ᠮᠠᠨ ᠤ ᠬᠣᠰᠢᠭᠣ ᠶᠠᠳᠠᠭᠤ ᠶ᠋ᠢ ᠲᠡᠳᠬᠦᠬᠦ ᠺᠠᠳ᠋ᠷ ‍ᠤᠨ ᠪᠣᠯᠪᠠᠰᠤᠷᠠᠯ ‍ᠤᠨ ᠠᠩᠭᠢ ᠡᠷᠬᠢᠯᠡᠭᠰᠡᠨ

ᠣᠩᠰᠢᠭᠰᠠᠨ ᠤᠳᠠᠭ᠎ᠠ ᠄ 269     ᠨᠡᠶᠢᠳᠡᠯᠡᠭᠰᠡᠨ ᠴᠠᠭ ᠄ 2019/5/31 17:37:42

      5 ᠳ᠋ᠣᠭᠠᠷ ᠰᠠᠷ᠎ᠠ ᠶ᠋ᠢᠨ 29 ‍ᠤ ᠡᠳᠦᠷ ᠂ ᠬᠣᠰᠢᠭᠣᠨ ‍ᠤ ᠨᠠᠮ ‍ᠤᠨ ᠬᠣᠷᠢᠶᠠᠨ ‍ᠤ ᠵᠣᠬᠢᠶᠠᠨ ᠪᠠᠶᠢᠭᠣᠯᠬᠣ ᠬᠡᠯᠲᠡᠰ ᠪᠠ ᠬᠣᠰᠢᠭᠤᠨ ‍ᠤ ᠶᠠᠳᠠᠭᠤ ᠶ᠋ᠢ ᠲᠡᠳᠬᠦᠬᠦ ᠠᠯᠪᠠᠨ ᠭᠡᠷ ᠬᠠᠮᠲᠤᠷᠠᠨ ᠡᠷᠭᠢᠯᠡᠭᠰᠡᠨ ᠪᠥᠬᠥ ᠬᠣᠰᠢᠭᠤᠨ ‍ᠤ ᠶᠠᠳᠠᠭᠤ ᠶ᠋ᠢ ᠲᠡᠳᠬᠦᠬᠦ ᠺᠠᠳ᠋ᠷ ‍ᠤᠨ ᠪᠣᠯᠪᠠᠰᠤᠷᠠᠯ ‍ᠤᠨ ᠠᠩᠭᠢ ᠬᠣᠰᠢᠭᠣᠨ ‍ᠤ ᠨᠠᠮ ‍ᠤᠨ ᠬᠣᠷᠢᠶᠠᠨ ‍ᠤ ᠨᠠᠮ ‍ᠤᠨ ᠰᠤᠷᠭᠠᠭᠤᠯᠢ ᠳ᠋ᠤ ᠬᠢᠴᠢᠶᠡᠯ ᠡᠬᠢᠯᠡᠭᠰᠡᠨ ᠪᠠᠶᠢᠨ᠎ᠠ ᠃
      ᠥᠪᠡᠷᠲᠡᠭᠡᠨ ᠵᠠᠰᠠᠬᠤ ᠣᠷᠣᠨ ᠡᠴᠠ ᠮᠠᠨ ᠤ ᠬᠣᠰᠢᠭᠣ ᠳ᠋ᠥ ᠳᠣᠮᠢᠯᠠᠭᠰᠠᠨ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠶᠡᠷᠦᠩᠬᠡᠢ ᠠᠩᠭᠢ ᠶ᠋ᠢᠨ ᠳᠡᠳ᠋ ᠳᠠᠷᠤᠭ᠎ᠠ ᠂ ᠬᠣᠰᠢᠭᠤᠨ ‍ᠤ ᠨᠠᠮ ‍ᠤᠨ ᠬᠣᠷᠢᠶ᠎ᠠ ᠶ᠋ᠢᠨ ᠪᠠᠶᠢᠩᠭᠤ ᠶ᠋ᠢᠨ ᠭᠡᠰᠢᠭᠦᠨ ᠂ ᠬᠣᠰᠢᠭᠤᠨ ‍ᠤ ᠠᠷᠠᠣᠨ ‍ᠤᠨ ᠵᠠᠰᠠᠭ ‍ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠯᠢᠦ ᠰᠢᠶᠠᠩ ᠬᠤᠸᠠ ᠂ ᠬᠣᠰᠢᠭᠤᠨ ‍ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶ᠎ᠠ ᠶ᠋ᠢᠨ ᠳᠡᠳ᠋ ᠡᠷᠬᠢᠯᠡᠭᠴᠢ ᠭᠤᠤ ᠭᠦᠸᠧ ᠶᠠᠨ ᠂ ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠯᠢ ᠸᠠᠨ ᠢᠣᠢ ᠠᠩᠬᠢ ᠡᠬᠢᠯᠡᠬᠦ ᠶᠣᠰᠣᠯᠠᠯ ᠳ᠋ᠤ ᠰᠠᠭᠠᠳᠠᠵᠦ ᠂ ᠪᠥᠬᠥ ᠬᠣᠰᠢᠭᠤᠨ ‍ᠤ 190 ᠨᠡᠷᠡᠰ ᠲᠠᠡᠭᠰᠠ ᠳᠦ ᠲᠠᠮᠳᠡᠭᠯᠡᠨ ᠺᠠᠷᠲ ᠪᠠᠶᠢᠭᠣᠯᠣᠡᠡᠰᠠᠨ ᠦᠭᠡᠢ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠣᠨ ‍ᠤ ᠶᠠᠳᠠᠭᠤ ᠶ᠋ᠢ ᠲᠡᠳᠬᠦᠬᠦ ᠺᠠᠳ᠋ᠷ ᠪᠣᠯᠪᠠᠰᠤᠷᠠᠯ ᠳ᠋ᠤ ᠣᠷᠣᠯᠴᠠᠠᠠᠰᠠᠨ ᠪᠠᠶᠢᠨ᠎ᠠ ᠃
        ᠪᠣᠯᠪᠠᠰᠤᠷᠠᠯ ‍ᠤᠨ ᠠᠩᠭᠢ ᠨᠢ ᠭᠤᠷᠪᠠᠨ ᠡᠳᠦᠷ ‍ᠦᠨ ᠬᠤᠭᠤᠴᠠᠭ᠎ᠠ ᠲᠠᠶ ᠶᠠᠪᠤᠭᠳᠠᠵᠤ ᠂ ᠪᠡᠭᠡᠵᠢᠩ ‍ᠦᠨ ᠲᠠᠷᠢᠶᠠᠯᠠᠩ ‍ᠤᠨ ᠶᠡᠬᠡ ᠰᠤᠷᠭᠠᠭᠤᠯᠢ ᠪᠣᠯᠤᠨ ᠪᠡᠭᠡᠵᠢᠩ ‍ᠦᠨ ᠲᠠᠷᠢᠶᠠᠯᠠᠩ ‍ᠤᠨ ᠠᠵᠢᠯ ᠮᠡᠷᠭᠡᠵᠢᠯ ‍ᠦᠨ ᠲᠡᠭᠡᠳᠣ ᠰᠤᠷᠭᠠᠭᠤᠯᠢ ᠶ᠋ᠢᠨ ᠫᠷᠣᠹᠧᠰᠰᠣᠷ ‍ᠢ ᠤᠷᠢᠵᠤ ᠂ ᠬᠥᠳᠡᠭᠡ ᠲᠣᠰᠬᠣᠨ ‍ᠤ ᠠᠵᠤ ᠦᠢᠯᠡᠰ ᠪᠣᠯᠤᠨ ᠤᠨᠢᠨ ᠳᠡᠭᠡᠷ᠎ᠡ ᠨᠢ ᠶᠠᠳᠠᠭᠤ ᠶ᠋ᠢ ᠲᠡᠳᠬᠦᠬᠦ ᠂ ᠬᠥᠳᠡᠭᠡ ᠲᠣᠰᠬᠣᠨ ‍ᠤ ᠥᠷᠲᠡᠭ ᠲᠦ ᠰᠠᠭᠤᠷᠢᠯᠠᠭᠰᠠᠨ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠵᠡᠷᠭᠡ ᠲᠠᠯ᠎ᠠ ᠪᠠᠷ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠠᠶᠢᠨ᠎ᠠ ᠃
        ᠬᠤᠷᠠᠯ ᠡᠴᠠ ᠂ ᠥᠷᠭᠡᠨ ᠤᠯᠠᠨ ᠶᠠᠳᠠᠭᠤ ᠶ᠋ᠢ ᠲᠡᠳᠬᠦᠬᠦ ᠺᠠᠳ᠋ᠷ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠲᠥᠷᠥ ᠶ᠋ᠢᠨ ᠪᠣᠳᠣᠯᠭ᠎ᠠ ᠶ᠋ᠢ ᠭᠦᠨᠵᠡᠭᠡᠢ ᠰᠤᠷᠤᠯᠴᠠᠵᠤ ᠂ ᠨᠠᠷᠢᠯᠢᠭ ᠣᠨᠣᠪᠴᠢᠳᠡᠢ ᠣᠶᠢᠯᠠᠭᠠᠵᠤ ᠂ ᠨᠠᠷᠢᠨ ᠨᠢᠮᠪᠠᠢ ᠯᠠᠪᠳᠠᠭᠤᠨ ᠪᠠᠲᠤᠲᠠᠢ ᠬᠢᠬᠦ ᠬᠡᠷᠡᠭᠲᠡᠢ ᠃ ᠤᠬᠠᠮᠰᠠᠷ ᠡᠴᠠ ᠪᠠᠨ ᠠᠵᠢᠯᠯᠠᠨ ᠂ ᠬᠣᠰᠢᠭᠣᠨ ‍ᠤ ᠨᠠᠮ ‍ᠤᠨ ᠬᠣᠷᠢᠶ᠎ᠠ ᠂ ᠵᠠᠰᠠᠭ ‍ᠤᠨ ᠣᠷᠳᠣᠨ ‍ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ 《 ᠨᠠᠷᠢᠯᠢᠭ  ᠣᠨᠣᠪᠴᠢᠳᠡᠢ ᠂ ᠦᠷᠬᠦᠯᠵᠢᠯᠡᠬᠦᠶᠢᠴᠡ ᠂ ᠣᠯᠠᠨ ᠲᠦᠮᠡᠨ ‍ᠦ ᠳᠣᠲᠣᠭᠠᠳᠤ ᠬᠥᠳᠡᠯᠭᠡᠬᠦ ᠬᠦᠴᠦᠨ ᠪᠠ ᠥᠪᠡᠷ ‍ᠢ ᠪᠡᠨ ᠬᠥᠭᠵᠢᠭᠦᠯᠬᠦ ᠴᠢᠳᠠᠪᠤᠷᠢ ᠶ᠋ᠢ ᠬᠥᠭᠵᠢᠭᠡᠬᠦ 》 ᠭᠤᠷᠪᠠᠨ ᠴᠢᠬᠤᠯᠠ ᠭᠣᠭᠴᠣᠭ᠎ᠠ ᠶ᠋ᠢ ᠴᠢᠩᠭ᠎ᠠ ᠠᠳᠬᠤᠵᠤ ᠂ 《 ᠬᠣᠶᠠᠷ ᠲᠤ ᠵᠣᠪᠠᠬᠤ ᠥᠬᠡᠶ ᠭᠤᠷᠪᠠ ᠶ᠋ᠢ ᠪᠠᠲᠤᠯᠠᠬᠤ 》 ᠳ᠋ᠤ ᠠᠩᠬᠠᠷᠤᠯ ᠢᠶᠡᠨ ᠲᠦᠪᠯᠡᠷᠡᠬᠦᠯᠦᠨ ᠂ ᠠᠵᠤ ᠦᠢᠯᠡᠰ ‍ᠢᠶ᠋ᠡᠷ ᠶᠠᠳᠠᠭᠤ ᠶ᠋ᠢ ᠲᠡᠳᠬᠦᠬᠦ ᠂ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠂ ᠦᠨᠳᠦᠰᠦᠨ ᠵᠦᠢᠯ ‍ᠢ ᠪᠠᠲᠤᠯᠠᠬᠤ ᠪᠠ ᠣᠶᠤᠨ ᠣᠬᠠᠭᠠᠨ ᠢᠶᠠᠷ ᠶᠠᠳᠠᠭᠤ ᠶ᠋ᠢ ᠲᠡᠳᠬᠦᠬᠦ ᠳᠥᠷᠪᠡᠨ ᠵᠦᠢᠯ ‍ᠦᠨ ᠭᠣᠤᠯᠳᠠᠯᠭ᠎ᠠ ᠲᠠᠶ ᠠᠵᠢᠯ ‍ᠢ ᠭᠣᠤᠯᠳᠠᠯᠭ᠎ᠠ ᠲᠠᠶ ᠰᠠᠶᠢᠲᠤᠷ ᠠᠳᠬᠤᠵᠤ ᠂ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠵᠢ ᠪᠥᠬᠥ ᠲᠠᠯ᠎ᠠ ᠪᠠᠷ ᠰᠠᠶᠢᠲᠤᠷ ᠬᠢᠬᠦ ᠬᠡᠷᠡᠭᠲᠡᠶ ᠭᠡᠵᠡᠢ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ