ᠪᠠᠶᠠᠨᠲᠠᠯ᠎ᠠ ᠰᠤᠮᠤ ᠪᠦᠬᠦ ᠤᠯᠤᠰ ᠤᠨ 《ᠦᠵᠡᠰᠭᠦᠯᠡᠩᠳᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶ᠋ᠢᠨ ᠪᠠᠷᠢᠮᠵᠢᠶᠠᠲᠤ ᠲᠣᠷᠰᠢᠯᠲᠠ ᠶ᠋ᠢᠨ ᠴᠡᠭ 》 ᠤᠨ ᠣᠷᠣᠨ ᠢᠶᠠᠷ ᠥᠨᠡᠯᠡᠭᠳᠡᠪᠡ

ᠣᠩᠰᠢᠭᠰᠠᠨ ᠤᠳᠠᠭ᠎ᠠ ᠄ 3883     ᠨᠡᠶᠢᠳᠡᠯᠡᠭᠰᠡᠨ ᠴᠠᠭ ᠄ 2019/2/20 16:08:51

      ᠡᠮᠦᠨᠡᠬᠡᠨ ᠂ ᠤᠯᠤᠰ ᠤᠨ ᠪᠠᠷᠢᠮᠵᠢᠶᠠᠲᠤ ᠵᠥᠪᠯᠡᠯ《 ᠭᠤᠷᠪᠠᠳᠤᠭᠠᠷ ᠪᠦᠯᠦᠭ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶ᠋ᠢᠨ ᠪᠠᠷᠢᠮᠵᠢᠶᠠᠲᠤ ᠵᠢᠱᠢᠶ᠎ᠡ ᠦᠵᠡᠭᠦᠯᠬᠦ ᠳᠣᠷᠰᠢᠯᠲᠠ ᠶ᠋ᠢᠨ ᠴᠡᠭ ᠦᠨ ᠲᠥᠷᠥᠯ ᠵᠦᠢᠯ ᠦᠨ ᠮᠡᠳᠡᠭᠳᠡᠯ》 ᠳᠠᠷᠬᠠᠭᠠᠵᠤ ᠂ ᠨᠠᠢᠮᠠᠨ ᠬᠤᠰᠢᠭᠤᠨ ᠤ ᠮᠡᠳᠡᠭᠦᠯᠦᠭᠰᠡᠨ ᠪᠠᠶᠠᠨᠲᠠᠯ᠎ᠠ ᠰᠤᠮᠤ《  ᠦᠵᠡᠰᠭᠦᠯᠡᠩᠳᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶ᠋ᠢᠨ ᠪᠠᠷᠢᠮᠵᠢᠶᠠᠲᠤ ᠲᠣᠷᠰᠢᠯᠲᠠ ᠶ᠋ᠢᠨ ᠴᠡᠭ 》 ᠢᠶᠠᠷ ᠥᠨᠡᠯᠡᠭᠳᠡᠨ ᠣᠷᠤᠬᠰᠠᠨ ᠪᠠᠶᠢᠨ᠎ᠠ ᠃ ᠲᠣᠰ ᠤᠳᠠᠭ᠎ᠠ ᠪᠦᠬᠦ ᠤᠯᠤᠰ ᠤᠨ 23 ᠦᠵᠡᠰᠭᠦᠯᠡᠩᠳᠦ  ᠰᠠᠶᠢᠬᠠᠨ ᠬᠥᠳᠡᠭᠡ ᠲᠣᠰᠬᠤᠨ ᠤ ᠲᠣᠷᠰᠢᠯᠲᠠ ᠶ᠋ᠢᠨ ᠴᠡᠭ ᠵᠥᠪᠰᠢᠶᠡᠷᠡᠭᠳᠡᠵᠦ ᠂ ᠡᠭᠦᠨ ᠳ᠋ᠦ ᠥᠪᠥᠷ ᠮᠤᠩᠭᠤᠯ ᠤᠨ 2 ᠪᠠᠶᠢᠵᠤ ᠂  ᠳᠤᠰᠪᠤᠷᠢ ᠨᠠᠢᠮᠠᠨ ᠬᠤᠰᠢᠭᠤᠨ ᠤ ᠪᠠᠶᠠᠨᠲᠠᠯ᠎ᠠ ᠰᠤᠮᠤ ᠪᠣᠯᠣᠨ ᠬᠦᠬᠡᠬᠣᠲᠠ ᠶ᠋ᠢᠨ ᠰᠠᠶᠢᠬᠠᠨ ᠲᠣᠭᠤᠷᠢᠭ  ᠪᠣᠯᠤᠨ᠎ᠠ᠃                                ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ