ᠨᠠᠢᠮᠠᠨ ᠬᠤᠰᠢᠭᠤᠨ ᠤ ᠠᠷᠠᠳ ᠤᠨ ᠴᠠᠬᠳᠠᠭ᠎ᠠ ᠨᠠᠷ ᠶᠠᠳᠠᠭᠤ ᠶ᠋ᠢ ᠳᠡᠦᠨᠬᠦᠬᠦ ᠨᠢᠭᠡᠳᠦᠭᠡᠷ ᠹᠷᠤᠨᠲ ᠲᠤ

ᠣᠩᠰᠢᠭᠰᠠᠨ ᠤᠳᠠᠭ᠎ᠠ ᠄ 32363     ᠨᠡᠶᠢᠳᠡᠯᠡᠭᠰᠡᠨ ᠴᠠᠭ ᠄ 2018/11/8 15:06:26

      ᠣᠨᠤᠪᠴᠢᠲᠠᠢ ᠪᠠᠷ ᠶᠠᠳᠠᠭᠤ ᠶ᠋ᠢ ᠳᠡᠦᠨᠬᠦᠬᠦ ᠠᠵᠢᠯᠯᠠᠭ᠎ᠠ ᠥᠷᠨᠢᠭᠰᠡᠨ ᠡᠴᠡ ᠨᠠᠰᠢ ᠂ ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠳᠣᠪᠴᠢᠶ᠎ᠠ ᠶ᠋ᠢᠨ ᠬᠢᠨ ᠴᠠᠬᠳᠠᠭ᠎ᠠ ᠨᠠᠷ ᠢᠶᠡᠨ ᠵᠣᠬᠢᠶᠠᠨ ᠪᠠᠶᠢᠭᠤᠯᠤᠨ ᠪᠣᠳᠠᠲᠠᠢ ᠳ᠋ᠤ ᠰᠠᠭᠤᠷᠢᠯᠠᠨ ᠬᠦᠴᠦᠨ ᠢᠶ᠋ᠡᠨ ᠬᠠᠮᠳᠣᠣᠨᠬᠠᠨ ᠶᠠᠳᠠᠭᠤ ᠶ᠋ᠢ ᠳᠡᠦᠨᠬᠦᠨ ᠪᠠᠶᠠᠵᠢᠯ ᠤᠨ ᠵᠠᠮ ᠬᠠᠶᠢᠬᠤ ᠳ᠋ᠤ ᠬᠤᠰᠢᠭᠤᠴᠢ ᠵᠢᠱᠢᠶᠡᠴᠢ ᠤᠶᠢᠯᠡᠳᠦᠯ ᠦᠵᠡᠭᠦᠯᠦᠨ ᠵᠠᠪ ᠴᠢᠯᠦᠭᠡ ᠦᠭᠡᠢ ᠭᠠᠷᠭᠠᠮᠠᠶᠢᠯᠠᠨ ᠳᠡᠮᠡᠴᠡᠵᠦ ᠮᠣᠩᠭᠠᠨᠢᠨ ᠠᠵᠢᠯᠯᠠᠵᠤ ᠪᠤᠢ ᠃
      ᠥ ᠭᠤᠸᠠᠩ ᠢᠦᠢ ᠂ ᠸᠠᠩ ᠢᠦᠢ ᠬᠤᠸᠠ ᠂ ᠶᠡᠩ ᠭᠥᠢ  ᠽᠦᠩ ᠂ ᠢᠦᠢ ᠰᠢᠦᠸᠡᠢ ᠮᠢᠨ ᠢᠶᠠᠷ ᠪᠦᠷᠢᠯᠳᠦᠭᠰᠡᠨ ᠰᠢᠷᠠᠬᠣᠭᠤᠯᠠᠢ ᠪᠠᠯᠭᠠᠰᠤᠨ ᠤ ᠭᠤᠷᠪᠠᠨ ᠭᠡᠷ ᠲᠣᠰᠬᠤᠨ ᠳ᠋ᠤ ᠰᠠᠭᠤᠭ᠎ᠠ ᠠᠵᠢᠯᠯᠠᠬᠤ ᠠᠩᠭᠢ ᠨᠢ ᠲᠣᠰᠬᠤᠨ ᠤ ᠪᠣᠳᠠᠲᠠᠢ ᠡᠴᠠ ᠡᠭᠦᠰᠦᠨ ᠲᠡᠵᠢᠭᠡᠪᠦᠷᠢ ᠶ᠋ᠢᠨ ᠤᠶᠢᠯᠡᠰ ᠢ ᠶᠡᠬᠡᠪᠡᠷ ᠬᠥᠭᠵᠢᠭᠦᠯᠬᠦ ᠲᠥᠷᠥᠯ ᠵᠦᠢᠯ ᠢ ᠬᠡᠷᠡᠭᠵᠢᠭᠦᠯᠵᠦ ᠂ 59 ᠶᠠᠳᠠᠭᠤ ᠡᠷᠦᠬᠡ ᠶ᠋ᠢ ᠲᠡᠵᠢᠭᠡᠪᠦᠷᠢ ᠶ᠋ᠢᠨ ᠤᠶᠢᠯᠡᠰ ᠡᠷᠬᠢᠯᠡᠭᠦᠯᠵᠦ ᠂ 2 ᠡᠷᠦᠬᠡ ᠶ᠋ᠢ ᠲᠣᠰᠬᠤᠨ ᠤ ᠲᠡᠰ ᠦᠨ ᠲᠡᠵᠢᠭᠡᠪᠦᠷᠢ ᠶ᠋ᠢᠨ ᠡᠷᠦᠬᠡ ᠳ᠋ᠦ ᠬᠤᠪᠢ ᠣᠷᠤᠭᠤᠯᠤᠨ 2 ᠡᠷᠦᠬᠡ ᠶ᠋ᠢ ᠪᠠᠯᠭᠠᠰᠤᠨ ᠤ ᠲᠡᠰ ᠦᠨ ᠲᠣᠯᠤᠭᠠᠶᠢᠯᠠᠬᠴᠢ ᠠᠵᠤ ᠠᠬᠤᠶᠢᠯᠠᠯ ᠳ᠋ᠤ ᠬᠤᠪᠢ ᠣᠷᠤᠭᠤᠯᠵᠠᠢ ᠃ ᠬᠠᠮᠳᠤ ᠳ᠋ᠦ᠋ᠨᠢ 3 ᠶᠠᠳᠠᠭᠤ ᠡᠷᠦᠬᠡ ᠶ᠋ᠢᠨ ᠢᠳᠡᠬᠦ ᠤᠰᠤᠨ ᠤ ᠠᠰᠠᠭᠤᠳᠠᠯ ᠢ ᠰᠢᠢᠦᠨᠪᠦᠷᠢᠯᠡᠨ ᠂ ᠬᠠᠭᠤᠴᠢᠨ  ᠡᠪᠡᠦᠨᠴᠢᠨ ᠲᠠᠢ 4 ᠶᠠᠳᠠᠭᠤ ᠡᠷᠦᠬᠡ ᠶ᠋ᠢ ᠠᠪᠤᠷᠠᠨ ᠳᠡᠦᠨᠬᠦᠵᠡᠢ ᠃ 8000 ᠲᠥᠭᠦᠷᠢᠭ ᠭᠠᠷᠭᠠᠨ ᠭᠤᠷᠪᠠᠨ ᠭᠡᠷ ᠲᠣᠰᠬᠤᠨ ᠤ ᠠᠬᠠᠮᠠᠳ ᠨᠠᠮ ᠤᠨ ᠬᠡᠰᠢᠭᠦᠨ ᠠᠬᠠᠮᠠᠳ ᠺᠠᠳ᠋ᠷ ᠢ ᠪᠣᠯᠭᠤᠭᠠᠨ ᠲᠣᠬᠣᠨᠢᠭᠤᠯᠵᠠᠢ ᠃ ᠮᠢᠩᠷᠸᠨ ᠰᠤᠮᠤ ᠶ᠋ᠢᠨ ᠯᠣᠤᠰ ᠤᠨ ᠲᠥᠩ ᠭᠠᠴᠠᠭᠠᠨ ᠳ᠋ᠤ ᠰᠠᠭᠤᠭ᠎ᠠ ᠨᠢᠭᠡᠳᠦᠭᠡᠷ ᠱᠦᠵᠢ ᠪᠣᠣ ᠾᠢ ᠵᠢᠶᠠᠨ ᠵᠡᠮᠳᠡᠭ ᠡᠪᠡᠦᠨᠴᠢᠲᠡᠨ ᠬᠤᠸᠠᠩ ᠨᠠᠰᠤᠲᠠᠨ ᠳ᠋ᠤ ᠵᠡᠮᠳᠡᠭ ᠳᠡᠮᠳᠡᠭ ᠭᠡᠷᠡᠴᠢ ᠶ᠋ᠢ ᠨᠢ ᠰᠢᠢᠦᠨᠪᠦᠷᠢᠯᠡᠨ ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠠᠢ  ᠬᠠᠷᠢᠯᠴᠠᠨ ᠬᠦᠷᠳᠡᠳᠦ ᠰᠠᠨᠳᠠᠯᠢ ᠲᠣᠬᠢᠷᠠᠭᠤᠯᠤᠨ ᠥᠭᠴᠡᠢ ᠃ 1.4 ᠲᠦᠮᠡᠨ ᠬᠡᠰᠡᠭ ᠲᠤᠭᠤᠰᠬ᠎ᠠ ᠣᠯᠵᠤ ᠨᠠᠰᠤᠲᠠᠶᠢᠴᠤᠳ ᠤᠨ ᠬᠦᠷᠢᠶ᠎ᠡ ᠶ᠋ᠢ ᠵᠠᠰᠠᠨ ᠰᠢᠨᠡᠦᠨᠬᠡᠵᠡᠢ ᠃ ᠪᠣᠣ ᠠᠨ ᠲᠣᠰᠬᠤᠨ ᠳ᠋ᠤ ᠰᠠᠭᠤᠭ᠎ᠠ ᠨᠢᠭᠡᠳᠦᠭᠡᠷ ᠱᠦᠵᠢ ᠬᠡᠦ ᠵᠠᠨ ᠵᠢᠶᠦ᠋ᠨ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠷᠢᠯᠴᠠᠨ ᠲᠣᠰᠬᠤᠨ ᠤ ᠲᠥᠭᠡᠬᠡᠯ ᠤᠰᠤᠨ ᠤ ᠬᠠᠩᠭᠠᠯᠭ᠎ᠠ ᠴᠠᠭ ᠲᠣᠬᠠᠢ ᠳ᠋ᠦ᠋ᠨᠢ ᠭᠦᠢᠴᠡᠳ ᠦᠭᠡᠢ ᠠᠰᠠᠭᠤᠳᠠᠯ ᠢ ᠰᠢᠢᠦᠨᠪᠦᠷᠢᠯᠡᠬᠦ ᠶ᠋ᠢᠨ ᠬᠠᠮᠳᠤ ᠲᠣᠰᠬᠤᠨ ᠳ᠋ᠤ ᠪᠦᠵᠢᠭ ᠦᠨ ᠶᠡᠬᠡ ᠲᠠᠶᠢᠰᠠ ᠪᠠᠶᠢᠭᠤᠯᠤᠨ ᠥᠭᠪᠡ ᠃ ᠾᠢ ᠠᠨ ᠪᠠᠯᠭᠠᠰᠤ ᠶ᠋ᠢᠨ ᠴᠠᠭᠠᠨ ᠬᠣᠭᠤᠯᠠᠢ ᠲᠣᠰᠬᠤᠨ ᠳ᠋ᠤ ᠰᠠᠭᠤᠭ᠎ᠠ ᠨᠢᠭᠡᠳᠦᠭᠡᠷ ᠱᠦᠵᠢ ᠴᠤ ᠵᠢᠶ᠋ᠸ ᠴᠢᠩ ᠶᠡᠬᠡ ᠬᠦᠴᠦ ᠵᠠᠷᠤᠴᠠᠭᠤᠯᠤᠨ ᠲᠣᠰᠬᠤᠨ ᠤ ᠵᠥᠪᠯᠡᠯ ᠦᠨ ᠠᠯᠪᠠᠯᠠᠬᠤ ᠣᠷᠴᠢᠨ ᠨᠥᠭᠦᠴᠡᠯ ᠢ ᠰᠠᠶᠢᠵᠢᠷᠠᠭᠤᠯᠤᠨ ᠂ ᠲᠣᠰᠬᠤᠨ ᠤ ᠵᠥᠪᠯᠡᠯ ᠳ᠋ᠦ ᠨᠠᠮ ᠪᠠᠶᠢᠭᠤᠯᠤᠬᠳᠠᠬᠰᠠᠨ ᠰᠣᠶᠣᠯ ᠤᠨ ᠤᠷᠳᠤ ᠬᠤᠩᠭᠢᠯ ᠪᠠᠶᠢᠭᠤᠯᠵᠠᠢ ᠃ ᠪᠠᠰᠠ ᠪᠡᠯᠡ ᠮᠥᠩᠭᠥ ᠵᠣᠬᠢᠴᠠᠭᠤᠯᠤᠨ ᠲᠠᠮᠢᠷ ᠤᠨ ᠬᠡᠷᠡᠭᠰᠡᠯ ᠠᠪᠬᠤ ᠶ᠋ᠢᠨ ᠳᠠᠭᠠᠤ ᠰᠠᠬᠰᠤᠨ ᠪᠥᠮᠪᠦᠭᠡ ᠂ ᠦᠳᠥᠨ ᠪᠥᠮᠪᠦᠭᠡ ᠂ ᠫᠢᠩᠫᠠᠩ ᠪᠥᠮᠪᠦᠭᠡ ᠵᠡᠷᠭᠡ ᠲᠠᠯᠠᠪᠠᠢ ᠪᠠᠶᠢᠭᠤᠯᠵᠤ ᠂ ᠲᠣᠰᠬᠤᠨ ᠤ ᠠᠷᠠᠳ ᠤᠨ ᠪᠡᠶ᠎ᠡ ᠴᠢᠬᠢᠷᠠᠬᠵᠢᠭᠤᠯᠬᠤ ᠰᠡᠯᠡᠭᠦᠴᠡᠨ ᠨᠠᠶᠢᠷᠯᠠᠯᠳᠤᠨ ᠪᠦᠵᠢᠭᠯᠡᠵᠦ ᠲᠣᠬᠯᠠᠬᠣ ᠳ᠋ᠤ ᠳᠣᠬᠢᠲᠠᠢ ᠰᠠᠶᠢᠬᠠᠨ ᠠᠰᠢᠬᠲᠠᠢ ᠨᠥᠭᠦᠴᠡᠯ ᠢ ᠬᠠᠩᠭᠠᠵᠠᠢ ᠃ ᠪᠠᠷᠠᠭᠤᠨ ᠬᠤᠯᠤᠰᠤᠲᠠᠢ ᠭᠠᠴᠠᠭᠠᠨ ᠳ᠋ᠤ ᠰᠠᠭᠤᠭ᠎ᠠ ᠠᠵᠢᠯᠯᠠᠬᠤ ᠠᠩᠭᠢ ᠶ᠋ᠢᠨ ᠬᠡᠰᠢᠭᠦᠨ ᠯᠢ ᠴᠢᠩ ᠡᠾᠸ ᠲᠣᠰᠬᠤᠨ ᠢ ᠬᠠᠪᠰᠤᠷᠤᠨ ︿ ︿ ᠬᠠᠶᠢᠷ᠎ᠠ ᠬᠠᠯᠠᠮᠵᠢᠳᠤ ᠬᠡᠳᠦ ᠳᠡᠯᠭᠡᠭᠦᠷ ﹀ ﹀ ᠪᠠᠶᠢᠭᠤᠯᠤᠨ ᠨᠡᠶᠢᠭᠡᠮ ᠦᠨ ᠡᠯ᠎ᠡ ᠡᠲᠡᠭᠡᠳ ᠦᠨ ᠬᠠᠶᠢᠷ᠎ᠠ ᠰᠡᠦᠨᠬᠢᠯᠳᠦ ᠬᠦᠮᠦᠰ ᠢ ᠤᠷᠢᠶᠠᠯᠠᠨ ᠡᠳ᠋ ᠮᠥᠩᠭᠥ ᠬᠣᠷᠠᠮᠳᠤᠭᠤᠯᠤᠨ ᠶᠠᠳᠠᠭᠤ ᠶ᠋ᠢ ᠢᠳᠡᠪᠬᠢᠲᠡᠢ ᠳᠡᠦᠨᠬᠦᠨ ᠳᠡᠮᠵᠢᠵᠡᠢ ᠃ ᠭᠣᠷᠪᠠᠨᠬᠤᠸᠠ ᠰᠤᠮᠤ ᠶ᠋ᠢᠨ ᠦᠯᠦᠩᠲᠠᠢ ᠭᠠᠴᠠᠭᠠᠨ ᠳ᠋ᠤ ᠰᠠᠭᠤᠭ᠎ᠠ ᠠᠵᠢᠯᠯᠠᠬᠤ ᠠᠩᠭᠢ ᠶ᠋ᠢᠨ ᠬᠡᠰᠢᠭᠦᠨ ᠸᠠᠩ ᠺᠦᠢ ᠂ ᠳ᠋ᠦᠩᠮᠢᠩ ᠪᠠᠯᠭᠠᠰᠤᠨ ᠤ ᠪᠠᠭ᠎ᠠ ᠵᠡᠭᠡᠷᠭᠡᠨ ᠲᠠᠯᠠᠩ ᠳ᠋ᠤ ᠰᠠᠭᠤᠭ᠎ᠠ ᠠᠵᠢᠯᠯᠠᠬᠤ ᠠᠩᠭᠢ ᠶ᠋ᠢᠨ ᠬᠡᠰᠢᠭᠦᠨ ᠵᠢᠶᠡ ᠶᠢᠦ ᠁ ᠵᠡᠷᠭᠡ ᠲᠡᠳᠡᠨᠦᠰ ᠴᠦᠮ ᠠᠵᠢᠯ ᠡᠭᠦᠷᠭᠡ ᠪᠡᠨ ᠥᠩᠭᠡ ᠭᠠᠷᠲᠠᠯ᠎ᠠ ᠭᠢᠯᠠᠯᠵᠠᠮ᠎ᠠ ᠪᠡᠶᠡᠯᠡᠭᠦᠯᠵᠦ ᠂ ᠣᠯᠠᠨ ᠲᠦᠮᠡᠨ ᠦ ᠮᠠᠬᠲᠠᠭᠠᠯ ᠰᠠᠶᠢᠰᠢᠶᠠᠯ ᠢ ᠣᠯᠵᠤ ᠪᠠᠶᠢᠨ᠎ᠠ ᠃        

                                   ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ