠱᠠᠳᠤᠨ ᠤ ᠺᠠᠳ᠋ᠷ ᠢ ᠪᠦᠯᠦᠭ ᠬᠤᠪᠢᠶᠠᠨ ᠪᠣᠯᠪᠠᠰᠤᠷᠠᠭᠤᠯᠬᠤ ᠪᠠ ᠲᠥᠪᠯᠡᠷᠡᠭᠦᠯᠦᠨ ᠪᠣᠯᠪᠠᠰᠤᠷᠠᠭᠤᠯᠬᠤ ᠶ᠋ᠢ ᠤᠶᠠᠯᠳᠤᠭᠤᠯᠤᠨ 351 ᠲᠠᠯᠠᠪᠠᠢ ᠤᠳᠠᠭ᠎ᠠ ᠪᠣᠯᠪᠠᠰᠤᠷᠠᠭᠤᠯᠵᠤ 37511 ᠬᠦᠮᠦᠨ ᠤᠳᠠᠭ᠎ᠠ ᠳ᠋ᠤ ᠪᠣᠯᠪᠠᠰᠤᠷᠠᠯ ᠬᠦᠷᠲᠡᠭᠡᠵᠡᠢ ᠃ ᠨᠢᠭᠡᠳᠦᠭᠡᠷ ᠹᠷᠤᠨᠲ ᠤᠨ ᠶᠠᠳᠠᠭᠤ ᠡᠴᠠ ᠠᠩᠭᠢᠵᠢᠷᠠᠭᠤᠯᠬᠤ ᠰᠢᠪᠳᠤᠯᠤᠯᠲᠠ ᠳᠣᠮᠳᠠ104 ᠨᠡᠷᠡᠰ ᠺᠠᠳ᠋ᠷ ᠢ ᠳᠡᠪᠰᠢᠭᠦᠯᠦᠨ ᠬᠡᠷᠡᠭᠯᠡᠵᠡᠢ ᠃ ᠳᠠᠭᠠᠤ ᠳ᠋ᠦ᠋ᠨᠢ 20 ᠲᠡᠷᠢᠭᠦᠨ ᠦ ᠦᠨᠳᠦᠰᠦᠨ ᠱᠠᠳᠤᠨ ᠤ ᠵᠣᠬᠢᠶᠠᠨ ᠪᠠᠶᠢᠭᠤᠯᠤᠯᠲᠠ ᠂ 20 ᠨᠡᠷᠡᠰ ᠰᠢᠯᠢᠳᠡᠭ ᠨᠠᠮ ᠤᠨ   ᠱᠦᠵᠢ ᠂ 38 ᠰᠢᠯᠢᠳᠡᠭ ᠲᠣᠰᠬᠤᠨ ᠳ᠋ᠤ ᠰᠠᠭᠤᠭ᠎ᠠ ᠺᠠᠳ᠋ᠷ ᠢ ᠰᠢᠯᠭᠠᠷᠠᠭᠤᠯᠤᠨ ᠰᠤᠩᠭᠤᠵᠤ ᠲᠤᠩᠬᠠᠬᠯᠠᠨ ᠰᠠᠶᠢᠰᠢᠶᠠᠵᠠᠢ ᠃        

                                    ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ