《 ᠰᠤᠷᠤᠯᠴᠠᠯᠭ᠎ᠠ ᠶ᠋ᠢᠨ ᠬᠥᠴᠦᠷᠬᠡᠭ ᠤᠯᠤᠰ》 ᠳᠠᠪᠴᠠᠩ ᠨᠢ ᠨᠠᠢᠮᠠᠨ ᠬᠤᠰᠢᠭᠤᠨ ᠤ ᠨᠠᠮ ᠤᠨ ᠬᠡᠰᠢᠭᠦᠨ ᠺᠠᠳ᠋ᠷᠴᠤᠳ ᠤᠨ ᠰᠠᠶᠢᠨ ᠬᠠᠪᠰᠤᠷᠤᠬᠴᠢ ᠪᠣᠯᠵᠤ ᠪᠠᠶᠢᠨ᠎ᠠ

ᠣᠩᠰᠢᠭᠰᠠᠨ ᠤᠳᠠᠭ᠎ᠠ ᠄ 3867     ᠨᠡᠶᠢᠳᠡᠯᠡᠭᠰᠡᠨ ᠴᠠᠭ ᠄ 2019/3/11 15:57:37

       《 ᠰᠤᠷᠤᠯᠴᠠᠯᠭ᠎ᠠ ᠶ᠋ᠢᠨ ᠬᠥᠴᠦᠷᠬᠡᠭ ᠤᠯᠤᠰ》 ᠳᠠᠪᠴᠠᠩ ᠨᠢ ᠨᠠᠢᠮᠠᠨ ᠬᠤᠰᠢᠭᠤᠨ ᠤ ᠰᠤᠮᠤ ᠰᠢᠶᠠᠩ ᠪᠠᠯᠭᠠᠰᠤ ᠲᠠᠯᠠᠪᠠᠢ ᠂ ᠨᠡᠶᠢᠭᠡᠮ ᠲᠣᠭᠤᠷᠢᠭ  ᠵᠡᠭᠡᠯᠢ ᠭᠤᠳᠤᠮᠵᠢ ᠂  ᠠᠯᠪᠠᠨ ᠪᠠᠶᠢᠭᠤᠯᠭ᠎ᠠ  ᠂ ᠰᠤᠷᠭᠠᠭᠤᠯᠢ ᠨᠢᠭᠡᠴᠡ ᠶ᠋ᠢᠨ ᠥᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠤᠨ ᠴᠠᠭᠠᠨ ᠰᠠᠷ᠎ᠠ ᠶ᠋ᠢᠨ ᠡᠬᠢᠨ ᠦ ᠨᠢᠭᠡᠨ ᠬᠢᠴᠢᠶᠡᠯ ᠦᠨ  ᠲᠢᠩᠬᠢᠮ ᠪᠣᠯᠵᠤ ᠪᠤᠢ ᠃
       ᠣᠳᠣᠬᠠᠨ ᠳ᠋ᠤ ᠂ ᠪᠦᠬᠦ ᠬᠤᠰᠢᠭᠤᠨ ᠤ 39 ᠨᠠᠮ ( ᠠᠵᠢᠯ )  ᠤᠨ ᠬᠣᠷᠢᠶ᠎ᠠ ᠪᠦᠬᠦᠨ ᠢᠶ᠋ᠡᠷ ᠢᠶ᠋ᠡᠨ《 ᠰᠤᠷᠤᠯᠴᠠᠯᠭ᠎ᠠ ᠶ᠋ᠢᠨ ᠬᠥᠴᠦᠷᠬᠡᠭ ᠤᠯᠤᠰ》 ᠳᠠᠪᠴᠠᠩ ᠲᠠᠢ ᠪᠣᠯᠵᠤ ᠂ ᠦᠨᠳᠦᠰᠦᠨ ᠱᠠᠳᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦᠨ ᠢ ᠪᠦᠷᠬᠦᠵᠡᠢ ᠃
       ᠬᠤᠰᠢᠭᠤᠨ ᠤ  ᠨᠠᠮ ᠤᠨ ᠬᠤᠷᠢᠶ᠎ᠠ ᠶ᠋ᠢᠨ ᠵᠣᠬᠢᠶᠠᠨ ᠪᠠᠶᠢᠭᠤᠯᠬᠤ ᠬᠡᠯᠲᠡᠰ ᠂ ᠤᠬᠠᠭᠤᠯᠬᠤ ᠬᠡᠯᠲᠡᠰ ᠬᠠᠮᠳᠤᠷᠠᠨ ᠪᠢᠴᠢᠭ ᠮᠠᠲ᠋ᠸᠷᠢᠶᠠᠯ ᠲᠠᠷᠬᠠᠭᠠᠵᠤ ᠂ ᠡᠯ᠎ᠡ ᠨᠠᠮ ᠤᠨ ᠬᠣᠷᠢᠶ᠎ᠠ ᠂ ᠨᠠᠮ ᠤᠨ ᠡᠭᠦᠷ 《ᠰᠤᠷᠤᠯᠴᠠᠯᠭ᠎ᠠ ᠶ᠋ᠢᠨ ᠬᠥᠴᠦᠷᠬᠡᠭ ᠤᠯᠤᠰ》 ᠰᠤᠷᠤᠯᠴᠠᠬᠤ ᠳᠠᠪᠴᠠᠩ ᠢ ᠵᠣᠬᠢᠶᠠᠨ  ᠪᠠᠶᠢᠭᠤᠯᠤᠨ ᠪᠣᠳᠠᠲᠠᠢ ᠵᠢᠭᠠᠨ ᠵᠢᠯᠤᠭᠣᠤᠨᠴᠣ ᠪᠣᠯᠪᠠᠰᠤᠷᠠᠯ ᠬᠦᠷᠲᠡᠭᠡᠪᠡ ᠃ ᠃ ᠲᠣᠰ ᠬᠤᠰᠢᠭᠤ 《 ᠰᠤᠷᠤᠯᠴᠠᠯᠭ᠎ᠠ ᠶ᠋ᠢᠨ ᠬᠥᠴᠦᠷᠬᠡᠭ ᠤᠯᠤᠰ》 ᠰᠤᠷᠤᠯᠴᠠᠬᠤ ᠳᠠᠪᠴᠠᠩ ᠢᠶᠠᠷ 《ᠬᠣᠶᠠᠷ ᠢ ᠰᠤᠷᠤᠯᠴᠠᠨ ᠬᠢᠷᠢ ᠳ᠋ᠦ ᠲᠡᠩᠴᠡᠭᠰᠡᠨ ᠨᠠᠮ ᠤᠨ ᠬᠡᠰᠢᠭᠦᠨ ᠪᠣᠯᠬᠤ 》 ᠰᠤᠷᠤᠯᠴᠠᠯᠭ᠎ᠠ ᠬᠦᠮᠦᠵᠢᠯ ᠪᠣᠯᠣᠨ ᠨᠠᠮ ᠤᠨ ᠬᠣᠷᠢᠶᠠᠨ ᠤ ᠣᠨᠤᠯ ᠤᠨ ᠰᠤᠷᠤᠯᠴᠠᠯᠭ᠎ᠠ ᠶ᠋ᠢᠨ ᠲᠥᠪ  ᠦᠨ ᠰᠤᠷᠤᠯᠴᠠᠯᠭ᠎ᠠ ᠪᠠᠷ ᠭᠣᠤᠯᠳᠠᠯᠭ᠎ᠠ ᠲᠠᠢ ᠠᠴᠢᠶᠠᠪᠤᠷᠢ ᠪᠣᠯᠭᠠᠵᠤ ᠂ ᠦᠨᠳᠦᠰᠦᠨ ᠱᠠᠳᠤᠨ ᠤ ᠨᠠᠮ ᠤᠨ ᠡᠭᠦᠷ ᠦᠨ 《 ᠭᠤᠷᠪᠠᠨ ᠬᠤᠷᠠᠯ ᠨᠢᠭᠡ ᠬᠢᠴᠢᠶᠡᠯ 》  ᠵᠡᠷᠭᠡ ᠶ᠋ᠢ  ᠪᠣᠳᠠᠲᠠᠢ ᠠᠣᠨᠬᠤᠨ ᠢᠳᠡᠪᠬᠢᠲᠡᠢ ᠥᠷᠨᠢᠭᠦᠯᠵᠦ ᠂ ᠰᠤᠷᠤᠯᠴᠠᠯᠭ᠎ᠠ ᠶ᠋ᠢᠨ ᠬᠢᠷᠢ ᠪᠦᠳᠦᠮᠵᠢ ᠶ᠋ᠢ ᠬᠤᠪᠢ ᠣᠯᠭᠤᠨ ᠳ᠋ᠤᠭᠠᠷᠯᠠᠵᠤ ᠂ ᠡᠯ᠎ᠡ  ᠰᠠᠯᠠᠭ᠎ᠠ ᠮᠦᠴᠢᠷ ‍ᠦᠨ  ᠠᠵᠢᠯ ᠤᠨ ᠦᠷ᠎ᠡ ᠪᠦᠳᠦᠮᠵᠢ ᠶ᠋ᠢ  ᠦᠨᠡᠨ ᠪᠣᠳᠠᠲᠠᠢ ᠰᠠᠶᠢᠳᠤᠷ ᠠᠬᠢᠭᠤᠯᠵᠤ  ᠪᠠᠶᠢᠨ᠎ᠠ ᠃      
                                ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ