ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠳᠣᠪᠴᠢᠶ᠎ᠠ ︿ ︿ ᠪᠦᠬᠦ ᠤᠯᠤᠰ ᠤᠨ ᠳᠣᠳᠤᠭᠠᠳᠤ ᠶ᠋ᠢ ᠬᠠᠮᠠᠭᠠᠯᠠᠬᠤ ᠦᠨᠳᠦᠰᠦᠨ ᠱᠠᠳᠤᠨ ᠤ ᠰᠣᠶᠣᠯ ᠤᠨ ᠠᠵᠢᠯ ᠤᠨ ᠵᠢᠱᠢᠶ᠎ᠡ ᠦᠵᠡᠭᠦᠯᠬᠦ ᠴᠡᠭ ﹀ ﹀  ᠢᠶᠡᠷ  ᠳᠣᠬᠲᠠᠭᠠᠬᠳᠠᠪᠠ

ᠣᠩᠰᠢᠭᠰᠠᠨ ᠤᠳᠠᠭ᠎ᠠ ᠄ 1216     ᠨᠡᠶᠢᠳᠡᠯᠡᠭᠰᠡᠨ ᠴᠠᠭ ᠄ 2018/11/12 8:36:35

      ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠳᠣᠪᠴᠢᠶ᠎ᠠ ᠳᠣᠳᠤᠭᠠᠳᠤ ᠶ᠋ᠢ ᠬᠠᠮᠠᠭᠠᠯᠠᠬᠤ ᠰᠣᠶᠣᠯ ᠢ ᠡᠩᠨᠡᠭᠡᠨ ᠦ ᠪᠠᠶᠢᠭᠤᠯᠤᠯᠲᠠ ᠶ᠋ᠢᠨ ︿ ︿ ᠳᠣᠳᠤᠭᠠᠳᠤ ᠰᠢᠲᠠᠯᠲᠠ ᠶ᠋ᠢᠨ ᠮᠠᠰᠢᠨ ﹀ ﹀ ᠪᠣᠯᠭᠠᠨ ᠪᠠᠷᠢᠮᠲᠠᠯᠠᠵᠤ ᠂ ︿ ︿ ᠤᠬᠠᠭᠤᠯᠭ᠎ᠠ ᠮᠦᠨ ᠴᠤ ᠪᠠᠶᠢᠯᠳᠤᠬᠤ ᠬᠦᠴᠦᠨ ﹀ ﹀ ᠭᠡᠰᠡᠨ ᠦᠵᠡᠯ ᠰᠠᠨᠠᠭ᠎ᠠ ᠶ᠋ᠢ ᠪᠤᠢ ᠪᠣᠯᠭᠠᠨ ᠂ ᠰᠡᠦᠨᠬᠦᠯ ᠂ ᠲᠸᠯᠸᠢᠰ ᠂ ᠰᠦᠯᠵᠢᠶ᠎ᠡ ᠂ ᠷᠠᠲᠢᠤ᠋ ᠂ ᠰᠣᠨᠢᠨ ᠮᠡᠳᠡᠭᠡ ᠨᠡᠶᠢᠲᠡᠯᠡᠬᠦ ᠶ᠋ᠢ ᠨᠢᠭᠡ ᠴᠣᠬᠴᠠᠵᠢᠭᠤᠯᠤᠬᠰᠠᠨ ᠤᠬᠠᠭᠤᠯᠭ᠎ᠠ ᠶ᠋ᠢᠨ ᠲᠥᠪ ᠢ ᠪᠠᠶᠢᠭᠤᠯᠵᠤ ᠂ ᠳᠡᠭᠡᠭᠰᠢ ᠳᠣᠭᠤᠬᠰᠢ ᠬᠦᠨᠳᠡᠯᠡᠨ ᠭᠤᠯᠳᠤ ᠪᠦᠬᠦ ᠬᠤᠰᠢᠭᠤᠨ ᠤ ᠬᠡᠪᠴᠢᠶᠡᠨ ᠳ᠋ᠦ ᠶᠡᠬᠡ ᠤᠬᠠᠭᠤᠯᠭ᠎ᠠ ᠶ᠋ᠢᠨ ᠠᠵᠢᠯ ᠤᠨ ᠥᠷᠨᠢᠯᠲᠡ ᠭᠠᠷᠭᠠᠵᠤ ᠂ ᠣᠯᠠᠨ ᠬᠡᠯᠪᠡᠷᠢ ᠶ᠋ᠢᠨ ᠣᠨᠴᠠᠯᠢᠬᠳᠣ ᠳᠣᠳᠤᠭᠠᠳᠤ ᠶ᠋ᠢ ᠬᠠᠮᠠᠭᠠᠯᠠᠬᠤ ᠰᠣᠶᠣᠯ ᠤᠨ ᠠᠵᠢᠯᠯᠠᠭᠠᠨ ᠥᠷᠨᠢᠭᠦᠯᠵᠦ ᠂ ᠨᠢᠭᠡᠨ ᠵᠣᠷᠪᠤᠰ ᠨᠠᠢᠮᠠᠨ ᠤ ᠣᠨᠴᠠᠯᠢᠬᠳᠣ ᠰᠣᠶᠣᠯ ᠤᠨ ᠬᠥᠭᠵᠢᠯᠲᠡ ᠶ᠋ᠢᠨ ᠵᠠᠮ ‍ᠢ ᠨᠡᠭᠡᠭᠡᠵᠦ ᠂ ᠳᠣᠳᠤᠭᠠᠳᠤ ᠶ᠋ᠢ ᠬᠠᠮᠠᠭᠠᠯᠠᠬᠤ ᠶᠠᠮᠤᠨ ᠡᠴᠠ ︿ ︿ ᠪᠦᠬᠦ ᠤᠯᠤᠰ ᠤᠨ ᠳᠣᠳᠤᠭᠠᠳᠤ ᠶ᠋ᠢ ᠬᠠᠮᠠᠭᠠᠯᠠᠬᠤ ᠦᠨᠳᠦᠰᠦᠨ ᠱᠠᠳᠤᠨ ᠤ ᠰᠣᠶᠣᠯ ᠤᠨ ᠠᠵᠢᠯ ᠤᠨ ᠵᠢᠱᠢᠶ᠎ᠡ ᠦᠵᠡᠭᠦᠯᠬᠦ ᠴᠡᠭ ﹀ ﹀ ᠢᠶᠠᠷ ᠳᠣᠬᠲᠠᠭᠠᠬᠳᠠᠵᠠᠢ ᠃ ᠪᠦᠬᠦ ᠣᠷᠣᠨ ᠤ ᠳᠣᠳᠤᠭᠠᠳᠤ ᠶ᠋ᠢ ᠬᠠᠮᠠᠭᠠᠯᠠᠬᠤ ᠪᠠᠶᠢᠭᠤᠯᠤᠯᠭ᠎ᠠ ᠶ᠋ᠢᠨ ᠤᠬᠠᠭᠤᠯᠤᠯ ᠪᠣᠯᠪᠠᠰᠤᠷᠠᠯ ᠤᠨ ᠠᠩᠭᠢ ᠳ᠋ᠤ ᠲᠣᠷᠰᠢᠯᠭ᠎ᠠ ᠪᠠᠨ ᠲᠠᠨᠢᠯᠴᠠᠭᠤᠯᠵᠤ ᠂ ᠥᠭᠡᠷᠡᠴᠢᠯᠡᠯᠲᠡ ᠶ᠋ᠢᠨ ᠰᠢᠨ᠎ᠡ ᠶ᠋ᠢ ᠡᠭᠦᠳᠦᠭᠰᠡᠨ ᠱᠠᠩᠨᠠᠯ ᠬᠦᠷᠲᠡᠪᠡ ᠃ 10 ᠰᠠᠷ᠎ᠠ ᠶ᠋ᠢᠨ  24 ᠦ ᠡᠳᠥᠷ ᠂ ᠥᠪᠥᠷ ᠮᠤᠩᠭᠤᠯ ᠤᠨ ᠣᠢ ᠰᠢᠭᠤᠢ ᠶ᠋ᠢᠨ ᠳᠣᠳᠤᠭᠠᠳᠤ ᠶ᠋ᠢ ᠬᠠᠮᠠᠭᠠᠯᠠᠬᠤ ᠪᠣᠯᠪᠠᠰᠤᠷᠠᠯ ᠤᠨ ᠠᠩᠭᠢ ᠳ᠋ᠤ ︿ ︿ ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠳᠣᠪᠴᠢᠶᠠᠨ ᠤ ᠳᠣᠳᠤᠭᠠᠳᠤ ᠶ᠋ᠢ ᠬᠠᠮᠠᠭᠠᠯᠠᠬᠤ ᠤᠬᠠᠭᠤᠯᠤᠯ ᠰᠣᠶᠣᠯ ᠤᠨ ᠪᠠᠶᠢᠭᠤᠯᠤᠯᠲᠠ ᠶ᠋ᠢ ᠭᠦᠨᠵᠡᠭᠡᠢ ᠲᠦᠯᠬᠢᠨ ᠠᠬᠢᠭᠤᠯᠤᠬᠰᠠᠨ ᠤᠶᠢᠯᠡᠳᠦᠯᠭᠡ ᠪᠣᠯᠣᠨ ᠰᠦᠪᠡᠭᠴᠢᠯᠡᠯ ﹀ ﹀ ᠬᠡᠮᠡᠬᠦ ᠰᠡᠳᠦᠪ ᠢᠶ᠋ᠡᠷ ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠳᠣᠪᠴᠢᠶᠠᠨ ᠤ ᠤᠬᠠᠭᠤᠯᠭ᠎ᠠ ᠰᠣᠶᠣᠯ ᠤᠨ ᠠᠵᠢᠯ ᠢ ᠨᠠᠷᠢᠨ ᠨᠢᠮᠪᠠᠢ ᠲᠠᠨᠢᠯᠴᠠᠭᠤᠯᠵᠠᠢ ᠃

                            

                                                 ᠪᠤᠶᠠᠨᠴᠤᠬᠯᠠ

ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ