ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠪᠠᠶᠢᠩᠭᠤ ᠶ᠋ᠢᠨ ᠭᠡᠰᠢᠭᠦᠨ ᠂ ᠤᠬᠠᠭᠤᠯᠬᠤ ᠬᠡᠯᠲᠡᠰ ‍ᠦᠨ ᠳᠠᠷᠤᠭ᠎ᠠ ᠪᠠᠶ ᠢᠣᠢ ᠭᠠᠩ ᠮᠠᠨ ‍ᠤ ᠬᠣᠰᠢᠭᠤᠨ ᠳ᠋ᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 14743     ᠨᠡᠶᠢᠳᠡᠯᠡᠭᠰᠡᠨ ᠴᠠᠭ ᠄ 2019/5/31 17:26:26

       5 ᠳ᠋ᠣᠭᠠᠷ ᠰᠠᠷ᠎ᠠ ᠶ᠋ᠢᠨ 27 ᠂ 28 ‍ᠤ ᠡᠳᠦᠷ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠪᠠᠶᠢᠩᠭᠤ ᠶ᠋ᠢᠨ ᠭᠡᠰᠢᠭᠦᠨ ᠂ ᠤᠬᠠᠭᠤᠯᠬᠤ ᠬᠡᠯᠲᠡᠰ ‍ᠦᠨ ᠳᠠᠷᠤᠭ᠎ᠠ ᠪᠠᠶ ᠢᠣᠢ ᠭᠠᠩ ᠨᠠᠷ ᠮᠠᠨ ‍ᠤ ᠬᠣᠰᠢᠭᠤᠨ ᠳ᠋ᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠂ ᠦᠪᠡᠷᠳᠡᠭᠡᠨ ᠵᠠᠰᠠᠬᠣ ᠣᠷᠣᠨ ‍ᠤ ᠨᠠᠮ ‍ᠤᠨ ᠬᠣᠷᠢᠶ᠎ᠠ ᠶ᠋ᠢᠨ ᠣᠬᠠᠭᠣᠯᠬᠣ ᠬᠡᠯᠳᠡᠰ ‍ᠤᠨ ᠳᠡᠳ᠋ ᠲᠠᠷᠣᠭ᠎ᠠ ᠂ ᠰᠣᠶᠣᠯ ᠵᠣᠭᠠᠴᠠᠯ ‍ᠤᠨ ᠲᠢᠡᠭᠭᠢᠮ ‍ᠤᠨ ᠲᠠᠷᠣᠭ᠎ᠠ ᠾᠧ ᡁᠢ ᠯᠢᠶᠠᠡᠭ ᠂ ᠬᠣᠳᠠ ᠶ᠋ᠢᠨ ᠨᠠᠮ ‍ᠤᠨ ᠬᠣᠷᠢᠶ᠎ᠠ ᠶ᠋ᠢᠨ ᠪᠠᠶᠢᠡᠭᠭᠣ ᠶ᠋ᠢᠨ ᠭᠡᠰᠢᠭᠦᠨ ᠂ ᠣᠬᠠᠭᠣᠯᠬᠣ ᠬᠡᠯᠳᠡᠰ ‍ᠤᠨ ᠲᠠᠷᠣᠭ᠎ᠠ ᠯᠢ ᠯᠢ ᠂ ᠬᠣᠰᠢᠭᠣᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠂ ᠬᠣᠰᠢᠭᠣᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠣᠨ ‍ᠤ ᠠᠷᠠᠣᠨ ‍ᠤᠨ ᠵᠠᠰᠠᠭ ‍ᠤᠨ ᠣᠷᠳᠣᠨ ‍ᠤ ᠬᠣᠰᠢᠭᠤᠨ ᠳᠠᠷᠤᠭ᠎ᠠ ᠪᠦᠷᠢᠨ ᠂ ᠬᠣᠰᠢᠭᠣᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠤᠬᠠᠭᠤᠯᠬᠤ ᠬᠡᠯᠲᠡᠰ ‍ᠦᠨ ᠳᠠᠷᠤᠭ᠎ᠠ ᠯᠢ ᠶᠠᠨ ᠡᠾᠣᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃
        ᠪᠠᠢ ᠢᠣᠢ ᠭᠠᠩ ᠨᠠᠷ ᠤᠷᠢᠳ ᠬᠣᠵᠢᠳ ᠥᠪᠥᠷ ᠮᠣᠩᠭᠣᠯ ‍ᠤᠨ ᠵᠡᠭᠦᠨ ᠬᠡᠰᠡᠭ ‍ᠦᠨ ᠺᠢᠨᠣ᠋ ᠲᠧᠯᠸᠢᠰ ‍ᠦᠨ ᠬᠤᠳᠠ ᠂ ᠨᠠᠢᠮᠠᠨ ᠬᠣᠰᠢᠭᠤᠨ ‍ᠤ ᠸᠠᠩ ‍ᠤᠨ ᠣᠷᠳᠣᠨ ‍ᠤ ᠮᠦᠽᠧᠢ ᠂ ᠰᠣᠶᠣᠯ ‍ᠤᠨ ᠣᠷᠳᠣᠨ ᠂ ᠬᠠᠮ ᠵᠠᠭᠤᠴᠢᠯᠠᠭᠤᠷ ‍ᠤᠨ ᠲᠥᠪ ᠂ ᠪᠡᠷ ᠵᠢᠷᠤᠭ ‍ᠤᠨ ᠬᠦᠷᠢᠶᠡᠯᠡᠩ ᠂ ᠪᠣᠡᠡᠳᠣ ᠡᠯᠡᠰᠦᠨ ᠴᠦᠯ ‍ᠦᠨ ᠥᠪᠡᠷᠲᠡᠭᠡᠨ ᠲᠡᠷᠭᠡ ᠵᠢᠯᠣᠭᠣᠳᠣᠨ ᠵᠣᠭᠠᠴᠠᠬᠣ ᠪᠠᠭᠣᠳᠠᠯ ᠳ᠋ᠤ ᠭᠦᠨᠵᠡᠭᠡᠶᠢᠷᠡᠵᠦ ᠂ ᠰᠣᠶᠣᠯ ᠵᠢᠭᠣᠯᠴᠢᠯᠠᠯ ‍ᠤᠨ ᠠᠭᠤᠰᠤᠯᠴᠠᠨ ᠬᠥᠭᠵᠢᠬᠦ ᠂ ᠤᠯᠠᠨ ᠨᠡᠢᠲᠡ ᠶ᠋ᠢᠨ ᠰᠣᠶᠣᠯ ‍ᠤᠨ ᠦᠢᠯᠡᠴᠢᠯᠡᠭᠡ ᠵᠡᠷᠭᠡ ᠠᠵᠢᠯ ‍ᠤᠨ ᠲᠣᠭᠣᠷᠢᠨ ᠳ᠋ᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃ ᠪᠠᠶᠢᠴᠠᠭᠠᠨ  ᠰᠣᠳᠣᠯᠣᠯᠳᠠ ᠳᠤᠮᠳᠠ ᠂ ᠪᠠᠢ ᠢᠣᠢ ᠭᠠᠩ ᠬᠠᠮᠢᠶ᠎ᠠ ᠪᠦᠬᠦᠢ ᠲᠥᠷᠥᠯ ᠵᠦᠢᠯ ‍ᠢ  ᠲᠣᠬᠠᠢ ᠶ᠋ᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠂ ᠪᠠᠶᠢᠳᠡᠯ ‍ᠤᠨ ᠲᠠᠨᠢᠯᠴᠠᠭᠤᠯᠭ᠎ᠠ ᠶ᠋ᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠳ᠋ᠤ ᠪᠣᠳᠠᠲᠠᠢ ᠰᠠᠨᠠᠯ ᠰᠠᠨᠠᠭᠤᠯᠭ᠎ᠠ ᠲᠣᠷᠠᠳᠣᠵᠦ ᠂ ᠲᠡᠷᠡ ᠵᠢᠭᠠᠵᠣ ᠭᠠᠷᠭᠠᠠᠠᠰᠠᠨ ᠨᠢ ᠂ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ‍ᠤᠨ ᠣᠨᠴᠠᠯᠢᠭ ᠲᠠᠶ ᠨᠡᠶᠢᠬᠡᠮ ᠵᠢᠷᠤᠮ ‍ᠤᠨ ᠦᠵᠡᠯ ᠰᠠᠨᠠᠭ᠎ᠠ ᠪᠣᠯᠤᠨ ᠨᠠᠮ ‍ᠤᠨ ᠠᠷᠪᠠ ᠶᠢᠰᠦᠳᠦᠭᠡᠷ ᠶᠡᠬᠡ ᠬᠤᠷᠠᠯ ‍ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠣᠣᠱᠠᠯᠭᠠᠣᠯᠵᠦ ᠂ ᠰᠣᠶᠣᠯ ᠵᠢᠭᠣᠯᠴᠢᠯᠠᠯ ‍ᠤᠨ ᠠᠭᠤᠰᠤᠯᠴᠠᠨ ᠬᠥᠭᠵᠢᠬᠦ ᠶ᠋ᠢ ᠦᠷᠭᠦᠯᠵᠢᠯᠡᠨ ᠠᠬᠢᠭᠤᠯᠵᠤ ᠂ ᠶᠠᠰᠤ ᠴᠢᠨᠠᠷ ᠪᠣᠯᠤᠨ ᠠᠭᠤᠯᠤᠭᠳᠠᠬᠤᠨ ‍ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠡᠯᠪᠡᠭ ᠪᠠᠶᠠᠯᠢᠭ ᠰᠣᠶᠣᠯ ‍ᠤᠨ ᠡᠬᠢ ᠪᠠᠶᠠᠯᠢᠭ ᠲᠤ ᠲᠦᠰᠢᠭᠯᠡᠨ ᠂ ᠬᠣᠷᠴᠢᠨ ᠰᠣᠶᠣᠯ ‍ᠤᠨ ᠲᠥᠷᠥᠯ ᠲᠡᠮᠳᠡᠭ ‍ᠤᠨ ᠳᠠᠪᠠᠭᠤᠯᠢᠭ ‍ᠢ ᠳᠣᠪᠣᠶᠢᠯᠭᠠᠵᠣ ᠂ ᠥᠨᠳᠥᠷ ᠪᠠᠷᠢᠮᠵᠢᠶ᠎ᠠ ᠂ ᠴᠢᠨᠠᠷ ᠰᠠᠶᠢᠲᠠᠢ ᠲᠥᠯᠥᠪᠵᠢᠭᠦᠯᠦᠨ ᠲᠥᠰᠦᠪᠯᠡᠬᠦ ᠠᠵᠢᠯ ‍ᠢ ᠰᠠᠶᠢᠲᠤᠷ ᠬᠢᠵᠦ ᠂ ᠲᠣᠨᠣᠭ ᠲᠥᠬᠥᠭᠡᠷᠦᠮᠵᠢ ᠶ᠋ᠢ ᠳᠡᠬᠦᠯᠳᠡᠷᠵᠢᠬᠦᠯᠦᠨ ᠂ ᠡᠬᠢ ᠪᠠᠶᠠᠯᠢᠭ ‍ᠤᠨ ᠳᠠᠪᠠᠭᠤᠯᠢᠭ ‍ᠢ ᠰᠣᠶᠣᠯ ᠵᠢᠭᠣᠯᠴᠢᠯᠠᠯ ‍ᠤᠨ ᠠᠵᠤ ᠦᠢᠯᠡᠰ ‍ᠦᠨ ᠬᠥᠭᠵᠢᠯᠲᠡ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠂ ᠪᠦᠬᠦ ᠬᠦᠷᠢᠶᠡᠨ ‍ᠤ ᠵᠤᠭᠠᠴᠠᠯ ᠂ ᠳᠥᠷᠪᠡᠨ ᠤᠯᠠᠷᠢᠯ ‍ᠤᠨ ᠵᠤᠭᠠᠴᠠᠯ ‍ᠤᠨ ᠰᠢᠯᠢᠳᠡᠭ ᠲᠥᠷᠥᠯ ᠲᠡᠮᠳᠡᠭ ‍ᠢ ᠡᠭᠦᠳᠬᠦ ᠬᠡᠷᠡᠭᠲᠡᠢ ᠭᠡᠵᠡᠢ ᠃ ᠣᠯᠠᠨ ᠨᠡᠢᠲᠡ ᠶ᠋ᠢᠨ ᠰᠣᠶᠣᠯ ‍ᠤᠨ ᠦᠢᠯᠡᠴᠢᠯᠡᠭᠡᠨ ‍ᠦ ᠠᠵᠢᠯ ‍ᠢ ᠪᠠᠶᠢᠴᠠᠭᠠᠨ ᠰᠤᠳᠤᠯᠬᠤ ᠳ᠋ᠠᠭᠠᠨ ᠂ ᠲᠡᠷᠡ ᠴᠢᠬᠤᠯᠠᠴᠢᠯᠠᠭᠰᠠᠨ ᠨᠢ ᠂ ᠣᠯᠠᠨ ᠨᠡᠢᠲᠡ ᠶ᠋ᠢᠨ ᠰᠣᠶᠣᠯ ‍ᠤᠨ ᠦᠢᠯᠡᠴᠢᠯᠡᠭᠡᠨ ‍ᠦ ᠲᠥᠬᠥᠭᠡᠷᠦᠮᠵᠢ ᠶ᠋ᠢᠨ ᠪᠦᠲᠦᠭᠡᠨ ᠪᠠᠶᠢᠭᠣᠯᠣᠯᠳᠠ ᠪᠠ ᠬᠠᠮᠢᠶᠠᠷᠤᠯᠲᠠ ᠶ᠋ᠢᠨ ᠬᠢᠷᠢ ᠲᠦᠪᠰᠢᠨ ‍ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠣᠯᠠᠨ ᠨᠡᠢᠲᠡ ᠶ᠋ᠢᠨ ᠰᠣᠶᠣᠯ ‍ᠤᠨ ᠦᠢᠯᠡᠴᠢᠯᠡᠭᠡᠨ ‍ᠦ ᠴᠢᠳᠠᠮᠵᠢ ᠶ᠋ᠢ ᠨᠠᠩ ᠰᠠᠶᠢᠲᠤᠷ ᠪᠠᠳᠠᠷᠠᠭᠤᠯᠵᠤ ᠂ ᠣᠯᠠᠨ ᠲᠦᠮᠡᠨ ᠳ᠋ᠦ ᠰᠣᠶᠣᠯ ‍ᠤᠨ ᠬᠥᠭᠵᠢᠯᠲᠡ ᠶ᠋ᠢᠨ ᠦᠷ᠎ᠡ ᠪᠦᠲᠦᠭᠡᠯ ‍ᠢ ᠬᠠᠮᠲᠤ ᠪᠠᠷ ᠡᠳ᠋ᠯᠡᠭᠦᠯᠬᠦ ᠬᠡᠷᠡᠭᠲᠡᠶ ᠭᠡᠵᠡᠢ ᠃
        ᠪᠠᠢ ᠢᠣᠢ ᠭᠠᠩ ᠬᠣᠰᠢᠭᠤᠨ ‍ᠤ ᠬᠠᠮ ᠵᠠᠭᠤᠴᠢᠯᠠᠭᠤᠷ ‍ᠤᠨ ᠲᠥᠪ ‍ᠦᠨ ᠪᠦᠲᠦᠭᠡᠨ ᠪᠠᠶᠢᠭᠤᠯᠤᠯᠲᠠ ᠶ᠋ᠢᠨ ᠠᠵᠢᠯ ‍ᠢ ᠲᠣᠩ ᠬᠠᠯᠠᠮᠵᠢᠯᠠᠵᠤ ᠂ ᠪᠠᠶᠢᠴᠠᠭᠠᠨ ᠰᠤᠳᠤᠯᠬᠤ ᠳᠤᠮᠳᠠ ᠂ ᠲᠡᠷᠡ ᠬᠠᠮ ᠵᠠᠭᠤᠴᠢᠯᠠᠭᠤᠷ ‍ᠤᠨ ᠲᠥᠪ ‍ᠦᠨ ᠠᠵᠢᠯᠯᠠᠭᠠᠨ ‍ᠤ ᠪᠠᠶᠢᠳᠡᠯ ᠪᠣᠯᠤᠨ ᠬᠥᠭᠵᠢᠯᠲᠡ ᠶ᠋ᠢᠨ ᠲᠥᠯᠥᠪᠵᠢᠭᠦᠯᠭᠡ ᠶ᠋ᠢ ᠨᠠᠷᠢᠨ ᠣᠶᠢᠯᠠᠭᠠᠵᠣ ᠂ ᠲᠡᠷᠡ ᠴᠢᠡᠭᠭᠠᠳᠬᠠᠠᠠᠰᠠᠨ ᠨᠢ ᠂ ᠬᠠᠮ ᠵᠠᠭᠤᠴᠢᠯᠠᠭᠤᠷ ‍ᠤᠨ ᠲᠠᠪᠴᠠᠩ ‍ᠤᠨ ᠳᠠᠪᠠᠭᠤᠯᠢᠭ ‍ᠢ ᠭᠦᠢᠴᠡᠳ ᠪᠠᠳᠠᠷᠠᠭᠤᠯᠵᠤ ᠂ ᠣᠳᠣᠬᠠᠨ ‍ᠤ ᠭᠣᠣᠯ ᠠᠵᠢᠯ ᠲᠠᠶ ᠤᠶᠠᠯᠳᠤᠭᠤᠯᠤᠨ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶᠢᠯᠠᠯᠳᠤᠭᠠᠨ ‍ᠤ ᠢᠯᠠᠯᠲᠠ ᠶ᠋ᠢ ᠣᠯᠬᠤ ᠵᠡᠷᠭᠡ ᠭᠣᠣᠯᠳᠠᠯᠭ᠎ᠠ ᠲᠠᠢ ᠠᠵᠢᠯ ‍ᠤᠨ ᠤᠬᠠᠭᠤᠯᠭ᠎ᠠ ᠮᠡᠳᠡᠭᠡᠯᠡᠯ ‍ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠤᠯᠠᠨ ᠲᠦᠮᠡᠨ ᠳ᠋ᠦ ᠤᠬᠠᠭᠤᠯᠬᠤ ᠂ ᠤᠯᠠᠨ ᠲᠦᠮᠡᠨ ᠳ᠋ᠦ ᠦᠢᠯᠡᠴᠢᠯᠡᠬᠦ ᠂ ᠤᠯᠠᠨ ᠲᠦᠮᠡᠨ ‍ᠢ ᠬᠥᠲᠥᠯᠥᠨ ᠵᠢᠯᠣᠭᠣᠳᠬᠤ ᠠᠵᠢᠯ ‍ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠬᠠᠮ ᠵᠠᠭᠤᠴᠢᠯᠠᠭᠤᠷ ‍ᠤᠨ ᠴᠠᠭ ᠦᠶ᠎ᠡ ᠶ᠋ᠢᠨ ᠰᠣᠨᠢᠨ ᠮᠡᠳᠡᠭᠡᠯᠡᠯ ‍ᠦᠨ ᠶᠠᠰᠤ ᠴᠢᠨᠠᠷ ‍ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠵᠠᠭᠤᠴᠢᠯᠠᠭᠤᠷ ‍ᠤᠨ ᠳᠠᠮᠵᠢᠭᠤᠯᠬᠤ ᠬᠦᠴᠦᠨ ᠂ ᠬᠥᠲᠥᠯᠥᠨ ᠵᠢᠯᠣᠭᠣᠳᠬᠤ ᠬᠦᠴᠦᠨ ᠂ ᠨᠥᠯᠥᠭᠡᠯᠡᠬᠦ ᠬᠦᠴᠦᠨ ᠂ ᠤᠯᠠᠨ ᠨᠡᠢᠲᠡ ᠶ᠋ᠢ ᠢᠲᠡᠭᠡᠭᠦᠯᠬᠦ ᠬᠦᠴᠦᠨ ‍ᠢ ᠤᠯᠠᠮ ᠴᠢᠨᠠᠭᠰᠢᠳᠠ ᠳᠡᠭᠡᠭᠰᠢᠯᠡᠭᠦᠯᠵᠦ ᠂ ᠨᠠᠮ ‍ᠤᠨ ᠲᠥᠪ ᠬᠣᠷᠢᠶᠠᠨ ‍ᠤ ᠳᠠᠭᠤᠨ ‍ᠢ ᠨᠠᠩ ᠰᠠᠶᠢᠲᠤᠷ ᠲᠤᠤᠱᠯᠠᠭᠤᠯᠤᠨ ᠨᠠᠶᠢᠳᠠᠪᠣᠷᠢᠵᠢᠭᠣᠯᠬᠣ ᠬᠡᠷᠡᠭᠲᠡᠢ ᠭᠡᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ