ᠥᠪᠡᠷ ᠦᠨ ᠰᠢᠭᠦᠮᠵᠢᠯᠡᠯ ᠬᠢᠬᠦ ᠡᠷᠬᠢᠮ ᠰᠤᠷᠲᠠᠯ ᠢ ᠪᠠᠳᠠᠷᠠᠭᠤᠯᠰᠤᠭᠠᠢ

ᠣᠩᠰᠢᠭᠰᠠᠨ ᠤᠳᠠᠭ᠎ᠠ ᠄ 6138     ᠨᠡᠶᠢᠳᠡᠯᠡᠭᠰᠡᠨ ᠴᠠᠭ ᠄ 2018/11/14 9:16:47

      ᠥᠪᠡᠷ ᠦᠨ ᠰᠢᠭᠦᠮᠵᠢᠯᠡᠯ ᠬᠢᠬᠦ ᠪᠣᠯ ᠮᠠᠨ ᠤ ᠨᠠᠮ ᠤᠨ ᠠᠯᠳᠠᠷᠲᠤ ᠭᠤᠷᠪᠠᠨ ᠶᠡᠬᠡ ᠰᠤᠷᠲᠠᠯ ᠤᠨ ᠴᠢᠬᠤᠯᠠ ᠨᠢᠭᠡ ᠨᠢ ᠪᠣᠯᠤᠨ᠎ᠠ ᠃ ᠪᠢᠳᠠ ᠬᠠᠷᠢᠯᠴᠠᠨ ᠰᠢᠭᠦᠮᠵᠢᠯᠡᠯ ᠬᠢᠬᠦ ᠶ᠋ᠢ ᠪᠠᠷᠢᠮᠲᠠᠯᠠᠵᠤ ᠂ ᠣᠯᠠᠨ ᠲᠦᠮᠡᠨ ᠦ ᠰᠠᠨᠠᠯ ᠰᠢᠭᠦᠮᠵᠢᠯᠡᠯ ᠢ ᠦᠨᠡᠨᠴᠢ ᠰᠢᠳᠤᠷᠭᠤ ᠪᠠᠷ ᠬᠦᠯᠢᠶᠡᠵᠦ ᠪᠠᠶᠢᠬᠤ ᠨᠢ ᠶᠠᠭ ᠡᠳᠥᠷ ᠪᠦᠷᠢ ᠨᠢᠭᠤᠷ  ᠭᠠᠷ ᠢᠶᠡᠨ ᠤᠬᠢᠶᠠᠵᠤ ᠪᠣᠵᠠᠷ ᠪᠤᠷᠲᠠᠭ  ᠢ ᠠᠷᠢᠯᠭᠠᠨ ᠠᠷᠢᠭᠤᠨ ᠴᠡᠪᠡᠷ ᠢᠶ᠋ᠡᠷ ᠠᠵᠢᠯᠯᠠᠵᠤ ᠠᠮᠢᠳᠤᠷᠠᠵᠤ ᠪᠠᠶᠢᠬᠤ ᠲᠠᠢ ᠠᠳᠠᠯᠢ ᠶᠤᠮ ᠃ ᠥᠪᠡᠷ ᠦᠨ ᠰᠢᠭᠦᠮᠵᠢᠯᠡᠯ ᠢ ᠰᠠᠶᠢᠳᠤᠷ ᠬᠢᠬᠦ ᠨᠢ ᠳᠠᠷᠤᠢ ᠬᠦᠮᠦᠨ ᠪᠦᠬᠦᠨ ᠪᠡᠶ᠎ᠡ ᠬᠥᠩᠭᠡᠨ ᠢᠶ᠋ᠡᠷ ᠪᠠᠶᠢᠯᠳᠤᠭᠠᠨ ᠳ᠋ᠤ ᠣᠷᠤᠵᠤ ᠥᠭᠡᠷᠡᠴᠢᠯᠡᠯᠲᠡ ᠶ᠋ᠢ ᠴᠢᠨᠠᠬᠰᠢᠲᠠ ᠭᠦᠨᠵᠡᠭᠡᠶᠢᠷᠡᠭᠦᠯᠵᠦ ᠠᠵᠤ ᠠᠬᠤᠢ ᠪᠠᠨ ᠬᠥᠭᠵᠢᠭᠦᠯᠦᠨ ᠨᠡᠶᠢᠭᠡᠮ ᠦᠨ ᠳᠠᠪᠰᠢᠯᠲᠠ ᠶ᠋ᠢ ᠠᠬᠢᠭᠤᠯᠵᠤ ᠂ ᠤᠯᠤᠰ ᠣᠷᠣᠨ ᠢᠶᠡᠨ ᠦᠵᠡᠰᠭᠦᠯᠡᠩᠳᠦ ᠰᠠᠶᠢᠬᠠᠨ ᠪᠠᠶᠠᠨ ᠴᠢᠨᠡᠭᠡᠯᠢᠭ ᠪᠣᠯᠭᠠᠨ ᠰᠠᠶᠢᠳᠤᠷ ᠴᠣᠬᠴᠠᠯᠠᠨ ᠪᠠᠶᠢᠭᠤᠯᠬᠤ ᠶ᠋ᠢᠨ ᠲᠥᠯᠦᠭᠡ ᠶᠤᠮ ᠃
      ᠭᠡᠬᠦ ᠳ᠋ᠦ ᠂ ᠬᠠᠶᠠ ᠵᠠᠷᠢᠮ ᠤᠳᠤᠷᠢᠣᠨᠬᠤ  ᠨᠥᠬᠥᠳ ᠥᠪᠡᠷ ᠦᠨ ᠰᠢᠭᠦᠮᠵᠢᠯᠡᠯ ᠬᠢᠬᠦ ᠳ᠋ᠦ ᠵᠥᠪ ᠣᠪᠤᠷ ᠢᠶᠠᠷ ᠲᠥᠪ ᠰᠠᠶᠢᠬᠠᠨ ᠬᠠᠨᠳᠤᠬᠤ ᠦᠭᠡᠢ ᠪᠠᠶᠢᠵᠤ ᠂ ᠪᠣᠷᠤᠭᠤᠳᠠᠬᠰᠠᠨ ᠪᠠᠶᠢᠲᠠᠯ᠎ᠠ ᠪᠠᠨ ᠥᠪᠡᠷ ᠦᠨ ᠰᠢᠭᠦᠮᠵᠢᠯᠡᠯ ᠢ ᠵᠣᠷᠢᠬᠲᠠᠢ ᠪᠠᠷ ᠬᠢᠬᠦ ᠦᠭᠡᠢ ᠂ ᠣᠯᠠᠨ ᠲᠦᠮᠡᠨ ᠦ ᠰᠠᠨᠠᠯ ᠢ ᠰᠤᠨᠤᠰᠴᠤ ᠠᠵᠢᠯ ᠤᠨ ᠳᠣᠮᠳᠠᠬᠢ ᠠᠯᠳᠠᠭ᠎ᠠ ᠳᠤᠲᠠᠬᠳᠠᠯ ᠢᠶᠡᠨ ᠬᠠᠯᠠᠨ ᠰᠠᠶᠢᠵᠢᠷᠠᠭᠤᠯᠬᠤ ᠶ᠋ᠢ ᠪᠣᠳᠤᠯᠬᠢᠯᠠᠬᠤ ᠦᠭᠡᠢ ᠂ ᠲᠡᠭᠦᠨᠴᠢᠯᠡᠨ ᠡᠯᠳᠡᠪ ᠵᠦᠢᠯ ᠦᠨ ᠰᠢᠯᠲᠠᠭ ᠡᠷᠢᠵᠦ ᠪᠣᠰᠣᠤᠨ  ᠤᠨ ᠰᠢᠭᠦᠮᠵᠢᠯᠡᠯ ᠢ ᠬᠦᠯᠢᠶᠡᠨ ᠠᠪᠬᠤ ᠦᠭᠡᠢ ᠪᠠᠶᠢᠳᠠᠭ ᠃ ᠨᠡᠩ ᠴᠢᠨᠠᠬᠰᠢᠯᠠᠪᠠᠯ ᠰᠠᠨᠠᠯ ᠳᠤᠷᠠᠳᠤᠬᠰᠠᠨ ᠬᠦᠮᠦᠨ ᠢ ︿ ︿ ᠨᠢᠳᠦᠨ ᠳ᠋ᠦ ᠣᠷᠤᠬᠰᠠᠨ ᠬᠣᠭ ᠂ ᠰᠢᠳᠦᠨ ᠳ᠋ᠦ ᠰᠢᠭᠠᠬᠰᠠᠨ ᠮᠢᠬ᠎ᠠ ﹀ ﹀ ᠪᠡᠷ ᠦᠵᠡᠵᠦ ᠂ ᠲᠡᠭᠦᠨ ᠡᠴᠡ ᠵᠣᠷᠢᠭᠤᠳᠠ ᠥ ᠰᠡᠪ ᠡᠷᠢᠵᠦ ᠳᠠᠯᠳᠠᠭᠤᠷ ᠬᠣᠤᠷᠯᠠᠨ ᠴᠣᠬᠢᠯᠲᠠ ᠥᠭᠴᠦ ᠬᠠᠷᠢᠭᠤ ᠠᠪᠬᠤ ᠪᠠᠷ ᠣᠷᠤᠯᠳᠤᠳᠠᠭ ᠪᠠᠶᠢᠨ᠎ᠠ ᠃ ᠡᠨᠡ ᠪᠣᠯ ᠡᠪ ᠬᠠᠮᠳᠤ ᠨᠠᠮ ᠤᠨ ᠬᠡᠰᠢᠭᠦᠨ ᠦ ᠡᠷᠬᠢᠮᠯᠡᠬᠦ ᠰᠤᠷᠲᠠᠯ ᠣᠬᠳᠤ ᠪᠢᠰᠢ ᠂ ᠨᠡᠩ ᠴᠤ ᠨᠠᠮ ᠤᠨ ᠬᠡᠰᠢᠭᠦᠨ ᠤᠳᠤᠷᠢᠣᠨᠬᠤ ᠺᠠᠳ᠋ᠷ ᠲᠤ ᠪᠠᠶᠢᠵᠤ ᠪᠣᠯᠬᠤ ᠰᠤᠷᠲᠠᠯ ᠪᠢᠰᠢ ᠶᠤᠮ ᠃
      ᠪᠢᠳᠠ ᠂ ᠠᠷᠠᠳ ᠲᠦᠮᠡᠨ ᠦ ᠠᠰᠢᠭ ᠲᠤᠰᠠ ᠂ ᠠᠵᠢᠯ ᠤᠶᠢᠯᠡᠰ ᠤᠨ ᠠᠮᠵᠢᠯᠲᠠ ᠪᠦᠳᠦᠮᠵᠢ ᠶ᠋ᠢᠨ ᠲᠥᠯᠦᠭᠡ ᠂ ᠮᠠᠨ ᠤ ᠨᠠᠮ ᠤᠨ ︿ ︿ ᠥᠪᠡᠷ ᠦᠨ ᠰᠢᠭᠦᠮᠵᠢᠯᠡᠯ ﹀ ﹀ ᠬᠢᠬᠦ ᠠᠷᠢᠭᠤᠨ ᠰᠤᠷᠲᠠᠯ ᠢ ᠡᠷᠬᠢᠮᠯᠡᠨ ᠪᠠᠳᠠᠷᠠᠭᠤᠯᠵᠤ ᠂ ᠠᠯᠳᠠᠭ᠎ᠠ ᠲᠣᠳᠠᠬᠳᠠᠯ ᠢᠶᠡᠨ ᠵᠣᠷᠢᠬᠲᠠᠶᠢᠬᠠᠨ ᠬᠠᠯᠠᠵᠤ ᠂ ᠬᠠᠷᠢᠭᠤᠴᠠᠬᠰᠠᠨ ᠲᠤᠰᠢᠶᠠᠯ ᠳ᠋ᠠᠭᠠᠨ ᠬᠢᠷᠢ ᠲᠡᠩᠴᠡᠵᠦ ᠳᠠᠭᠠᠭᠠᠴᠢᠯᠠᠬᠰᠠᠨ ᠡᠭᠦᠷᠭᠡ ᠪᠡᠨ ᠰᠠᠶᠢᠳᠤᠷ ᠪᠡᠶᠡᠯᠡᠭᠦᠯᠦᠨ ᠂ ᠰᠢᠨ᠎ᠡ ᠴᠠᠭ ᠦᠶ᠎ᠡ ᠳ᠋ᠦ ᠰᠠᠶᠢᠴᠤᠤᠯ ᠨᠡᠷ᠎ᠡ ᠪᠡᠨ ᠡᠷᠭᠦᠨ ᠮᠠᠨᠳᠤᠭᠤᠯᠵᠤ ᠶᠠᠪᠤᠶ᠎ᠠ ︕
    
                                    ᠯᠢ ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ