ᠲᠦᠩᠯᠢᠶᠣᠤ ᠬᠣᠲᠠ ᠶ᠋ᠢᠨ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶ᠎ᠠ ᠡᠴᠠ ᠮᠣᠩᠭᠣᠯ ᠬᠢᠲᠠᠳ ᠬᠣᠶᠠᠷ ᠵᠦᠢᠯ ‍ᠦᠨ ᠥᠰᠥᠭ ᠪᠢᠴᠢᠭ ‍ᠢ ᠵᠡᠷᠭᠡ ᠪᠡᠷ ᠬᠡᠷᠡᠭᠯᠡᠬᠦ ᠠᠵᠢᠯ ‍ᠤᠨ ᠲᠤᠬᠠᠢ ᠮᠠᠨ ‍ᠤ ᠬᠣᠰᠢᠭᠤᠨ ᠳ᠋ᠤ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 673     ᠨᠡᠶᠢᠳᠡᠯᠡᠭᠰᠡᠨ ᠴᠠᠭ ᠄ 2019/5/31 17:29:53

        5 ᠳ᠋ᠣᠭᠠᠷ ᠰᠠᠷ᠎ᠠ ᠶ᠋ᠢᠨ 29 ‍ᠤ ᠡᠳᠦᠷ ᠂ ᠲᠦᠩᠯᠢᠶᠣᠤ ᠬᠣᠲᠠ ᠶ᠋ᠢᠨ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶ᠎ᠠ ᠡᠴᠠ ᠮᠣᠩᠭᠣᠯ ᠬᠢᠲᠠᠳ ᠬᠣᠶᠠᠷ ᠵᠦᠢᠯ ‍ᠦᠨ ᠥᠰᠥᠭ ᠪᠢᠴᠢᠭ ‍ᠢ ᠵᠡᠷᠭᠡ ᠪᠡᠷ ᠬᠡᠷᠡᠭᠯᠡᠬᠦ ᠠᠵᠢᠯ ‍ᠤᠨ ᠪᠠᠶᠢᠳᠡᠯ ‍ᠤᠨ ᠲᠤᠬᠠᠢ ᠮᠠᠨ ‍ᠤ ᠬᠣᠰᠢᠭᠤᠨ ᠳ᠋ᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃
        ᠪᠠᠶᠢᠴᠠᠭᠠᠨ ᠰᠤᠳᠤᠯᠬᠤ ᠳᠤᠭᠤᠢᠯᠠᠩ ᠤᠷᠢᠳ ᠬᠣᠵᠢᠳ ᠬᠣᠰᠢᠭᠤᠨ ‍ᠤ ᠠᠷᠠᠣᠨ ‍ᠤᠨ ᠵᠠᠰᠠᠭ ‍ᠤᠨ ᠶᠠᠪᠤᠳᠠᠯ ‍ᠤᠨ ᠦᠶ᠋ᠯᠡᠴᠢᠯᠡᠭᠡᠨ ‍ᠦ ᠲᠥᠪ ᠂ ᠬᠣᠰᠢᠭᠤᠨ ‍ᠤ ᠠᠷᠠᠳ ‍ᠤᠨ ᠡᠮᠨᠡᠯᠭᠡ ᠶ᠋ᠢᠨ ᠬᠣᠷᠢᠶ᠎ᠠ ᠂ ᠬᠣᠰᠢᠭᠤᠨ ᠤ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠂  ᠵᠸᠨ ᠰᠢᠩ ᠵᠡᠭᠡᠯᠢ ᠶ᠋ᠢᠨ ᠬᠡᠰᠡᠭ ᠬᠤᠳᠠᠯᠳᠤᠭᠠᠴᠢᠨ ᠡᠷᠦᠬᠡ ᠶ᠋ᠢᠨ ᠲᠤᠬᠠᠶ ᠶ᠋ᠢᠨ ᠲᠠᠯᠠᠪᠠᠢ ᠳ᠋ᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠂ 《 ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ‍ᠤ ᠮᠣᠩᠭᠣᠯ ᠦᠭᠡ ᠬᠡᠯᠡ ᠥᠰᠥᠭ ᠪᠢᠴᠢᠭ ‍ᠤᠨ ᠠᠵᠢᠯ ‍ᠤᠨ ᠳᠦᠷᠢᠮ 》 ‍ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠡᠯ ‍ᠢ ᠲᠤᠬᠠᠢ ‍ᠢᠢᠨ ᠭᠠᠵᠠᠷ ᠲᠣ ᠪᠠᠶᠢᠴᠠᠭᠠᠨ ᠦᠵᠡᠬᠦ ᠶ᠋ᠢᠨ ᠬᠠᠮᠳᠣ ᠰᠠᠭᠣᠳᠠᠯ ‍ᠤᠨ ᠬᠣᠷᠠᠯ ᠬᠣᠷᠠᠯᠳᠣᠭᠣᠯᠣᠭᠰᠠᠨ ᠪᠠᠶᠢᠨ᠎ᠠ ᠃
       ᠤᠯᠠᠨ ᠵᠢᠯ ‍ᠤᠨ ᠲᠤᠷᠰᠢ ᠂ ᠮᠠᠨ ‍ᠤ ᠬᠣᠰᠢᠭᠤ ᠪᠣᠳᠠᠲᠤ ᠪᠠᠶᠢᠳᠠᠯ ᠲᠠᠢ ᠪᠡᠨ ᠤᠶᠠᠯᠳᠤᠭᠤᠯᠤᠨ ᠂ ᠮᠣᠩᠭᠣᠯ ᠬᠡᠯᠡ ᠪᠢᠴᠢᠭ ‍ᠤᠨ ᠠᠵᠢᠯ ᠬᠢᠭᠡᠳ ᠨᠠᠶᠢᠭᠡᠮ ‍ᠤᠨ ᠬᠡᠷᠡᠭᠯᠡᠭᠡᠨ ‍ᠦ ᠪᠢᠴᠢᠭ ‍ᠤᠨ ᠮᠣᠩᠭᠣᠯ ᠬᠢᠲᠠᠳ ᠬᠣᠶᠠᠷ ᠵᠦᠢᠯ ‍ᠤᠨ ᠥᠰᠥᠭ ᠪᠢᠴᠢᠭ ‍ᠢ ᠵᠡᠷᠭᠡ ᠪᠡᠷ ᠬᠡᠷᠡᠭᠯᠡᠬᠦ ᠠᠵᠢᠯ ‍ᠢ ᠢᠳᠡᠪᠬᠢᠲᠡᠢ ᠥᠷᠨᠢᠭᠦᠯᠵᠦ ᠂ ᠮᠣᠩᠭᠣᠯ ᠬᠡᠯᠡ ᠪᠢᠴᠢᠭ ‍ᠤᠨ ᠠᠵᠢᠯ ‍ᠤᠨ ᠤᠬᠠᠭᠤᠯᠬᠤ ᠡᠷᠴᠢᠮ ‍ᠢ ᠲᠠᠰᠤᠷᠠᠯᠳᠠ ᠥᠬᠡᠶ ᠨᠡᠮᠡᠭᠳᠡᠭᠦᠯᠵᠦ ᠂ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭᠴᠢᠳ ‍ᠤᠨ ᠮᠣᠩᠭᠣᠯ ᠬᠡᠯᠡ ᠪᠢᠴᠢᠭ ‍ᠤᠨ ᠬᠢᠴᠢᠶᠡᠯ ᠬᠥᠮᠦᠵᠢᠯ ‍ᠢ ᠴᠢᠩᠭᠠᠳᠬᠠᠨ ᠂ ᠮᠣᠩᠭᠣᠯ ᠬᠡᠯᠡ ᠪᠢᠴᠢᠭ ‍ᠤᠨ ᠰᠡᠳᠬᠦᠯ ‍ᠢ ᠨᠠᠶᠢᠷᠠᠭᠣᠯᠣᠨ ᠬᠡᠪᠯᠡᠭᠦᠯᠵᠦ ᠂ ᠣᠷᠴᠢᠭᠤᠯᠬᠤ ᠠᠵᠢᠯ ‍ᠤᠨ ᠡᠩᠨᠡᠭᠡ ᠶ᠋ᠢ ᠴᠢᠩᠭᠠᠳᠬᠠᠨ ᠂ ᠨᠠᠶᠢᠭᠡᠮ ‍ᠤᠨ ᠬᠡᠷᠡᠭᠯᠡᠭᠡᠨ ‍ᠦ ᠪᠢᠴᠢᠭ ‍ᠢ ᠡᠬᠢ ᠡᠭᠦᠰᠦᠯ ᠡᠴᠡ ᠨᠢ ᠵᠠᠰᠠᠬᠤ ᠶ᠋ᠢ ᠴᠢᠩᠭᠠᠳᠬᠠᠵᠤ ᠂ ᠮᠣᠩᠭᠣᠯ ᠦᠭᠡ ᠬᠡᠯᠡ ᠥᠰᠥᠭ ᠪᠢᠴᠢᠭ ‍ᠢ ᠰᠤᠷᠤᠯᠴᠠᠬᠤ ᠪᠠ ᠬᠡᠷᠡᠭᠯᠡᠬᠦ ᠶ᠋ᠢ ᠴᠢᠡᠭᠭᠠᠳᠬᠠᠠᠠᠰᠠᠨ ᠪᠠᠶᠢᠨ᠎ᠠ ᠃ ᠮᠣᠩᠭᠣᠯ ᠬᠡᠯᠡ ᠪᠢᠴᠢᠭ ‍ᠢ ᠰᠤᠷᠤᠯᠴᠠᠨ ᠬᠡᠷᠡᠭᠯᠡᠬᠦ ᠶ᠋ᠢ ᠨᠠᠮ ‍ᠤᠨ ᠦᠨᠳᠦᠰᠦᠲᠡᠨ ‍ᠦ ᠲᠥᠷᠥ ᠶ᠋ᠢᠨ ᠪᠣᠳᠣᠯᠭ᠎ᠠ ᠶ᠋ᠢ ᠲᠤᠤᠱᠯᠠᠭᠤᠯᠬᠤ ᠶᠠᠪᠤᠳᠠᠯ ᠪᠣᠯᠭᠠᠨ ᠪᠠᠷᠢᠮᠲᠠᠯᠠᠵᠤ ᠂ ᠮᠣᠩᠭᠣᠯ ᠬᠡᠯᠡ ᠪᠢᠴᠢᠭ ‍ᠤᠨ ᠦᠨᠳᠦᠰᠦᠲᠡᠨ ‍ᠦ ᠭᠠᠵᠠᠷ ᠣᠷᠣᠨ ‍ᠤ ᠡᠶ᠎ᠡ ᠵᠣᠬᠢᠴᠠᠯ ᠲᠠᠶ ᠲᠣᠭᠲᠠᠭᠤᠨ ᠪᠠᠶᠢᠳᠡᠯ ᠂ ᠠᠵᠤ ᠠᠬᠤᠢ ᠶ᠋ᠢᠨ ᠬᠥᠭᠵᠢᠯᠲᠡ ᠂ ᠦᠨᠳᠦᠰᠦᠲᠡᠨ ‍ᠦ ᠪᠦᠯᠬᠦᠮᠳᠡᠯ ᠳᠠᠪᠰᠢᠯᠲᠠ ᠶ᠋ᠢ ᠠᠬᠢᠭᠤᠯᠬᠤ ᠲᠠᠯ᠎ᠠ ᠳ᠋ᠥ ᠢᠳᠡᠪᠬᠢᠲᠡᠶ ᠦᠶ᠋ᠯᠡᠳᠦᠯ ᠦᠵᠡᠭᠦᠯᠣᠭᠰᠡᠨ ᠪᠠᠶᠢᠨ᠎ᠠ ᠃
       ᠬᠣᠲᠠ ᠶ᠋ᠢᠨ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶᠠᠨ ‍ᠤ ᠭᠡᠰᠢᠭᠦᠨ ᠂ ᠦᠨᠳᠦᠰᠦᠲᠡᠨ ‍ᠦ ᠬᠠᠷᠢᠶᠠᠲᠤ ᠶᠠᠪᠤᠳᠠᠯ ᠭᠠᠳᠠᠭᠠᠳᠤ ᠶᠠᠪᠤᠳᠠᠯ ᠵᠢᠭᠤᠯᠴᠢᠯᠠᠯ ‍ᠤᠨ ᠠᠵᠢᠯ ‍ᠤᠨ ᠺᠣᠮᠢᠰ ‍ᠤᠨ ᠡᠷᠬᠢᠯᠡᠭᠴᠢ ᠪᠣᠣ ᠬᠠᠰ ᠳᠣᠭᠣᠶᠢᠯᠠᠩ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠵᠦ ᠂ ᠬᠣᠰᠢᠭᠤᠨ ‍ᠤ ᠤᠳᠤᠷᠢᠳᠤᠯᠭ᠎ᠠ ᠭᠦᠸᠧ ᠶᠦᠩ ᠂  ᠪᠠᠢ ᠡᠷᠳᠡᠨᠢᠪᠠᠭᠠᠳᠣᠷ ᠰᠠᠭᠣᠳᠠᠯ ‍ᠤᠨ ᠬᠣᠷᠠᠯ ᠳ᠋ᠣ ᠰᠠᠭᠠᠳᠠᠵᠠᠢ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ