ᠬᠤᠰᠢᠭᠤᠨ ᠤ ᠳᠠᠩᠰᠠᠯᠠᠵᠤ ᠺᠠᠷᠲᠯᠠᠭᠰᠠᠨ ᠶᠠᠳᠠᠭᠤ ᠡᠷᠦᠬᠡ ᠶᠢᠨ ᠤᠳᠠᠭᠠᠨ ᠴᠢᠨᠠᠷ ᠲᠠᠢ ᠡᠪᠡᠳᠴᠢᠲᠡᠨ  ᠪᠦᠬᠦᠨ ᠳᠦ ᠡᠮ ᠬᠦᠷᠭᠡᠬᠦ ᠶᠢ ᠪᠡᠶᠡᠯᠡᠭᠦᠯᠪᠡ

ᠣᠩᠰᠢᠭᠰᠠᠨ ᠤᠳᠠᠭ᠎ᠠ ᠄ 1120     ᠨᠡᠶᠢᠳᠡᠯᠡᠭᠰᠡᠨ ᠴᠠᠭ ᠄ 2018/11/15 9:49:33

      ᠤᠢᠷ᠎ᠠ  ᠳᠤ ᠪᠦᠬᠦ ᠬᠤᠰᠢᠭᠤᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠡᠮ ᠬᠦᠷᠭᠡᠬᠦ ᠴᠢᠬᠤᠯᠠ ᠲᠠᠢ 5878 ᠨᠡᠷᠡᠰ ᠤᠳᠠᠭᠠᠨ ᠴᠢᠨᠠᠷ ᠲᠠᠢ ᠡᠪᠡᠳᠴᠢᠲᠡᠨ ᠪᠦᠬᠦᠨ ᠳᠦ ᠡᠮ ᠬᠦᠷᠭᠡᠬᠦ ᠶᠢ ᠪᠡᠶᠡᠯᠡᠭᠦᠯᠪᠡ᠃ ᠡᠭᠦᠨ ᠦ ᠳᠤᠲᠤᠷ᠎ᠠ ᠲᠦᠷᠦ ᠶᠢᠨ ᠪᠤᠳᠤᠯᠭ᠎ᠠ ᠲᠠᠢ ᠨᠡᠢᠴᠡᠭᠰᠡᠨ ᠭᠠᠷ ᠭᠦᠢᠴᠡᠳᠭᠡᠯ ᠪᠦᠷᠢᠨ ᠡᠮ ᠡᠮᠨᠡᠯᠭᠡ ᠶᠢᠨ ᠳᠠᠭᠠᠳᠬᠠᠯ ᠤᠨ ᠳᠤᠪᠴᠢᠶ᠎ᠠ ᠶᠢᠨ ᠬᠢᠨᠠᠨ ᠵᠦᠪᠰᠢᠶᠡᠷᠡᠭᠰᠡᠨ 1115 ᠨᠡᠷᠡᠰ ᠤᠳᠠᠭᠠᠨ ᠴᠢᠨᠠᠷ ᠲᠠᠢ ᠡᠪᠡᠳᠴᠢᠲᠡᠨ  ᠳᠦ ᠬᠡᠪ ᠦᠨ ᠶᠤᠰᠤᠭᠠᠷ ᠡᠮ ᠬᠦᠷᠭᠡᠬᠦ ᠶᠢᠨ ᠬᠠᠮᠲᠤ᠂ ᠪᠤᠰᠤᠳ ᠰᠦᠢᠳᠭᠡᠯ ᠬᠤᠷᠢᠶᠠᠬᠤ ᠦᠭᠡᠢ ᠪᠡᠷ ᠪᠡᠶ᠎ᠡ ᠶᠢᠨ ᠪᠠᠢᠴᠠᠭᠠᠯᠲᠠ ᠬᠢᠨ ᠲᠤᠳᠤᠯᠠᠭᠰᠠᠨ ᠡᠮ ᠬᠦᠷᠭᠡᠬᠦ ᠴᠢᠬᠤᠯᠠ ᠲᠠᠢ 4763 ᠨᠡᠷᠡᠰ ᠤᠳᠠᠭᠠᠨ ᠴᠢᠨᠠᠷ ᠲᠠᠢ ᠡᠪᠡᠳᠴᠢᠲᠡᠨ ᠳᠦ ᠬᠤᠰᠢᠭᠤᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠪᠡᠯᠡ ᠮᠦᠩᠭᠦ ᠭᠠᠷᠭᠠᠵᠤ ᠡᠮ ᠬᠦᠷᠭᠡᠭᠰᠡᠨ ᠢᠶᠡᠷ᠂ ᠡᠮ ᠬᠦᠷᠭᠡᠯᠲᠡ ᠶᠢᠨ ᠨᠤᠷᠮ᠎ᠠ ᠶᠢ 100% ᠳᠦ ᠬᠦᠷᠭᠡᠵᠦ᠂ ᠡᠪᠡᠳᠴᠢᠨ ᠢᠶᠡᠷ ᠰᠢᠯᠲᠠᠭᠠᠯᠠᠵᠤ ᠶᠠᠳᠠᠭᠤᠷᠠᠭᠰᠠᠨ ᠡᠷᠦᠬᠡ ᠶᠢᠨ ᠠᠵᠤ ᠠᠬᠤᠢ ᠶᠢᠨ ᠳᠠᠷᠤᠭᠠᠰᠤ ᠶᠢ ᠬᠦᠩᠭᠡᠯᠡᠨ᠂ ᠶᠠᠳᠠᠭᠤ ᠡᠴᠡ ᠠᠩᠭᠢᠵᠢᠷᠠᠬᠤ  ᠶᠢ  ᠳᠦᠯᠬᠢᠨ ᠠᠬᠢᠭᠤᠯᠪᠠ᠃

                                                     ᠪᠠᠶᠠᠨᠵᠢᠷᠭᠠᠯ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ