ᠵᠠᠩ ᠬᠤᠸᠠ ᠭᠣᠣᠯᠳᠠᠯᠭᠠᠳᠣ ᠠᠵᠤ ᠠᠬᠣᠶᠢᠯᠠᠯ ‍ᠤᠨ ᠭᠣᠤᠯᠳᠠᠯᠭ᠎ᠠ ᠲᠠᠶ ᠲᠥᠷᠥᠯ ᠵᠦᠢᠯ ᠳ᠋ᠦ ᠭᠦᠨᠵᠡᠭᠡᠶᠢᠷᠡᠨ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 3237     ᠨᠡᠶᠢᠳᠡᠯᠡᠭᠰᠡᠨ ᠴᠠᠭ ᠄ 2019/5/31 16:44:11

      5 ᠳ᠋ᠤᠭᠠᠷ ᠰᠠᠷ᠎ᠠ ᠶ᠋ᠢᠨ 23 ‍ᠤ ᠡᠳᠦᠷ ᠂ ᠬᠣᠰᠢᠭᠣᠨ ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠭᠣᠣᠯᠳᠠᠯᠭᠠᠳᠣ ᠠᠵᠤ ᠠᠬᠣᠶᠢᠯᠠᠯ ‍ᠤᠨ ᠭᠣᠤᠯᠳᠠᠯᠭ᠎ᠠ ᠲᠠᠶ ᠲᠥᠷᠥᠯ ᠵᠦᠢᠯ ᠳ᠋ᠦ ᠭᠦᠨᠵᠡᠭᠡᠶᠢᠷᠡᠨ ᠬᠠᠮᠢᠶ᠎ᠠ ᠪᠦᠬᠦᠢ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ ᠃
      ᠵᠠᠩ ᠬᠤᠸᠠ ᠤᠷᠢᠳ ᠬᠣᠵᠢᠳ ᠨᠡᠶᠢᠳᠡᠮ ᠬᠡᠷᠡᠭᠯᠡᠬᠦ ᠨᠢᠰᠬᠡᠯ ‍ᠦᠨ ᠪᠠᠭᠤᠳᠠᠯ ᠂  ᠲᠠᠴᠢᠨᠲᠠᠯ᠎ᠠ ᠪᠠᠯᠭᠠᠰᠣᠨ ᠤ ᠰᠢᠨ᠎ᠡ ᠲᠣᠭᠣᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠂ ᠨᠢᠺᠸᠯ ᠤᠨ ᠰᠢᠭᠠᠷᠤ ᠶ᠋ᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ‍ᠢ ᠶᠡᠷᠦᠩᠬᠡᠶᠢᠯᠡᠨ ᠠᠰᠢᠭᠯᠠᠬᠤ ᠂ ᠣᠨᠴᠠ ᠲᠥᠷᠥᠯ ‍ᠦᠨ ᠰᠢᠯ ᠪᠥᠮᠪᠥᠭᠡ ᠵᠢᠴᠢ ᠰᠢᠯ ᠰᠢᠷᠬᠡᠭ ᠦᠢᠯᠡᠳᠬᠦ ᠵᠡᠷᠭᠡ ᠭᠣᠣᠯᠳᠠᠯᠭᠠᠳᠣ ᠠᠵᠤ ᠠᠬᠤᠢᠯᠠᠯ ‍ᠤᠨ ᠭᠣᠤᠯᠳᠠᠯᠭ᠎ᠠ ᠲᠠᠶ ᠲᠥᠷᠥᠯ ᠵᠦᠢᠯ ‍ᠦᠨ ᠪᠦᠲᠦᠭᠡᠨ ᠪᠠᠶᠢᠭᠤᠯᠤᠯᠲᠠ ᠶ᠋ᠢᠨ ᠠᠬᠤᠶ ᠲᠠᠯᠠᠪᠠᠢ ᠳ᠋ᠤ ᠭᠦᠨᠵᠡᠭᠡᠶᠢᠷᠡᠵᠦ ᠂ ᠠᠵᠤ ᠠᠬᠤᠢᠯᠠᠯ ‍ᠤᠨ ᠦᠢᠯᠡᠳᠪᠦᠷᠢᠯᠡᠯ ‍ᠦᠨ ᠠᠵᠢᠯᠯᠠᠭᠠᠨ ᠂ ᠲᠥᠷᠥᠯ ᠵᠦᠢᠯ ‍ᠦᠨ ᠪᠦᠲᠦᠭᠡᠨ ᠪᠠᠶᠢᠭᠤᠯᠤᠯᠲᠠ ᠶ᠋ᠢᠨ ᠠᠬᠢᠴᠠ ᠵᠡᠷᠭᠡ ᠪᠠᠶᠢᠳᠠᠯ ‍ᠢ ᠨᠠᠷᠢᠨ ᠣᠶᠢᠯᠠᠭᠠᠵᠤ ᠂ ᠲᠥᠷᠥᠯ ᠵᠦᠢᠯ ‍ᠦᠨ ᠪᠦᠲᠦᠭᠡᠨ ᠪᠠᠶᠢᠭᠤᠯᠤᠯᠲᠠ ᠶ᠋ᠢᠨ ᠶᠠᠪᠤᠴᠠ ᠳ᠋ᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ‍ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠨ᠎ᠠ ᠃
      ᠵᠠᠩ ᠬᠤᠸᠠ ᠴᠢᠩᠭᠠᠳᠬᠠᠭᠰᠠᠨ ᠨᠢ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ  ᠭᠣᠣᠯᠳᠠᠯᠭᠠᠳᠣ ᠠᠵᠤ ᠠᠬᠣᠶᠢᠯᠠᠯ ‍ᠤᠨ ᠠᠵᠢᠯᠯᠠᠭᠠᠨ ‍ᠤ ᠬᠢᠨᠠᠨ ᠬᠠᠮᠢᠶᠠᠷᠣᠯᠳᠠ ᠪᠠ ᠭᠣᠣᠯᠳᠠᠯᠭ᠎ᠠ ᠲᠠᠢ ᠲᠥᠷᠥᠯ ᠵᠦᠢᠯ ‍ᠦᠨ ᠪᠦᠲᠦᠭᠡᠨ ᠪᠠᠶᠢᠭᠤᠯᠤᠯᠲᠠ ᠶ᠋ᠢᠨ ᠲᠣᠬᠢᠷᠠᠭᠤᠯᠤᠯᠲᠠ ᠶ᠋ᠢ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ‍ᠦᠨ ᠠᠵᠤ ᠠᠬᠤᠢᠯᠠᠯ ‍ᠤᠨ ᠭᠣᠣᠯ ᠴᠣᠭᠴᠠ ᠶ᠋ᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ‍ᠦᠨ ᠬᠢᠨᠠᠨ ᠬᠠᠮᠢᠶᠠᠷᠬᠤ ᠬᠠᠷᠢᠭᠤᠴᠠᠯᠭ᠎ᠠ ᠶ᠋ᠢ ᠰᠠᠶᠢᠲᠤᠷ ᠨᠠᠶᠢᠳᠠᠪᠣᠷᠢᠵᠢᠭᠣᠯᠣᠨ ᠂ ᠪᠣᠳᠠᠲᠠᠢ ᠠᠰᠠᠭᠤᠳᠠᠯ ‍ᠢ ᠴᠠᠭ ᠲᠤᠬᠠᠢ ᠳ᠋ᠤᠨᠢ ᠬᠠᠪᠰᠤᠷᠤᠨ ᠰᠢᠢᠳᠪᠦᠷᠢᠯᠡᠵᠦ ᠂ ᠲᠥᠷᠥᠯ ᠵᠦᠢᠯ ‍ᠦᠨ ᠪᠦᠲᠦᠭᠡᠨ ᠪᠠᠶᠢᠭᠤᠯᠤᠯᠲᠠ ᠶ᠋ᠢᠨ ᠠᠬᠢᠴᠠ ᠶ᠋ᠢ ᠲᠦᠷᠭᠡᠳᠬᠡᠨ ᠠᠬᠢᠭᠤᠯᠵᠤ ᠂ ᠠᠵᠤ ᠠᠬᠤᠢ ᠶ᠋ᠢᠨ ᠠᠵᠢᠯᠯᠠᠭᠠᠨ ‍ᠤ ᠶᠠᠰᠤ ᠴᠢᠨᠠᠷ ‍ᠢ ᠳᠡᠭᠡᠭᠰᠢᠯᠡᠭᠦᠯᠬᠦ ᠬᠡᠷᠡᠭᠲᠡᠢ ᠃ ᠲᠥᠪ ‍ᠦᠨ ᠣᠷᠴᠢᠨ ᠲᠣᠭᠣᠷᠢᠨ ‍ᠤ ᠬᠠᠮᠠᠭᠠᠯᠠᠯᠲᠠ ᠶ᠋ᠢᠨ ᠬᠢᠨᠠᠨ ᠪᠠᠶᠢᠴᠠᠭᠠᠯᠲᠠ ᠶ᠋ᠢᠨ 《 ᠡᠷᠬᠢᠴᠡᠬᠦᠯᠦᠨ ᠦᠵᠡᠬᠦ 》 ᠳ᠋ᠥ ᠬᠠᠷᠢᠭᠤ ᠲᠤᠰᠬᠠᠭᠰᠠᠨ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠶ᠋ᠢ ᠴᠢᠩᠭ᠎ᠠ ᠠᠩᠬᠠᠷᠴᠤ ᠂ ᠴᠡᠭᠴᠡᠯᠡᠨ ᠰᠠᠶᠢᠵᠢᠷᠠᠭᠣᠯᠬᠣ ᠠᠷᠭ᠎ᠠ ᠬᠡᠮᠵᠢᠶ᠎ᠡ ᠶ᠋ᠢ  ᠨᠠᠶᠢᠳᠠᠪᠣᠷᠢᠵᠢᠭᠣᠯᠬᠣ ᠡᠷᠴᠢᠮ ‍ᠢᠶ᠋ᠡᠨ ᠴᠢᠨᠠᠭᠰᠢᠳᠠ ᠴᠢᠩᠭᠠᠷᠠᠭᠤᠯᠵᠤ ᠂ ᠪᠣᠬᠢᠷ ᠤᠰᠤ ᠶ᠋ᠢ ᠰᠢᠢᠳᠪᠦᠷᠢᠯᠡᠬᠦ ᠢᠨᠵᠸᠨ᠋ᠸᠷᠢᠭ ᠤᠨ ᠪᠠᠷᠢᠮᠵᠢᠶ᠎ᠠ ᠳ᠋ᠤ ᠬᠦᠷᠭᠡᠨ ᠭᠠᠳᠠᠭᠰᠢᠯᠠᠭᠣᠯᠬᠣ ᠂ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠬᠣ ᠶ᠋ᠢ ᠪᠦᠬᠦ ᠬᠦᠴᠦᠨ ‍ᠢᠶ᠋ᠡᠷ ᠠᠬᠢᠭᠣᠯᠣᠨ ᠂ ᠨᠢᠺᠸᠯ ᠤᠨ ᠰᠢᠭᠠᠷᠤ ᠶ᠋ᠢᠨ ᠬᠠᠲᠠᠭᠤ ᠬᠠᠶᠠᠭᠳᠠᠮᠠᠯ ᠪᠣᠳᠠᠰ ‍ᠢ ᠶᠡᠷᠦᠩᠬᠡᠶᠢᠯᠡᠨ ᠠᠰᠢᠭᠯᠠᠬᠤ ᠠᠵᠤ ᠠᠬᠤᠢᠯᠠᠯ ‍ᠤᠨ ᠦᠢᠯᠡᠳᠪᠦᠷᠢᠯᠡᠯ ‍ᠦᠨ ᠴᠢᠳᠠᠪᠤᠷᠢ ᠪᠠᠨ ᠥᠷᠭᠡᠳᠬᠡᠬᠦ ᠶ᠋ᠢ ᠶᠡᠬᠡᠪᠡᠷ ᠳᠠᠮᠵᠢᠵᠤ ᠂ ᠲᠥᠪ ‍ᠦᠨ ᠣᠷᠴᠢᠨ ᠲᠣᠭᠣᠷᠢᠨ ‍ᠤ ᠬᠠᠮᠠᠭᠠᠯᠠᠯᠲᠠ ᠶ᠋ᠢᠨ ᠬᠢᠨᠠᠨ ᠪᠠᠶᠢᠴᠠᠭᠠᠯᠲᠠ ᠶ᠋ᠢᠨ 《 ᠡᠷᠬᠢᠴᠡᠭᠦᠯᠦᠨ ᠦᠵᠡᠭᠦ 》 ᠳ᠋ᠥ ᠬᠠᠷᠢᠭᠤ ᠲᠤᠰᠬᠠᠭᠰᠠᠨ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠬᠡᠵᠡᠢ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ