ᠨᠠᠢᠮᠠᠨ ᠬᠤᠰᠢᠭᠤᠨ ᠳ᠋ᠤ 2018 ᠤᠨ ᠤ ᠤᠯᠤᠰ ᠤᠨ ᠳᠠᠰ ᠤᠨ ᠪᠤᠳᠠᠰ ᠤᠨ ᠪᠤᠰᠤ ᠰᠤᠶᠤᠯ ᠤᠨ ᠦᠪ ᠮᠤᠩᠭᠤᠯ ᠦᠨᠳᠤᠰᠤᠳᠠᠨ ᠤ ᠳᠦᠷᠪᠠᠨ ᠤᠳᠠᠰᠤᠳᠤ ᠬᠤᠭᠤᠷ ᠬᠦᠭᠵᠢᠮ ᠬᠢᠭᠡᠳ ᠬᠤᠷᠴᠢᠨ ᠦᠯᠢᠭᠡᠷᠳᠤ ᠠᠷᠠᠳ  ᠤᠨ ᠳᠠᠭᠤᠤ  ᠶ᠋ᠢ ᠤᠯᠠᠮᠵᠢᠯᠠᠨ ᠬᠠᠮᠠᠭᠠᠯᠠᠬᠤ ᠪᠤᠯᠪᠠᠰᠤᠷᠠᠯ ᠤᠨ ᠠᠩᠬᠢ ᠡᠷᠭᠢᠯᠡᠪᠡ

ᠣᠩᠰᠢᠭᠰᠠᠨ ᠤᠳᠠᠭ᠎ᠠ ᠄ 1356     ᠨᠡᠶᠢᠳᠡᠯᠡᠭᠰᠡᠨ ᠴᠠᠭ ᠄ 2018/11/19 15:43:44


      2018 ᠤᠨ ᠤ ᠤᠯᠤᠰ ᠤᠨ ᠳᠠᠰ ᠤᠨ ᠪᠤᠳᠠᠰ ᠤᠨ ᠪᠤᠰᠤ ᠰᠤᠶᠤᠯ ᠤᠨ ᠦᠪ ᠮᠤᠩᠭᠤᠯ ᠦᠨᠳᠤᠰᠤᠳᠠᠨ ᠤ ᠳᠦᠷᠪᠠᠨ ᠤᠳᠠᠰᠤᠳᠤ ᠬᠤᠭᠤᠷ ᠬᠦᠭᠵᠢᠮ ᠬᠢᠭᠡᠳ ᠬᠤᠷᠴᠢᠨ ᠦᠯᠢᠭᠡᠷᠳᠤ ᠠᠷᠠᠳ ᠤᠨ ᠳᠠᠭᠤᠤ  ᠶ᠋ᠢ ᠤᠯᠠᠮᠵᠢᠯᠠᠨ ᠬᠠᠮᠠᠭᠠᠯᠠᠬᠤ ᠪᠤᠯᠪᠠᠰᠤᠷᠠᠯ ᠤᠨᠠᠩᠬᠢ 11 ᠰᠠᠷ᠎ᠠ ᠶ᠋ᠢᠨ 16  ᠤ ᠡᠳᠤᠷ ᠂ ᠤᠯᠤᠰ ᠤᠨ ᠳᠠᠰ ᠤᠨ ᠪᠤᠳᠠᠰ ᠤᠨ ᠪᠤᠰᠤ ᠰᠤᠶᠤᠯ ᠤᠨ ᠦᠪ ‍ᠢ  ᠬᠠᠮᠠᠭᠠᠯᠠᠬᠤ ᠳᠦᠷᠦᠯ ᠵᠦᠢᠯ  ᠤᠨ ᠮᠤᠩᠭᠤᠯ ᠦᠨᠳᠤᠰᠤᠳᠠᠨ ᠤ ᠳᠦᠷᠪᠠᠨ ᠤᠳᠠᠰᠤᠳᠤ ᠬᠤᠭᠤᠷ ᠬᠦᠭᠵᠢᠮ ‍ᠢ ᠤᠯᠠᠮᠵᠢᠯᠠᠬᠤ ᠰᠠᠭᠤᠷᠢᠨ ᠭᠠᠵᠠᠷ— ᠨᠠᠢᠮᠠᠨ ᠬᠤᠰᠢᠭᠤᠨ ᠤ ᡁᠢ ᠠᠨ ᠪᠠᠯᠭᠠᠰᠤᠨ ᠤ ᠢᠯᠠᠯᠳᠠ  ᠭᠠᠴᠠᠭᠠᠨ ᠳ᠋ᠡᠬᠢ ᠪᠤᠷᠤ ᠬᠤᠰᠢᠭᠤ ᠠᠷᠠᠳ ᠤᠨ ᠤᠷᠠᠯᠢᠭ ᠤᠨ ᠪᠦᠯᠬᠦᠮ ᠦᠨ ᠪᠤᠯᠪᠠᠰᠤᠷᠠᠯ ᠤᠨ ᠳᠠᠯᠠᠪᠠᠢ ᠳ᠋ᠤ ᠪᠤᠯᠪᠠᠰᠤᠷᠠᠯ ᠢᠶᠡᠨ ᠡᠬᠢᠯᠡᠬᠦᠯᠦᠯ᠎ᠠ ᠃
        ᠳᠤᠰ ᠤᠳᠠᠭᠠᠨ ᠤ ᠪᠤᠯᠪᠠᠰᠤᠷᠠᠯ ᠨᠢ ᠳᠦᠩᠯᠢᠶᠤᠤ ᠬᠤᠳᠠ ᠶ᠋ᠢᠨ  ᠦᠨᠳᠤᠰᠦᠳᠡᠨ ᠤ ᠳᠠᠭᠤᠤ ᠪᠦᠵᠢᠭ ᠦᠨ ᠪᠦᠯᠬᠦᠮ (  ᠳᠦᠩᠯᠢᠶᠤᠤ ᠬᠤᠳᠠ ᠶ᠋ᠢᠨ ᠰᠢᠭᠤᠳ ᠬᠠᠷᠢᠶᠠᠳᠤ ᠤᠯᠠᠭᠠᠨᠮᠦ᠋ᠴᠢᠷ ) ᠤᠨ 2018 ᠤᠨ ᠤ ᠨᠢᠭᠡᠳᠡᠬᠢ ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠬᠠᠮᠠᠭᠠᠯᠠᠬᠤ ᠪᠤᠯᠪᠠᠰᠤᠷᠠᠯ ᠤᠨᠠᠩᠬᠢ ᠪᠠᠨ ᠳᠡᠬᠦᠰᠬᠡᠭᠰᠡᠨ ᠦ ᠳᠠᠷᠠᠭᠠᠬᠢ ᠤᠯᠠᠮ ᠨᠢᠭᠡ ᠠᠯᠬᠤᠮ ᠦᠨ ᠬᠦᠨᠵᠠᠭᠡᠢ ᠳᠦᠯᠬᠢᠨ ᠠᠬᠢᠭᠤᠯᠤᠯᠳᠠ ᠪᠤᠯᠤᠨ᠎ᠠ ᠃ ᠪᠠᠰᠠ ᠴᠤ ᠰᠢ ᠵᠢᠨ ᠫᠢᠩ ᠶᠠᠷᠤᠩᠬᠡᠢ ᠱᠦᠵᠢ ᠶ᠋ᠢᠨ ᠤᠯᠠᠭᠠᠨᠮᠦ᠋ᠴᠢᠷ ᠲᠦ ᠬᠠᠷᠢᠭᠤ ᠵᠡᠬᠢᠳᠠᠯ ᠪᠢᠴᠢᠭᠰᠡᠨ 1 ᠵᠢᠯ ᠦᠨ ᠤᠢ ᠳ᠋ᠦ ᠂ ᠬᠤᠪᠢᠰᠬᠠᠯᠳᠤ ᠤᠯᠠᠭᠠᠨᠮᠦ᠋ᠴᠢᠷ ᠤᠨ ᠵᠤᠷᠢᠭ ᠰᠠᠨᠠᠭ᠎ᠠ ᠶ᠋ᠢ ᠪᠠᠳᠠᠷᠠᠭᠤᠯᠵᠦ ᠂ ᠦᠷᠭᠡᠨ ᠤᠯᠠᠨ ᠮᠠᠯᠴᠢᠨ ᠳᠠᠷᠢᠶᠠᠴᠢᠨ ᠳ᠋ᠤ ᠤᠳᠬ᠎ᠠ ᠤᠷᠠᠯᠢᠭ  ᠤᠨ ᠳᠠᠯ᠎ᠠ ᠳ᠋ᠤ ᠵᠢᠯᠤᠭᠤᠳᠤᠨ ᠦᠢᠯᠡᠴᠢᠯᠡᠬᠦ ᠬᠠᠮᠤᠭ ᠰᠠᠶᠢᠨ ᠢᠯᠡᠷᠡᠯ ᠮᠦᠨ ᠃  ᠮᠦᠨ ᠴᠦ ᠦᠨᠳᠤᠰᠤᠨ ᠱᠠᠳᠤᠨ ᠳ᠋ᠤ ᠪᠠᠭᠤᠵᠦ ᠂ ᠠᠷᠠᠳ ᠳᠦᠮᠡᠨ ᠦ ᠬᠡᠷ ᠦᠨ ᠡᠬᠦᠳᠠᠨ ᠳ᠋ᠤ ᠬᠦᠷᠴᠦ ᠠᠷᠠᠳ ᠲᠦ ᠳᠦᠬᠦᠮ ᠦᠵᠡᠬᠦᠯᠬᠦ ᠬᠡᠯᠪᠠᠷᠢ ᠪᠠᠷ ᠠᠷᠠᠳ ᠲᠦ ᠰᠤᠶᠤᠯ ᠬᠦᠷᠭᠡᠬᠦ ᠨᠢᠭᠡᠨ ᠵᠦᠢᠯ ᠦᠨ ᠰᠤᠶᠤᠯ  ᠢᠶᠠᠷ ᠠᠷᠠᠳ ᠲᠦ ᠠᠰᠢᠭ ᠬᠦᠷᠬᠡᠬᠦ ᠢᠨᠵᠸᠨ᠋ᠸᠷᠢᠩ ᠮᠦᠨ ᠃ ᠪᠤᠯᠪᠠᠰᠤᠷᠠᠯ ᠨᠢ ᠮᠤᠩᠭᠤᠯ ᠦᠨᠳᠤᠰᠤᠳᠠᠨ ᠤ ᠳᠦᠷᠪᠠᠨ ᠤᠳᠠᠰᠤᠳᠤ ᠬᠤᠭᠤᠷ ᠬᠦᠭᠵᠢᠮ ᠬᠢᠭᠡᠳ ᠬᠤᠷᠴᠢᠨ ᠦᠯᠢᠭᠡᠷᠳᠤ ᠠᠷᠠᠳ ᠤᠨ ᠳᠠᠭᠤᠤ  ᠶ᠋ᠢ ᠤᠯᠠᠮᠵᠢᠯᠠᠨ ᠬᠠᠮᠠᠭᠠᠯᠠᠬᠤ  ᠪᠠᠷ ᠠᠵᠢᠯ ᠤᠨ ᠢᠶᠡᠨ ᠵᠤᠷᠢᠯᠭ᠎ᠠ ᠪᠤᠯᠭᠠᠵᠦ ᠂  ᠨᠢᠭᠡ ᠭᠠᠷᠠᠭ ᠤᠨ ᠴᠠᠭ ᠢ ᠠᠰᠢᠭᠯᠠᠨ ᠂ ᠮᠤᠩᠭᠤᠯ ᠦᠨᠳᠤᠰᠤᠳᠠᠨ ᠤ ᠳᠦᠷᠪᠠᠨ ᠤᠳᠠᠰᠤᠳᠤ ᠬᠤᠭᠤᠷ ᠬᠦᠭᠵᠢᠮ ᠬᠢᠭᠡᠳ ᠬᠤᠷᠴᠢᠨ ᠦᠯᠢᠭᠡᠷᠳᠤ ᠠᠷᠠᠳ ᠤᠨ ᠳᠠᠭᠤᠤ  ᠶ᠋ᠢᠨ ᠳᠤᠷ᠎ᠠ ᠪᠠᠬᠠᠳᠠᠳ ᠲᠦ ᠪᠤᠯᠪᠠᠰᠤᠷᠠᠯ ᠬᠢᠬᠦ ᠪᠤᠯᠤᠨ᠎ᠠ ᠃

      ᠡᠨᠡ ᠨᠢ 2016 ᠤᠨ ᠳ᠋ᠤ ᠨᠠᠢᠮᠠᠨ ᠬᠤᠰᠢᠭᠤᠨ ᠤ ᡁᠢ ᠠᠨ ᠪᠠᠯᠭᠠᠰᠤᠨ ᠤ ᠢᠯᠠᠯᠳᠠ ᠭᠠᠴᠠᠭ᠎ᠠ ᠤᠯᠤᠰ ᠤᠨ ᠳᠠᠰ ᠤᠨ ᠪᠤᠳᠠᠰ ᠤᠨ ᠪᠤᠰᠤ ᠰᠤᠶᠤᠯ ᠤᠨ ᠦᠪ ‍ᠢ  ᠬᠠᠮᠠᠭᠠᠯᠠᠬᠤ ᠳᠦᠷᠦᠯ ᠵᠦᠢᠯ  ᠤᠨ ᠮᠤᠩᠭᠤᠯ ᠦᠨᠳᠤᠰᠤᠳᠠᠨ ᠤ ᠳᠦᠷᠪᠠᠨ ᠤᠳᠠᠰᠤᠳᠤ ᠬᠤᠭᠤᠷ ᠬᠦᠭᠵᠢᠮ ‍ᠢ ᠤᠯᠠᠮᠵᠢᠯᠠᠬᠤ ᠰᠠᠭᠤᠷᠢᠨ ᠭᠠᠵᠠᠷ ᠪᠤᠯᠤᠭᠰᠠᠨ ᠤ ᠳᠠᠷᠠᠭᠠᠬᠢ ᠳᠠᠪᠤᠳᠡᠬᠢ ᠤᠳᠠᠭᠠᠨ ᠤ ᠪᠤᠯᠪᠠᠰᠤᠷᠠᠯ ᠪᠤᠯᠵᠦ ᠪᠤᠢ  ᠃  5 ᠤᠳᠠᠭᠠᠨ ᠤ ᠪᠤᠯᠪᠠᠰᠤᠷᠠᠯ ᠢᠶᠠᠷ ᠳᠠᠮᠵᠢᠨ ᠨᠠᠢᠮᠠᠨ ᠬᠤᠰᠢᠭᠤᠨ ᠤ ᠳᠠᠭᠤᠤ ᠤᠷᠠᠯᠢᠭ ᠲᠦ ᠪᠠᠨ ᠪᠠᠬᠠᠳᠠᠢ 300 ᠰᠢᠬᠠᠮ ᠠᠷᠠᠳ ᠤᠯᠠᠨ ᠠᠰᠢᠭ ᠬᠦᠷᠳᠡᠵᠦ ᠂ ᠮᠤᠩᠭᠤᠯ ᠦᠨᠳᠤᠰᠤᠳᠠᠨ ᠤ ᠳᠦᠷᠪᠠᠨ ᠤᠳᠠᠰᠤᠳᠤ ᠬᠤᠭᠤᠷ ᠬᠦᠭᠵᠢᠮ ᠬᠢᠭᠡᠳ ᠬᠤᠷᠴᠢᠨ ᠦᠯᠢᠭᠡᠷᠳᠤ ᠠᠷᠠᠳ ᠤᠨ ᠳᠠᠭᠤᠤ ᠶ᠋ᠢᠨ ᠠᠩᠬ᠎ᠠ ᠠᠯᠬᠤᠮ ᠤᠨ ᠮᠡᠳᠡᠯᠭᠡ ᠮᠠᠳᠠᠴᠡ ᠪᠠ ᠬᠦᠭᠵᠢᠮᠳᠡᠨ ᠳᠠᠭᠤᠯᠠᠬᠤ ᠳᠠᠯ᠎ᠠ ᠶ᠋ᠢᠨ ᠪᠤᠯᠪᠠᠰᠤᠷᠡᠯ ᠢ ᠬᠦᠷᠳᠡᠵᠦ ᠂  ᠠᠷᠠᠳ ᠤᠨ ᠰᠤᠶᠤᠯ ᠤᠨ ᠠᠭᠤᠷ ᠠᠮᠢᠰᠬᠤᠯ ᠢ ᠬᠦᠭᠵᠢᠬᠡᠬᠦ ᠳ᠋ᠦ ᠨᠢᠭᠡᠨ ᠡᠩᠨᠡᠭᠡ ᠢᠳᠡᠪᠬᠢᠳᠤ ᠬᠦᠴᠦᠨ ᠪᠤᠯᠤᠭᠰᠠᠨ ᠪᠠᠶᠢᠨ᠎ᠠ ᠃ ( ᠪᠤᠤ ᠵᠢᠨ ᠯᠢᠶᠠᠨ )






ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ