ᠳᠠᠴᠢᠨᠲᠠᠯ᠎ᠠ ᠪᠠᠯᠭᠠᠰᠤ ᠶ᠋ᠢᠨ ᠬᠣᠲᠠ ᠲᠣᠭᠤᠷᠢᠭ ᠤᠨ ᠵᠠᠮ ᠨᠡᠪᠲᠡᠷᠡᠯᠭᠡ ᠶ᠋ᠢᠨ ᠨᠥᠭᠦᠴᠡᠯ ᠶᠡᠬᠡᠪᠡᠷ ᠰᠠᠶᠢᠵᠢᠷᠠᠪᠠ

ᠣᠩᠰᠢᠭᠰᠠᠨ ᠤᠳᠠᠭ᠎ᠠ ᠄ 1262     ᠨᠡᠶᠢᠳᠡᠯᠡᠭᠰᠡᠨ ᠴᠠᠭ ᠄ 2018/11/10 15:52:09

      ᠡᠨᠡ ᠵᠢᠯ ᠂ ᠨᠠᠢᠮᠠᠨ ᠬᠤᠰᠢᠭᠤ ᠵᠠᠮ ᠱᠣᠭᠤᠮ ᠤᠨ ᠪᠦᠳᠦᠭᠡᠨ ᠪᠠᠶᠢᠭᠤᠯᠤᠯᠲᠠ ᠳ᠋ᠤ 2.6 ᠳ᠋ᠦᠩᠰᠢᠭᠤᠷ ᠪᠡᠯᠡ ᠣᠷᠤᠭᠤᠯᠤᠨ ᠂ ᠳᠠᠴᠢᠨᠲᠠᠯ᠎ᠠ ᠶ᠋ᠢᠨ ᠬᠣᠲᠠ ᠶ᠋ᠢᠨ ᠵᠠᠮ ᠢ 2 ᠵᠣᠷᠪᠤᠰ ᠥᠭᠡᠷᠡᠴᠢᠯᠡᠨ ᠵᠠᠰᠠᠵᠤ 11 ᠵᠣᠷᠪᠤᠰ ᠵᠠᠮ ᠢ ᠰᠢᠨ᠎ᠡ ᠪᠡᠷ ᠵᠠᠰᠠᠵᠤ ᠂ 3 ᠵᠣᠷᠪᠤᠰ ᠵᠠᠮ ᠢ ᠨᠡᠪᠲᠡᠷᠡᠭᠦᠯᠵᠡᠢ ᠃ ᠮᠦᠨ ᠴᠤ ᠤᠰᠤ ᠭᠠᠳᠠᠬᠰᠢᠯᠠᠭᠤᠯᠬᠤ ᠬᠣᠭᠤᠯᠠᠢ ᠲᠣᠤᠷ ᠤᠨ ᠲᠥᠭᠦᠭᠡᠷᠦᠮᠵᠢ ᠶ᠋ᠢ ᠰᠢᠨᠡᠦᠨᠬᠡᠵᠡᠢ ᠃ ᠣᠳᠣᠬᠠᠨ ᠳ᠋ᠤ ᠳᠠᠴᠢᠨᠲᠠᠯ᠎ᠠ ᠪᠠᠯᠭᠠᠰᠤᠨ ᠤ ᠭᠣᠤᠯ ᠬᠣᠲᠠ ᠲᠣᠭᠤᠷᠢᠭ ᠲᠤ ᠨᠢᠭᠡᠨᠲᠡ ᠰᠢᠭᠤᠳ ᠂ ᠲᠥᠭᠦᠮ ᠂ ᠥᠨᠳᠦᠷ ᠦᠷ᠎ᠡ ᠠᠰᠢᠬᠳᠣ ᠬᠣᠲᠠ ᠶ᠋ᠢᠨ ᠵᠠᠮ ᠨᠡᠪᠲᠡᠷᠡᠯᠭᠡ ᠶ᠋ᠢᠨ ᠲᠣᠤᠷ ᠢ ᠪᠦᠷᠢᠯᠳᠦᠭᠦᠯᠵᠠᠢ ᠃ ᠨᠠᠢᠮᠠᠨ ᠬᠤᠰᠢᠭᠤᠨ ᠤ ᠣᠷᠣᠨ ᠰᠠᠭᠤᠴᠠ ᠪᠦᠳᠦᠭᠡᠨ ᠪᠠᠶᠢᠭᠤᠯᠤᠯᠲᠠ ᠶ᠋ᠢᠨ ᠲᠣᠪᠴᠢᠶᠠᠨ ᠤ ᠠᠵᠢᠯᠲᠠᠨ ᠽᠦᠢ  ᠯᠢᠮᠢᠩ  ᠄ ︿ ︿ ᠬᠣᠲᠠ ᠶ᠋ᠢᠨ ᠶᠠᠪᠤᠳᠠᠯ ᠤᠨ ᠵᠠᠮ ᠱᠣᠭᠤᠮ ᠤᠨ ᠪᠦᠳᠦᠭᠡᠨ ᠪᠠᠶᠢᠭᠤᠯᠤᠯᠲᠠ ᠨᠢ ᠠᠷᠠᠳ ᠣᠯᠠᠨ ᠤ ᠠᠶᠠᠯᠠᠬᠤ ᠳ᠋ᠤ ᠲᠤᠶᠢᠯ ᠤᠨ ᠲᠥᠭᠦᠮ ᠪᠣᠯᠵᠤ ᠂ ᠵᠠᠮ ᠲᠣᠤᠷ ᠤᠨ ᠪᠦᠳᠦᠴᠡ ᠶ᠋ᠢ ᠰᠢᠯᠢᠳᠡᠭᠵᠢᠭᠦᠯᠦᠨ ᠵᠠᠮ ᠨᠡᠪᠲᠡᠷᠡᠯᠭᠡ ᠶ᠋ᠢᠨ ᠳᠠᠷᠤᠭᠠᠰᠤ ᠶ᠋ᠢ ᠬᠥᠩᠭᠡᠯᠡᠵᠦ ᠂ ᠠᠵᠤ ᠤᠶᠢᠯᠡᠦᠨᠪᠦᠷᠢ ᠶ᠋ᠢᠨ ᠲᠣᠭᠤᠷᠢᠭ ᠤᠨ ᠵᠠᠮ ᠤᠨ ᠲᠤᠨᠤᠭ ᠲᠥᠭᠦᠭᠡᠷᠦᠮᠵᠢ ᠶ᠋ᠢᠨ ᠪᠠᠶᠢᠭᠤᠯᠤᠯᠲᠠ ᠨᠢ ᠠᠷᠠᠯᠵᠢᠶᠠᠴᠢᠨ ᠤᠷᠢᠵᠤ ᠪᠡᠯᠡ ᠣᠷᠤᠭᠤᠯᠬᠤ ᠳ᠋ᠤ ᠠᠰᠢᠬᠲᠠᠢ ᠪᠠᠶᠢᠵᠤ ᠣᠷᠣᠨ ᠨᠤᠲᠤᠭ ᠤᠨ ᠠᠵᠤ ᠠᠬᠤᠢ ᠶ᠋ᠢᠨ ᠬᠥᠭᠵᠢᠯᠲᠡ ᠶ᠋ᠢ ᠠᠬᠢᠭᠤᠯᠬᠤ ᠪᠣᠯᠤᠨ᠎ᠠ ﹀ ﹀  ᠭᠡᠵᠦ ᠰᠡᠦᠨᠬᠢᠯ ᠲᠦᠭᠦᠷᠡᠩ ᠪᠠᠶᠠᠷᠲᠠᠢ ᠪᠠᠷ ᠲᠠᠨᠢᠯᠴᠠᠭᠤᠯᠤᠨ ᠬᠡᠯᠡᠵᠦ ᠪᠤᠢ ᠃                      

                                   ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ