ᠨᠠᠢᠮᠠᠨ ᠬᠤᠰᠢᠭᠤ ᠴᠠᠬᠢᠯᠭᠠᠨ ᠬᠥᠳᠡᠯᠭᠡᠭᠦᠷᠳᠦ ᠲᠡᠷᠭᠡᠨ ᠦ ᠭᠠᠯ ᠤᠨ ᠠᠶᠤᠯ ᠡᠴᠡ ᠰᠡᠷᠭᠡᠶᠢᠯᠡᠬᠦ ᠤᠬᠠᠭᠤᠯᠭ᠎ᠠ ᠶ᠋ᠢᠨ ᠠᠵᠢᠯᠯᠠᠭᠠᠨ ᠥᠷᠨᠢᠭᠦᠯᠪᠡ
ᠣᠩᠰᠢᠭᠰᠠᠨ ᠤᠳᠠᠭ᠎ᠠ ᠄ 8166 ᠨᠡᠶᠢᠳᠡᠯᠡᠭᠰᠡᠨ ᠴᠠᠭ ᠄ 2018/11/13 9:11:35
ᠴᠠᠬᠢᠯᠭᠠᠨ ᠬᠥᠳᠡᠯᠭᠡᠭᠦᠷᠳᠦ ᠲᠡᠷᠭᠡᠨ ᠦ ᠭᠠᠯ ᠤᠨ ᠠᠶᠤᠯ ᠡᠴᠠ ᠰᠡᠷᠭᠡᠶᠢᠯᠡᠬᠦ ᠪᠠ ᠠᠶᠤᠯ ᠭᠠᠷᠬᠤ ᠶ᠋ᠢ ᠪᠠᠭᠠᠰᠬᠠᠬᠤ ᠶ᠋ᠢᠨ ᠲᠥᠯᠦᠭᠡ ᠤᠶᠢᠷ᠎ᠠ ᠳ᠋ᠤ ᠂ ᠨᠠᠢᠮᠠᠨ ᠬᠤᠰᠢᠭᠤᠨ ᠤ ᠭᠠᠯ ᠢ ᠰᠡᠷᠭᠡᠶᠢᠯᠡᠨ ᠭᠠᠯ ᠤᠨᠲᠠᠷᠠᠭᠠᠬᠤ ᠶᠡᠬᠡ ᠠᠩᠭᠢ ᠵᠣᠬᠢᠶᠠᠨ ᠪᠠᠶᠢᠭᠤᠯᠤᠯᠲᠠ ᠲᠠᠢ ᠪᠠᠷ ᠬᠠᠷᠢᠶ᠎ᠠ ᠣᠷᠣᠨ ᠤ ᠦᠨᠳᠦᠰᠦᠨ ᠱᠠᠳᠤᠨ ᠳ᠋ᠤ ᠭᠦᠨᠵᠡᠭᠡᠶᠢᠷᠡᠨ ᠴᠠᠬᠢᠯᠭᠠᠨ ᠬᠥᠳᠡᠯᠭᠡᠭᠦᠷᠳᠦ ᠲᠡᠷᠭᠡᠨ ᠦ ᠭᠠᠯ ᠤᠨ ᠠᠶᠤᠯ ᠢ ᠰᠡᠷᠭᠡᠶᠢᠯᠡᠬᠦ ᠲᠣᠰᠬᠠᠢ ᠤᠬᠠᠭᠤᠯᠭ᠎ᠠ ᠶ᠋ᠢᠨ ᠠᠵᠢᠯᠯᠠᠭ᠎ᠠ ᠥᠷᠨᠢᠭᠦᠯᠵᠡᠢ ᠃ ᠲᠡᠳᠡᠨᠦᠰ ᠤᠬᠠᠭᠤᠯᠭ᠎ᠠ ᠶ᠋ᠢᠨ ᠮᠠᠲ᠋ᠸᠷᠢᠶᠠᠯ ᠳᠠᠷᠬᠠᠭᠠᠬᠤ ᠶ᠋ᠢᠨ ᠳᠠᠭᠠᠤ ᠲᠡᠷᠭᠡᠨ ᠦ ᠲᠣᠨᠣᠭ ᠬᠡᠷᠡᠭᠰᠡᠯ ᠢ ᠪᠠᠶᠢᠩᠭᠤ ᠪᠠᠶᠢᠴᠠᠭᠠᠬᠤ ᠂ ᠭᠠᠯ ᠤᠨ ᠠᠶᠤᠯ ᠡᠭᠦᠰᠬᠦ ᠳᠠᠯᠳᠠ ᠭᠡᠮ ᠪᠠᠶᠢᠬᠤ ᠡᠰᠡᠬᠦ ᠶ᠋ᠢ ᠰᠠᠨᠠᠭᠤᠯᠤᠨ ᠭᠠᠯ ᠤᠨ ᠠᠶᠤᠯ ᠢ ᠰᠡᠷᠭᠡᠶᠢᠯᠡᠬᠦ ᠮᠡᠳᠡᠯᠭᠡ ᠶ᠋ᠢ ᠤᠬᠠᠭᠤᠯᠵᠠᠢ ᠃ ᠳᠠᠭᠠᠤ ᠳ᠋ᠦ᠋ᠨᠢ ᠵᠡᠭᠡᠯᠢ ᠭᠤᠳᠤᠮᠵᠢ ᠶ᠋ᠢᠨ ᠬᠠᠨ᠎ᠠ ᠶ᠋ᠢᠨ ᠰᠣᠨᠢᠨ ᠂ ᠢᠯᠡ ᠨᠡᠶᠢᠲᠡᠯᠡᠬᠦ ᠪᠣᠯᠤᠩ ᠵᠡᠷᠭᠡ ᠶ᠋ᠢ ᠠᠰᠢᠬᠯᠠᠨ ᠵᠠᠷ ᠨᠡᠶᠢᠲᠡᠯᠡᠨ ᠤᠬᠠᠭᠤᠯᠭ᠎ᠠ ᠬᠢᠵᠦ ᠪᠤᠢ ᠃ ᠤᠯᠠᠨ ᠲᠦᠮᠡᠨ ᠢ ᠵᠢᠯᠤᠭᠤᠳᠤᠨ ᠭᠡᠷᠡᠴᠢ ᠲᠡᠮᠳᠡᠭ ᠪᠦᠷᠢᠨ ᠬᠢᠷᠢ ᠲᠡᠩᠴᠡᠭᠰᠡᠨ ᠲᠡᠷᠭᠡ ᠶ᠋ᠢ ᠠᠪᠬᠤ ᠂ ᠲᠡᠷᠭᠡ ᠪᠡᠨ ᠬᠦᠮᠦᠨ ᠬᠠᠷ᠎ᠠ ᠴᠥᠬᠡᠨ ᠲᠠᠢ ᠠᠮᠤᠷ ᠲᠥᠪᠰᠢᠨ ᠭᠠᠵᠠᠷ ᠲᠠᠯᠪᠢᠬᠤ ᠪᠠ ᠴᠠᠬᠢᠯᠭᠠᠨ ᠴᠡᠨᠡᠭᠯᠡᠬᠦ ᠶ᠋ᠢ ᠢᠣᠨᠬᠠᠨ ᠰᠠᠨᠠᠭᠤᠯᠵᠤ ᠪᠤᠢ ᠃ ᠣᠳᠣᠬᠠᠨ ᠳ᠋ᠤ ᠬᠣᠲᠠ ᠬᠥᠳᠡᠭᠡ ᠣᠯᠠᠨ ᠭᠠᠵᠠᠷ ᠲᠤ ᠴᠠᠬᠢᠯᠭᠠᠨ ᠬᠥᠳᠡᠯᠭᠡᠭᠦᠷᠳᠦ ᠲᠡᠷᠭᠡ ᠣᠯᠠᠰᠢᠷᠠᠵᠤ ᠂ ᠲᠡᠷᠡ ᠨᠢ ᠬᠢᠯᠪᠠᠷᠬᠠᠨ ᠭᠠᠯ ᠤᠨ ᠠᠶᠤᠯ ᠡᠭᠦᠰᠬᠦ ᠪᠣᠯᠬᠤᠷ ᠡᠨᠡ ᠬᠦ ᠤᠬᠠᠭᠤᠯᠭ᠎ᠠ ᠶ᠋ᠢᠨ ᠠᠵᠢᠯᠯᠠᠭ᠎ᠠ ᠨᠢ ᠲᠤᠶᠢᠯ ᠤᠨ ᠲᠤᠯᠭᠠᠮ᠎ᠠ ᠠᠬᠤᠶᠢᠴᠢ ᠠᠴᠢ ᠬᠣᠯᠪᠣᠬᠳᠠᠯ ᠲᠠᠢ ᠪᠠᠶᠢᠭ᠎ᠠ ᠶᠤᠮ᠃