39 ᠬᠦᠮᠦᠨ ᠤ ᠬᠠᠷ᠎ᠠ ᠪᠦᠯᠦᠭᠳᠡᠨ ᠳ᠋ᠦ ᠬᠣᠯᠪᠣᠭᠳᠠᠭᠰᠠᠨ ᠬᠡᠷᠡᠭ ‍ᠦᠨ ᠲᠠᠰᠤᠯᠤᠯᠲᠠ ᠶ᠋ᠢ ᠨᠠᠶᠢᠳᠡᠯᠡᠭᠰᠡᠨ

ᠣᠩᠰᠢᠭᠰᠠᠨ ᠤᠳᠠᠭ᠎ᠠ ᠄ 703     ᠨᠡᠶᠢᠳᠡᠯᠡᠭᠰᠡᠨ ᠴᠠᠭ ᠄ 2019/5/31 17:21:42

       5 ᠳ᠋ᠣᠭᠠᠷ ᠰᠠᠷ᠎ᠠ ᠶ᠋ᠢᠨ 29 ‍ᠤ ᠡᠳᠦᠷ ᠂ ᠬᠣᠰᠢᠭᠤᠨ ‍ᠤ ᠠᠷᠠᠳ ‍ᠤᠨ ᠰᠢᠭᠦᠬᠦ ᠬᠣᠷᠢᠶ᠎ᠠ ᠡᠴᠡ 6.02 ᠤᠨ ᠬᠠᠷ᠎ᠠ ᠪᠦᠯᠦᠭᠳᠡᠨ ᠳ᠋ᠦ ᠬᠣᠯᠪᠣᠭᠳᠠᠭᠰᠠᠨ ᠬᠡᠷᠡᠭ ‍ᠢ ᠲᠠᠰᠣᠯᠬᠣ ᠰᠣᠨᠢᠨ ᠮᠡᠳᠡᠭᠡ ᠨᠡᠶᠢᠳᠡᠯᠡᠬᠦ ᠬᠣᠷᠠᠯ ᠶᠠᠪᠣᠭᠳᠠᠭᠣᠯᠵᠣ ᠂ ᠰᠣᠷᠪᠣᠯᠵᠢᠯᠠᠭᠴᠢ ᠬᠣᠷᠠᠯ ᠡᠴᠠ ᠣᠶᠢᠯᠠᠭᠠᠭᠰᠠᠨ ᠨᠢ ᠂ ᠨᠡᠶᠢᠭᠡᠮ ᠤᠨ ᠠᠩᠬᠠᠷᠣᠯ ‍ᠢ ᠲᠠᠳᠠᠭᠰᠠᠨ ᠯᠢᠦ ᠬᠠᠢ ᠳ᠋ᠦᠩ ᠵᠡᠷᠭᠡ 39 ᠬᠦᠮᠦᠨ ᠤ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠶ᠋ᠢ ᠵᠣᠬᠢᠶᠠᠨ ᠪᠠᠶᠢᠭᠣᠯᠵᠣ ᠂ ᠤᠳᠤᠷᠢᠳᠤᠨ ᠂ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠳ᠋ᠥ ᠣᠷᠣᠯᠴᠠᠭᠰᠠᠨ ᠶᠠᠯ᠎ᠠ ᠂ ᠥᠳᠥᠭᠡᠨ ᠬᠠᠯᠳᠠᠵᠤ ᠬᠡᠷᠡᠭ ᠡᠳᠦᠭᠰᠡᠨ ᠶᠠᠯ᠎ᠠ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠶᠠᠯ᠎ᠠ ᠵᠡᠷᠭᠡ 13 ᠲᠦᠷᠦᠯ ‍ᠦᠨ ᠬᠠᠷ᠎ᠠ ᠪᠦᠯᠦᠭᠳᠡᠨ ᠤ ᠴᠢᠨᠠᠷᠲᠠᠶ ᠬᠡᠷᠡᠭ ‍ᠢ 29 ‍ᠤ ᠡᠳᠦᠷ ‍ᠦᠨ ᠦᠳᠡ ᠬᠣᠶᠢᠨ᠎ᠠ ᠢᠯᠡ ᠪᠡᠷ ᠰᠢᠭᠦᠨ ᠲᠠᠰᠤᠯᠪᠠ ᠃
        ᠰᠣᠨᠢᠨ ᠮᠡᠳᠡᠭᠡ ᠨᠡᠶᠢᠲᠡᠯᠡᠬᠦ ᠬᠤᠷᠠᠯ ᠡᠴᠠ ᠬᠣᠰᠢᠭᠤᠨ ‍ᠤ ᠠᠷᠠᠳ ‍ᠤᠨ ᠰᠢᠭᠦᠬᠦ ᠬᠣᠷᠢᠶᠠᠨ ‍ᠤ ᠰᠢᠭᠦᠨ ᠰᠢᠢᠳᠪᠦᠷᠢᠯᠡᠭᠰᠡᠨ ᠵᠠᠭᠠᠯᠳᠤᠭᠳᠠᠭᠴᠢ ᠯᠢᠦ ᠬᠠᠢ ᠳ᠋ᠦᠩ ᠂ ᠯᠢ ᠫᠦᠸᠸ ᠵᠡᠷᠭᠡ 39 ᠬᠥᠮᠥᠨ ᠤ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠶ᠋ᠢ ᠵᠣᠬᠢᠶᠠᠨ ᠪᠠᠶᠢᠭᠣᠯᠵᠣ ᠂ ᠤᠳᠤᠷᠢᠳᠤᠨ ᠂ ᠣᠷᠣᠯᠴᠠᠭᠰᠠᠨ ᠶᠠᠯ᠎ᠠ ᠶ᠋ᠢᠨ ᠰᠢᠭᠦᠨ ᠲᠠᠰᠤᠯᠤᠯᠲᠠ ᠶ᠋ᠢᠨ ᠦᠷ᠎ᠡ ᠳ᠋ᠦᠩ ‍ᠢ ᠵᠠᠷᠯᠠᠨ ᠮᠡᠳᠡᠭᠳᠡᠪᠡ ᠃
        ᠰᠢᠭᠦᠨ ᠪᠠᠶᠢᠴᠠᠭᠠᠵᠣ ᠲᠣᠳᠣᠯᠠᠭᠰᠠᠨ ᠨᠢ ᠄ ᠵᠠᠭᠠᠯᠳᠤᠭᠳᠠᠭᠴᠢ ᠯᠢᠦ ᠬᠠᠢ ᠳ᠋ᠦᠩ 1990 ᠣᠨ ᠳ᠋ᠤ ᠯᠢ ᠣᠪᠣᠭᠲᠤ ᠵᠢ ᠬᠦᠨᠳᠦ ᠰᠢᠷᠬᠠᠳᠣᠭᠣᠯᠵᠣ ᠡᠷᠡᠭᠦᠦ ᠶ᠋ᠢᠨ ᠰᠢᠢᠳᠭᠡᠯ ᠬᠦᠢᠴᠡᠳᠬᠡᠵᠦ ᠬᠤᠭᠤᠴᠠᠭ᠎ᠠ ᠨᠢ ᠲᠠᠭᠣᠰᠴᠣ ᠰᠤᠯᠠᠯᠠᠭᠳᠠᠭᠰᠠᠨ ‍ᠤ ᠳᠠᠷᠠᠭ᠎ᠠ ᠂ ᠬᠠᠤᠯᠢ ᠪᠤᠰᠤ ᠪᠠᠷ ᠤᠬᠢᠶᠠᠯᠭ᠎ᠠ ᠶ᠋ᠢᠨ ᠬᠡᠷ ᠂ ᠠᠷᠢᠬᠢᠨ ᠮᠤᠬᠬᠤᠯᠠᠭ ‍ᠤᠨ ᠡᠵᠡᠩᠨᠡᠯᠲᠡ ᠶ᠋ᠢᠨ ᠠᠵᠢᠯᠯᠠᠭ᠎ᠠ ᠬᠢᠪᠡ ᠃ ᠯᠢ ᠫᠦᠸᠸ ᠫᠤᠤ ᠪᠠᠷᠢᠵᠤ ᠶᠠᠩ ᠣᠪᠣᠭᠲᠤ ᠵᠢ ᠵᠣᠷᠢᠭᠤᠳᠠ ᠭᠡᠮᠲᠦᠭᠡᠭᠰᠡᠨ ᠂ ᠳᠡᠭᠡᠷᠡᠮᠳᠡᠭᠰᠡᠨ ᠵᠡᠷᠭᠡ ᠶᠠᠯᠠᠲᠤ ᠠᠵᠢᠯᠯᠠᠭ᠎ᠠ ᠬᠢᠵᠣ ᠭᠢᠨᠳᠠᠨ ‍ᠤ ᠭᠠᠳᠠᠨ᠎ᠠ ᠳᠠᠭᠠᠭᠠᠨ ᠭᠠᠷᠭᠠᠵᠤ ᠡᠮᠨᠡᠭᠦᠯᠦᠭᠰᠡᠨ ‍ᠦ ᠲᠠᠷᠠᠭ᠎ᠠ ᠰᠦᠯᠵᠢᠶᠡᠨ ᠳᠡᠭᠡᠷ᠎ᠡ 《 ᠡᠷᠡᠭᠦᠦ ᠶ᠋ᠢᠨ ᠬᠡᠷᠡᠭ ᠤᠨ ᠬᠤᠭᠤᠴᠠᠭ᠎ᠠ ᠨᠢ ᠲᠠᠭᠣᠰᠴᠣ ᠰᠤᠯᠠᠯᠠᠭᠳᠠᠭᠰᠠᠨ 》 ᠬᠥᠮᠦᠰ ‍ᠢ ᠴᠣᠭᠯᠠᠭᠣᠯᠵᠣ ᠬᠠᠤᠯᠢ ᠪᠤᠰᠤ ᠪᠠᠷ ᠥᠷᠢ ᠨᠡᠬᠡᠵᠦ ᠂ ᠪᠤᠰᠤᠳ ‍ᠤᠨ ᠵᠣᠭᠣᠰ ᠮᠥᠩᠭᠥ ᠡᠳ᠋ ᠪᠣᠳᠠᠰ ‍ᠢ ᠬᠢᠬᠠᠨ ᠠᠪᠴᠤ ᠂ ᠬᠣᠶᠠᠭᠤᠯᠠ ᠯᠤᠲᠤ ᠶᠡᠬᠡ ᠬᠡᠮᠵᠢᠶᠡᠨ ‍ᠦ ᠬᠠᠤᠯᠢ ᠪᠤᠰᠤ ᠠᠵᠤ ᠠᠬᠤᠢ ᠶ᠋ᠢᠨ ᠠᠰᠢᠭ ᠲᠤᠰᠠ ᠣᠯᠵᠤ ᠂ ᠯᠢᠦ ᠬᠠᠢ ᠳ᠋ᠦᠩ ᠂ ᠯᠢ ᠫᠦᠸᠸ ᠪᠠᠷ ᠵᠣᠬᠢᠶᠠᠨ ᠪᠠᠶᠢᠭᠤᠯᠤᠯᠲᠠ ᠶ᠋ᠢᠨ ᠤᠳᠤᠷᠢᠳᠤᠭᠴᠢ ᠪᠣᠯᠭᠠᠭᠰᠠᠨ ᠂ ᠵᠠᠭᠠᠯᠳᠤᠭᠳᠠᠭᠴᠢ ᠸᠠᠩ ᠳ᠋ᠠ ᠸᠧᠶ ᠂ ᠰᠠᠩ ᠫᠧᠩ ᠂ ᠮᠥᠸᠧ ᠴᠦᠨ ᠢᠦᠢ ᠵᠡᠷᠭᠡ 14 ᠬᠥᠮᠥᠨ ᠢᠳᠡᠪᠬᠢᠲᠡᠶ ᠣᠷᠣᠯᠴᠠᠭᠰᠠᠳ ᠪᠣᠯᠵᠤ ᠂ ᠵᠠᠭᠠᠯᠳᠤᠭᠳᠠᠭᠴᠢ ᠴᠧᠨ ᠬᠤᠤ ᠂ ᠾᠧᠦ ᡁᠢ ᠯᠧᠢ ᠂ ᠵᠠᠩ ᠴᠢᠤᠸᠠᠨ ᠵᠡᠷᠭᠡ 23 ᠬᠥᠮᠥᠨ ᠡᠩ ‍ᠦᠨ ᠣᠷᠣᠯᠴᠠᠭᠰᠠᠳ ᠪᠣᠯᠵᠣ ᠪᠦᠷᠢᠯᠳᠦᠭᠰᠡᠨ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠠᠭᠠᠵᠢᠮ ᠢᠶᠠᠷ ᠪᠦᠷᠢᠯᠳᠦᠭᠰᠡᠨ ᠪᠠᠶᠢᠨ᠎ᠠ ᠃ ᠲᠤᠰ ᠵᠣᠬᠢᠶᠠᠨ ᠪᠠᠶᠢᠭᠤᠯᠤᠯᠲᠠ ᠶ᠋ᠢᠨ ᠪᠦᠷᠢᠯᠳᠦᠬᠦᠨ ‍ᠦ ᠬᠥᠮᠦᠨ ‍ᠦ ᠲᠣᠭ᠎ᠠ ᠤᠯᠠᠨ ᠂ ᠲᠣᠳᠣᠷᠬᠠᠶ ᠵᠣᠬᠢᠶᠠᠨ ᠪᠠᠶᠢᠭᠤᠯᠤᠯᠲᠠ ᠶ᠋ᠢᠨ ᠤᠳᠤᠷᠢᠳᠤᠭᠴᠢ ᠲᠠᠶ ᠂ ᠭᠣᠣᠯᠯᠠᠭᠴᠢ ᠪᠦᠷᠢᠯᠳᠦᠬᠦᠨ ᠨᠢ ᠦᠨᠳᠦᠰᠦᠨ ᠳ᠋ᠡᠭᠡᠨ ᠲᠣᠭᠲᠠᠪᠤᠷᠢᠲᠠᠶ ᠪᠠᠶᠢᠵᠤ ᠂ ᠲᠥᠯᠥᠪᠯᠡᠭᠡ ᠲᠡᠶ ᠪᠡᠷ ᠣᠯᠠᠭᠤᠯᠠ ᠨᠡᠶᠢᠯᠡᠵᠦ ᠵᠣᠳᠣᠭᠠᠨ ᠬᠢᠬᠦ ᠂ ᠵᠣᠷᠢᠭᠤᠳᠠ ᠭᠡᠮᠲᠦᠭᠡᠬᠦ ᠂ ᠬᠠᠤᠯᠢ ᠪᠤᠰᠤ ᠪᠠᠷ ᠬᠣᠷᠢᠬᠤ ᠂ ᠬᠢᠬᠠᠨ ᠠᠪᠬᠤ ᠂ ᠬᠠᠭᠤᠷᠮᠠᠭ ᠮᠠᠭᠤ ᠦᠢᠯᠡᠳᠬᠦᠨ ‍ᠢ ᠦᠢᠯᠡᠳᠪᠦᠷᠢᠯᠡᠬᠦ ᠂ ᠪᠣᠷᠣᠯᠠᠭᠤᠯᠬᠤ ᠂ ᠲᠠᠷᠢᠶᠠᠯᠠᠩ ᠳ᠋ᠤ ᠬᠡᠷᠡᠭᠯᠡᠬᠦ ᠭᠠᠵᠠᠷ ‍ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠂ ᠵᠣᠭᠣᠰ ᠨᠠᠭᠠᠳᠬᠤ ᠭᠠᠵᠠᠷ ᠭᠠᠷᠭᠠᠬᠤ ᠂ ᠡᠳ᠋ ᠬᠣᠭᠰᠢᠯ ‍ᠢ ᠵᠣᠷᠢᠭᠤᠳᠠ ᠡᠪᠳᠡᠨ ᠰᠦᠢᠳᠬᠡᠬᠦ ᠂ ᠠᠯᠪᠠᠳᠠᠨ ᠠᠷᠠᠯᠵᠢᠶᠠᠯᠠᠬᠤ ᠂ ᠥᠮᠥᠭᠯᠡᠬᠦ ᠂ ᠮᠡᠬᠡᠯᠡᠬᠦ ᠵᠡᠷᠬᠡ ᠶᠠᠯᠠᠲᠤ ᠠᠵᠢᠯᠯᠠᠭ᠎ᠠ ᠶ᠋ᠢ ᠶᠡᠬᠡ ᠪᠡᠷ ᠬᠢᠵᠦ ᠂ ᠲᠦᠩᠯᠢᠶᠣᠤ ᠣᠷᠣᠨ ᠳ᠋ᠤ ᠴᠢᠬᠤᠯᠠ ᠶᠡᠬᠡ ᠨᠥᠯᠥᠭᠡ ᠦᠵᠡᠭᠦᠯᠵᠦ ᠂ ᠲᠤᠬᠠᠢ ‍ᠢᠢᠨ ᠭᠠᠵᠠᠷ ‍ᠤᠨ ᠠᠵᠤ ᠠᠬᠤᠢ ᠂ ᠨᠠᠶᠢᠭᠡᠮ ‍ᠦᠨ ᠠᠮᠢᠳᠤᠷᠠᠯ ‍ᠤᠨ ᠡᠮᠬᠢ ᠳᠢᠭᠯᠢᠮ ‍ᠢ ᠬᠦᠨᠳᠦ ᠨᠣᠴᠢᠲᠠᠢ ᠡᠪᠳᠡᠭᠰᠡᠨ ᠪᠠᠶᠢᠨ᠎ᠠ ᠃
         ᠵᠠᠭᠠᠯᠳᠤᠭᠳᠠᠭᠴᠢ ᠨᠢᠭᠡᠪᠦᠷᠢ ᠶ᠋ᠢᠨ ᠶᠠᠯ᠎ᠠ ᠬᠢᠭᠰᠡᠨ ᠪᠣᠳᠠᠲᠤ ᠶᠠᠪᠤᠳᠠᠯ ᠂ ᠰᠢᠨᠵᠢ ᠴᠢᠨᠠᠷ ᠂ ᠦᠢᠯᠡ ᠪᠠᠶᠢᠳᠠᠯ ᠂ ᠪᠠᠶᠢᠷᠢ ᠰᠠᠭᠤᠷᠢ ᠂ ᠦᠢᠯᠡᠳᠦᠯ ᠵᠢᠴᠢ ᠶᠠᠯ᠎ᠠ ᠪᠠᠨ ᠮᠡᠳᠡᠷᠡᠵᠦ ᠭᠡᠮᠰᠢᠭᠰᠡᠨ ᠢᠯᠡᠷᠡᠯ ᠪᠠ ᠨᠡᠶᠢᠭᠡᠮ ᠳ᠋ᠦ ᠤᠴᠠᠷᠠᠭᠤᠯᠤᠭᠰᠠᠨ ᠬᠣᠣᠷ ᠬᠥᠨᠥᠭᠡᠯ ‍ᠦᠨ ᠬᠡᠮᠵᠢᠶ᠎ᠡ ᠵᠡᠷᠭᠡ ᠶ᠋ᠢ ᠦᠨᠳᠦᠰᠦᠯᠡᠵᠦ ᠂ 《 ᠪᠥᠬᠥᠳᠡ ᠨᠠᠶᠢᠷᠠᠮᠳᠠᠬᠣ ᠳᠤᠮᠳᠠᠳᠤ ᠠᠷᠠᠳ ᠤᠯᠤᠰ ᠤᠨ ᠡᠷᠡᠭᠦᠦ ᠶ᠋ᠢᠨ ᠬᠠᠤᠯᠢ 》 ᠶ᠋ᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠂ ᠬᠣᠰᠢᠭᠤᠨ ‍ᠤ ᠠᠷᠠᠳ ‍ᠤᠨ ᠰᠢᠭᠦᠬᠦ ᠬᠣᠷᠢᠶᠠᠨ ‍ᠤ ᠰᠢᠭᠦᠨ ᠲᠠᠰᠤᠯᠬᠤ ᠬᠣᠷᠢᠶ᠎ᠠ ᠡᠴᠠ ᠰᠤᠳᠤᠯᠤᠨ ᠶᠠᠷᠢᠯᠴᠠᠵᠤ ᠳᠣᠭᠳᠠᠭᠠᠭᠰᠠᠨ ᠨᠢ ᠂ ᠵᠠᠭᠠᠯᠳᠤᠭᠳᠠᠭᠴᠢ ᠯᠢᠦ ᠬᠠᠢ ᠳ᠋ᠦᠩ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠶ᠋ᠢ ᠵᠣᠬᠢᠶᠠᠨ ᠪᠠᠶᠢᠭᠣᠯᠵᠣ ᠤᠳᠤᠷᠢᠳᠤᠭᠰᠠᠨ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠂ ᠥᠳᠥᠭᠡᠨ ᠬᠠᠯᠳᠠᠵᠤ ᠬᠡᠷᠡᠭ ᠡᠳᠦᠭᠰᠡᠨ ᠂ ᠵᠣᠷᠢᠭᠤᠳᠠ ᠭᠡᠮᠲᠦᠭᠡᠭᠰᠡᠨ ᠂ ᠬᠠᠤᠯᠢ ᠪᠤᠰᠤ ᠪᠠᠷ ᠬᠣᠷᠢᠭᠰᠠᠨ ᠂ ᠬᠢᠬᠠᠨ ᠮᠡᠬᠡᠯᠡᠭᠰᠡᠨ ᠂ ᠡᠳ᠋ ᠬᠣᠭᠰᠢᠯ ‍ᠢ ᠵᠣᠷᠢᠭᠤᠳᠠ ᠡᠪᠳᠡᠨ ᠰᠦᠢᠳᠬᠡᠭᠰᠡᠨ ᠂ ᠠᠯᠪᠠᠳᠠᠨ ᠠᠷᠠᠯᠵᠢᠶᠠᠯᠠᠭᠰᠠᠨ ᠂ ᠲᠠᠷᠢᠶᠠᠯᠠᠩ ᠳ᠋ᠤ ᠬᠡᠷᠡᠭᠯᠡᠬᠦ ᠭᠠᠵᠠᠷ ‍ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠂ ᠥᠮᠥᠭᠯᠡᠭᠰᠡᠨ ᠂ ᠵᠣᠭᠣᠰ ᠨᠠᠭᠠᠳᠬᠤ ᠭᠠᠵᠠᠷ ᠭᠠᠷᠭᠠᠭᠰᠠᠨ ᠂ ᠬᠠᠭᠤᠷᠮᠠᠭ ᠮᠠᠭᠤ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠤᠭᠰᠠᠨ ᠂ ᠮᠡᠬᠡᠯᠡᠭᠰᠡᠨ ᠵᠡᠷᠭᠡ 13 ᠵᠦᠢᠯ ‍ᠦᠨ ᠶᠠᠯ᠎ᠠ ᠬᠢᠵᠦ ᠂ 24 ᠵᠢᠯ ‍ᠤᠨ ᠬᠤᠭᠤᠴᠠᠭ᠎ᠠ ᠲᠠᠶ ᠬᠣᠷᠢᠵᠣ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠬᠣᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠵᠣ ᠂ ᠤᠯᠤᠰ ᠲᠥᠷᠥ ᠶ᠋ᠢᠨ ᠡᠷᠬᠡ ᠶ᠋ᠢ ᠨᠢ ᠲᠠᠪᠤᠨ ᠵᠢᠯ ᠬᠠᠰᠤᠬᠤ ᠪᠠᠷ ᠲᠣᠭᠲᠠᠭᠠᠪᠠ ᠃ ᠵᠠᠭᠠᠯᠳᠤᠭᠳᠠᠭᠴᠢ ᠯᠢ ᠫᠦᠸᠸ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠶ᠋ᠢ ᠵᠣᠬᠢᠶᠠᠨ ᠪᠠᠶᠢᠭᠣᠯᠵᠣ ᠂ ᠤᠳᠤᠷᠢᠳᠤᠭᠰᠠᠨ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠂ ᠥᠳᠥᠭᠡᠨ ᠬᠠᠯᠳᠠᠵᠤ ᠬᠡᠷᠡᠭ ᠡᠳᠦᠭᠰᠡᠨ ᠂ ᠵᠣᠷᠢᠭᠤᠳᠠ ᠭᠡᠮᠲᠦᠭᠡᠭᠰᠡᠨ ᠂ ᠬᠠᠤᠯᠢ ᠪᠤᠰᠤ ᠪᠠᠷ ᠬᠣᠷᠢᠭᠰᠠᠨ ᠂ ᠬᠢᠬᠠᠨ ᠮᠡᠬᠡᠯᠡᠭᠰᠡᠨ ᠂ ᠡᠳ᠋ ᠬᠣᠭᠰᠢᠯ ‍ᠢ ᠵᠣᠷᠢᠭᠤᠳᠠ ᠡᠪᠳᠡᠨ ᠰᠦᠢᠳᠬᠡᠭᠰᠡᠨ ᠂ ᠠᠯᠪᠠᠳᠠᠨ ᠠᠷᠠᠯᠵᠢᠶᠠᠯᠠᠭᠰᠠᠨ ᠂ ᠲᠠᠷᠢᠶᠠᠯᠠᠩ ᠳ᠋ᠤ ᠬᠡᠷᠡᠭᠯᠡᠬᠦ ᠭᠠᠵᠠᠷ ‍ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠂ ᠥᠮᠥᠭᠯᠡᠭᠰᠡᠨ ᠂ ᠵᠣᠭᠣᠰ ᠨᠠᠭᠠᠳᠬᠤ ᠭᠠᠵᠠᠷ ᠭᠠᠷᠭᠠᠭᠰᠠᠨ ᠂ ᠬᠠᠭᠤᠷᠮᠠᠭ ᠮᠠᠭᠤ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠤᠭᠰᠠᠨ ᠂ ᠮᠡᠬᠡᠯᠡᠭᠰᠡᠨ ᠵᠡᠷᠭᠡ 13 ᠵᠦᠢᠯ ‍ᠦᠨ ᠶᠠᠯ᠎ᠠ ᠬᠢᠵᠦ ᠂ 23 ᠵᠢᠯ ‍ᠤᠨ ᠬᠤᠭᠤᠴᠠᠭ᠎ᠠ ᠲᠠᠶ ᠬᠣᠷᠢᠵᠣ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠬᠣᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠵᠣ ᠂ ᠤᠯᠤᠰ ᠲᠥᠷᠥ ᠶ᠋ᠢᠨ ᠡᠷᠬᠡ ᠶ᠋ᠢ ᠨᠢ ᠲᠠᠪᠤᠨ ᠵᠢᠯ ᠬᠠᠰᠤᠬᠤ ᠪᠠᠷ ᠲᠣᠭᠲᠠᠭᠠᠪᠠ ᠃ ᠵᠠᠭᠠᠯᠳᠤᠭᠳᠠᠭᠴᠢ ᠸᠠᠩ ᠳ᠋ᠠ ᠸᠧᠶ ᠵᠢ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠳ᠋ᠥ ᠣᠷᠣᠯᠴᠠᠭᠰᠠᠨ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠂ ᠥᠳᠥᠭᠡᠨ ᠬᠠᠯᠳᠠᠵᠤ ᠬᠡᠷᠡᠭ ᠡᠳᠦᠭᠰᠡᠨ ᠂ ᠬᠠᠤᠯᠢ ᠪᠤᠰᠤ ᠪᠠᠷ ᠬᠣᠷᠢᠭᠰᠠᠨ ᠂ ᠬᠢᠬᠠᠭᠰᠠᠨ ᠂ ᠠᠯᠪᠠᠳᠠᠨ ᠠᠷᠠᠯᠵᠢᠶᠠᠯᠠᠭᠰᠠᠨ ᠵᠡᠷᠬᠡ ᠬᠡᠳᠦᠨ ᠶᠠᠯ᠎ᠠ ᠪᠠᠷ ᠨᠡᠶᠢᠯᠡᠭᠦᠯᠦᠨ ᠰᠢᠢᠳᠬᠡᠵᠦ ᠂ 20 ᠵᠢᠯ ‍ᠤᠨ ᠬᠤᠭᠤᠴᠠᠭ᠎ᠠ ᠲᠠᠶ ᠬᠣᠷᠢᠵᠣ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠬᠣᠷᠢᠶᠠᠨ ᠠᠪᠴᠤ ᠂ ᠤᠯᠤᠰ ᠲᠥᠷᠥ ᠶ᠋ᠢᠨ ᠡᠷᠬᠡ ᠶ᠋ᠢ ᠨᠢ ᠳᠥᠷᠪᠡᠨ ᠵᠢᠯ ᠬᠠᠰᠤᠬᠤ ᠪᠠᠷ ᠲᠣᠭᠲᠠᠭᠠᠪᠠ ᠃ ᠵᠠᠭᠠᠯᠳᠤᠭᠳᠠᠭᠴᠢ ᠰᠠᠩ ᠫᠧᠩ ‍ᠢ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠳ᠋ᠥ ᠣᠷᠣᠯᠴᠠᠭᠰᠠᠨ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠂ ᠥᠳᠥᠭᠡᠨ ᠬᠠᠯᠳᠠᠵᠤ ᠬᠡᠷᠡᠭ ᠡᠳᠦᠭᠰᠡᠨ ᠂ ᠬᠢᠬᠠᠨ ᠮᠡᠬᠡᠯᠡᠭᠰᠡᠨ ᠶᠠᠯ᠎ᠠ ᠪᠠᠷ ᠨᠡᠶᠢᠯᠡᠭᠦᠯᠦᠨ ᠰᠢᠢᠳᠭᠡᠵᠣ ᠂ 19 ᠵᠢᠯ ‍ᠤᠨ ᠬᠤᠭᠤᠴᠠᠭ᠎ᠠ ᠲᠠᠶ ᠬᠣᠷᠢᠬᠤ ᠪᠠᠷ ᠰᠢᠢᠳᠭᠡᠨ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠬᠣᠷᠢᠶᠠᠨ ᠠᠪᠴᠤ ᠂ ᠤᠯᠤᠰ ᠲᠥᠷᠥ ᠶ᠋ᠢᠨ ᠡᠷᠬᠡ ᠶ᠋ᠢ ᠨᠢ ᠳᠥᠷᠪᠡᠨ ᠵᠢᠯ ᠬᠠᠰᠤᠬᠤ ᠪᠠᠷ ᠲᠣᠭᠲᠠᠭᠠᠪᠠ ᠃ ᠵᠠᠭᠠᠯᠳᠤᠭᠳᠠᠭᠴᠢ ᠮᠥᠸᠧ ᠴᠦᠨ ᠢᠦᠢ ᠵᠢ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠳ᠋ᠥ ᠣᠷᠣᠯᠴᠠᠭᠰᠠᠨ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠂ ᠥᠳᠥᠭᠡᠨ ᠬᠠᠯᠳᠠᠵᠤ ᠬᠡᠷᠡᠭ ᠡᠳᠦᠭᠰᠡᠨ ᠂ ᠬᠠᠤᠯᠢ ᠪᠤᠰᠤ ᠪᠠᠷ ᠬᠣᠷᠢᠭᠰᠠᠨ ᠬᠡᠳᠦᠨ ᠶᠠᠯ᠎ᠠ ᠶ᠋ᠢ ᠨᠡᠶᠢᠯᠡᠭᠦᠯᠦᠨ ᠰᠢᠢᠳᠭᠡᠵᠣ ᠂ 18 ᠵᠢᠯ ‍ᠤᠨ ᠬᠤᠭᠤᠴᠠᠭ᠎ᠠ ᠲᠠᠶ ᠬᠣᠷᠢᠬᠤ ᠪᠠᠷ  ᠰᠢᠢᠳᠭᠡᠨ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠬᠣᠷᠢᠶᠠᠨ ᠠᠪᠴᠣ ᠂ ᠤᠯᠤᠰ ᠲᠥᠷᠥ ᠶ᠋ᠢᠨ ᠡᠷᠬᠡ ᠶ᠋ᠢ ᠨᠢ ᠳᠥᠷᠪᠡᠨ ᠵᠢᠯ ᠬᠠᠰᠤᠬᠤ ᠪᠠᠷ ᠲᠣᠭᠲᠠᠭᠠᠪᠠ ᠃ ᠵᠠᠭᠠᠯᠳᠤᠭᠳᠠᠭᠴᠢ ᠼᠦᠩ ᠪᠣᠣ ᠢᠦᠢ ᠵᠢ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠳ᠋ᠥ ᠣᠷᠣᠯᠴᠠᠭᠰᠠᠨ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠂ ᠥᠮᠥᠭᠯᠡᠭᠰᠡᠨ ᠬᠡᠳᠦᠨ ᠶᠠᠯ᠎ᠠ ᠪᠠᠷ ᠨᠡᠶᠢᠯᠡᠭᠦᠯᠦᠨ ᠰᠢᠢᠳᠭᠡᠵᠣ ᠂ 13 ᠵᠢᠯ 3 ᠰᠠᠷ᠎ᠠ ᠶ᠋ᠢᠨ ᠬᠤᠭᠤᠴᠠᠭ᠎ᠠ ᠲᠠᠶ ᠬᠣᠷᠢᠬᠤ ᠪᠠᠷ ᠰᠢᠢᠳᠭᠡᠨ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠨᠢ ᠬᠣᠷᠢᠶᠠᠨ ᠠᠪᠬᠤ ᠪᠠᠷ ᠨᠡᠢᠯᠡᠭᠦᠯᠦᠨ ᠰᠢᠢᠳᠭᠡᠬᠦ ᠪᠡᠷ ᠲᠣᠭᠲᠠᠭᠠᠪᠠ ᠃ ᠵᠠᠭᠠᠯᠳᠤᠭᠳᠠᠭᠴᠢ ᠱᠠᠩ ᠬᠣᠩ ᠰᠢ ᠵᠢ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠳ᠋ᠥ ᠣᠷᠣᠯᠴᠠᠭᠰᠠᠨ ᠂ ᠬᠢᠬᠠᠨ ᠮᠡᠬᠡᠯᠡᠭᠰᠡᠨ ᠂ ᠬᠠᠤᠯᠢ ᠪᠤᠰᠤ ᠪᠠᠷ ᠬᠣᠷᠢᠭᠰᠠᠨ ᠂ ᠬᠠᠭᠤᠷᠮᠠᠭ ᠮᠠᠭᠤ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠤᠭᠰᠠᠨ ᠵᠡᠷᠬᠡ ᠬᠡᠳᠦᠨ ᠶᠠᠯ᠎ᠠ ᠶ᠋ᠢ ᠨᠡᠶᠢᠯᠡᠬᠦᠯᠦᠨ ᠰᠢᠢᠳᠭᠡᠵᠣ ᠂ 12 ᠵᠢᠯ ‍ᠤᠨ ᠬᠤᠭᠤᠴᠠᠭ᠎ᠠ ᠲᠠᠶ ᠬᠣᠷᠢᠵᠣ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠬᠣᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠵᠣ ᠂ ᠤᠯᠤᠰ ᠲᠥᠷᠥ ᠶ᠋ᠢᠨ ᠡᠷᠬᠡ ᠶ᠋ᠢ ᠨᠢ ᠳᠥᠷᠪᠡᠨ ᠵᠢᠯ ᠬᠠᠰᠤᠬᠤ ᠪᠠᠷ ᠲᠣᠭᠲᠠᠭᠠᠪᠠ ᠃ ᠵᠠᠭᠠᠯᠳᠤᠭᠳᠠᠭᠴᠢ ᠬᠤ ᠴᠦᠨ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠳ᠋ᠥ ᠣᠷᠣᠯᠴᠠᠭᠰᠠᠨ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠂ ᠵᠣᠷᠢᠭᠤᠳᠠ ᠭᠡᠮᠲᠦᠭᠡᠭᠰᠡᠨ ᠬᠡᠳᠦᠨ ᠶᠠᠯ᠎ᠠ ᠶ᠋ᠢ ᠨᠡᠶᠢᠯᠡᠭᠦᠯᠦᠨ ᠰᠢᠢᠳᠭᠡᠵᠣ ᠂ 11 ᠵᠢᠯ ‍ᠤᠨ ᠬᠤᠭᠤᠴᠠᠭ᠎ᠠ ᠲᠠᠶ ᠬᠣᠷᠢᠵᠣ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠬᠣᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠵᠣ ᠂ ᠤᠯᠤᠰ ᠲᠥᠷᠥ ᠶ᠋ᠢᠨ ᠡᠷᠬᠡ ᠶ᠋ᠢ ᠨᠢ ᠭᠤᠷᠪᠠᠨ ᠵᠢᠯ ᠬᠠᠰᠤᠬᠤ ᠪᠠᠷ ᠲᠣᠭᠲᠠᠭᠠᠪᠠ ᠃ ᠵᠠᠭᠠᠯᠳᠤᠭᠳᠠᠭᠴᠢ ᠴᠧᠨ ᠬᠣᠩ ᠸᠧᠶ ᠵᠢ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠳ᠋ᠥ ᠣᠷᠣᠯᠴᠠᠭᠰᠠᠨ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠂ ᠥᠳᠥᠭᠡᠨ ᠬᠠᠯᠳᠠᠵᠤ ᠬᠡᠷᠡᠭ ᠡᠳᠦᠭᠰᠡᠨ ᠂ ᠠᠯᠪᠠᠳᠠᠨ  ᠠᠷᠠᠯᠵᠢᠶᠠᠯᠠᠭᠰᠠᠨ ᠬᠡᠳᠦᠨ ᠶᠠᠯ᠎ᠠ ᠪᠠᠷ ᠨᠡᠶᠢᠯᠡᠭᠦᠯᠦᠨ ᠰᠢᠢᠳᠭᠡᠵᠣ ᠂ 10 ᠵᠢᠯ 6 ᠰᠠᠷ᠎ᠠ ᠶ᠋ᠢᠨ ᠬᠤᠭᠤᠴᠠᠭ᠎ᠠ ᠲᠠᠶ ᠬᠣᠷᠢᠵᠣ ᠂ ᠬᠤᠪᠢ ᠬᠥᠮᠦᠨ ‍ᠦ ᠪᠦᠬᠦ ᠡᠳ᠋ ᠬᠥᠷᠥᠩᠭᠡ ᠶ᠋ᠢ ᠨᠢ ᠬᠣᠷᠢᠶᠠᠨ ᠠᠪᠬᠤ ᠪᠠᠷ ᠨᠡᠶᠢᠯᠡᠭᠦᠯᠦᠨ ᠰᠢᠢᠳᠭᠡᠵᠣ ᠂ ᠤᠯᠤᠰ ᠲᠥᠷᠥ ᠶ᠋ᠢᠨ ᠡᠷᠬᠡ ᠶ᠋ᠢ ᠨᠢ ᠬᠣᠶᠠᠷ ᠵᠢᠯ ᠬᠠᠰᠤᠬᠤ ᠪᠠᠷ ᠲᠣᠭᠲᠠᠭᠠᠪᠠ ᠃ ᠪᠣᠰᠣᠳ 30 ᠵᠠᠭᠠᠯᠳᠤᠭᠳᠠᠭᠴᠢ ᠶ᠋ᠢ ᠲᠤᠰ ᠲᠤᠰ 9 ᠵᠢᠯ 10 ᠰᠠᠷ᠎ᠠ ᠡᠴᠠ 1 ᠵᠢᠯ 6 ᠰᠠᠷ᠎ᠠ ᠬᠦᠷᠲᠡᠯ᠎ᠡ ᠠᠳᠠᠯᠢ ᠪᠤᠰᠤ ᠡᠷᠡᠭᠦᠦ ᠶ᠋ᠢᠨ ᠬᠤᠭᠤᠴᠠᠭ᠎ᠠ ᠪᠠᠷ ᠬᠣᠷᠢᠬᠤ ᠪᠠᠷ ᠰᠢᠢᠳᠭᠡᠭᠰᠡᠨ ᠪᠠᠶᠢᠨ᠎ᠠ ᠃
        ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ‍ᠢ ᠥᠷᠨᠢᠭᠦᠯᠦᠭᠰᠡᠨ ᠡᠴᠡ ᠨᠠᠰᠢ ᠂ ᠬᠣᠰᠢᠭᠤᠨ ‍ᠤ ᠠᠷᠠᠳ ‍ᠤᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠰᠢᠭᠦᠨ ᠲᠠᠰᠤᠯᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ‍ᠢ ᠭᠦᠨᠵᠡᠭᠡᠢ ᠥᠷᠨᠢᠭᠦᠯᠵᠦ ᠂ ᠱᠠᠳᠣ ᠦᠶᠡᠴᠢ ᠴᠢᠨᠠᠷᠲᠠᠢ ᠦᠷ᠎ᠡ ᠪᠦᠲᠦᠮᠵᠢ ᠣᠯᠵᠠᠢ ᠃ ᠣᠳᠣᠬᠠᠨ ᠪᠣᠯᠲᠠᠯ᠎ᠠ ᠂ ᠬᠣᠰᠢᠭᠤᠨ ‍ᠤ ᠠᠷᠠᠳ ‍ᠤᠨ ᠰᠢᠭᠦᠬᠦ ᠬᠣᠷᠢᠶ᠎ᠠ ᠬᠠᠷ᠎ᠠ ᠪᠦᠯᠦᠭᠲᠡᠨ ᠬᠠᠷᠭᠢᠰ ᠬᠦᠴᠦᠨ ᠳ᠋ᠦ ᠬᠣᠯᠪᠣᠭᠳᠠᠭᠰᠠᠨ 2 ᠬᠡᠷᠡᠭ 47 ᠬᠥᠮᠦᠨ ‍ᠢ ᠰᠢᠭᠦᠪᠡ ᠃ 《 6.02 ‍ᠤᠨ ᠬᠠᠷ᠎ᠠ ᠪᠦᠯᠦᠭᠲᠡᠨ ᠳ᠋ᠦ ᠬᠣᠯᠪᠣᠭᠳᠠᠭᠰᠠᠨ ᠬᠡᠷᠡᠭ 》 ‍ᠢ ᠠᠮᠵᠢᠯᠲᠠ ᠲᠠᠶ ᠰᠢᠭᠦᠵᠦ ᠳᠠᠭᠤᠰᠬᠠᠭᠰᠠᠨ ᠨᠢ ᠨᠠᠢᠮᠠᠨ ᠬᠣᠰᠢᠭᠤᠨ ‍ᠤ ᠠᠷᠠᠳ ‍ᠤᠨ ᠰᠢᠭᠦᠬᠦ ᠬᠣᠷᠢᠶ᠎ᠠ ᠬᠡᠷᠡᠭ ‍ᠦᠨ ᠶᠠᠰᠤ ᠴᠢᠨᠠᠷ ‍ᠢ ᠪᠠᠲᠤᠯᠠᠭᠰᠠᠨ ᠤᠷᠢᠲᠠᠯ ᠳᠣᠣᠷ᠎ᠠ ᠂ ᠬᠠᠷ᠎ᠠ ᠪᠦᠯᠦᠭᠲᠡᠨ ᠬᠠᠷᠭᠢᠰ ᠬᠦᠴᠦᠨ ‍ᠦ ᠶᠠᠯᠠᠲᠤ ᠠᠵᠢᠯᠯᠠᠭ᠎ᠠ ᠶ᠋ᠢ ᠬᠠᠤᠯᠢ ᠶᠣᠰᠣᠭᠠᠷ ᠂ ᠣᠨᠣᠪᠴᠢᠲᠠᠢ ᠂ ᠲᠦᠷᠭᠡᠨ ᠰᠢᠢᠳᠭᠡᠬᠦ ᠡᠷᠡᠰ ᠵᠣᠷᠢᠭ ᠪᠣᠯᠤᠨ ᠵᠠᠪᠠᠯ ᠢᠯᠠᠬᠤ ᠢᠲᠡᠭᠡᠯ ᠵᠣᠷᠢᠭ ‍ᠢ ᠦᠨᠡᠨᠬᠦ ᠪᠡᠶᠡᠯᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠦ ᠣᠮᠣᠭ ᠰᠦᠷ ᠲᠦ ᠬᠦᠴᠦᠲᠡᠢ ᠴᠣᠬᠢᠯᠲᠠ ᠥᠭᠴᠦ ᠂ ᠪᠣᠳᠠᠲᠤ ᠦᠷ᠎ᠡ ᠪᠦᠲᠦᠮᠵᠢ ᠪᠡᠷ ᠠᠷᠠᠳ ᠣᠯᠠᠨ ‍ᠤ ᠬᠦᠷᠲᠡᠮᠵᠢ ᠶ᠋ᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠪᠣᠯᠤᠨ ᠠᠮᠤᠷ ᠲᠦᠪᠰᠢᠨ ‍ᠦ ᠲᠥᠷᠥᠭᠳᠡᠯ ‍ᠢ ᠨᠡᠮᠡᠭᠳᠡᠭᠦᠯᠦᠭᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ