ᠳᠤᠮᠳᠠᠳᠤ ᠤᠯᠤᠰ ᠤᠨ ᠤᠳᠬ᠎ᠠ ᠤᠷᠠᠯᠢᠭ ‍ᠤᠨ ᠬᠣᠯᠪᠣᠭ᠎ᠠ ᠶ᠋ᠢᠨ ᠲᠡᠷᠢᠭᠦᠯᠡᠭᠴᠢ ᠂ ᠳᠤᠮᠳᠠᠳᠤ ᠤᠯᠤᠰ ᠤᠨ ᠵᠣᠬᠢᠶᠠᠯᠴᠢᠳ ‍ᠤᠨ ᠡᠪᠯᠡᠯ ‍ᠦᠨ ᠲᠡᠷᠢᠭᠦᠯᠡᠭᠴᠢ ᠲᠢᠶᠸ ᠨᠢᠩ ᠨᠡᠷ ᠮᠠᠨ ᠤ ᠬᠣᠰᠢᠭᠣᠨ ᠳ᠋ᠥ ᠢᠷᠡᠵᠣ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 5206     ᠨᠡᠶᠢᠳᠡᠯᠡᠭᠰᠡᠨ ᠴᠠᠭ ᠄ 2019/6/6 15:43:07

     5 ᠳ᠋ᠣᠭᠠᠷ ᠰᠠᠷ᠎ᠠ ᠶ᠋ᠢᠨ 29 ‍ᠤ ᠡᠳᠦᠷ ᠂ ᠳᠤᠮᠳᠠᠳᠤ ᠤᠯᠤᠰ ᠤᠨ ᠤᠳᠬ᠎ᠠ ᠤᠷᠠᠯᠢᠭ ‍ᠤᠨ ᠬᠣᠯᠪᠣᠭ᠎ᠠ ᠶ᠋ᠢᠨ ᠲᠡᠷᠢᠭᠦᠯᠡᠭᠴᠢ ᠂ ᠳᠤᠮᠳᠠᠳᠤ ᠤᠯᠤᠰ ᠤᠨ ᠵᠣᠬᠢᠶᠠᠯᠴᠢᠳ ‍ᠤᠨ ᠡᠪᠯᠡᠯ ‍ᠦᠨ ᠲᠡᠷᠢᠭᠦᠯᠡᠭᠴᠢ ᠲᠢᠶᠸ ᠨᠢᠩ ᠨᠡᠷ ᠮᠠᠨ ᠤ ᠬᠣᠰᠢᠭᠣᠨ ᠳ᠋ᠥ ᠢᠷᠡᠵᠣ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠤᠳᠬ᠎ᠠ ᠤᠷᠠᠯᠢᠭ ‍ᠤᠨ ᠠᠵᠢᠯ ‍ᠤᠨ ᠲᠤᠬᠠᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠤᠱᠯᠠᠭᠤᠯᠵᠤ ᠂ ᠴᠥᠭᠡᠨ ᠲᠣᠭᠠᠲᠤ ᠦᠨᠳᠦᠰᠦᠲᠡᠨ ‍ᠦ ᠤᠳᠬ᠎ᠠ ᠵᠣᠬᠢᠶᠠᠯ ‍ᠤᠨ ᠡᠩᠨᠡᠭᠡ ᠶ᠋ᠢᠨ ᠪᠠᠶᠢᠭᠣᠯᠣᠯᠳᠠ ᠶ᠋ᠢ ᠴᠢᠩᠭᠠᠳᠬᠠᠨ ᠂ ᠴᠥᠭᠡᠨ ᠲᠣᠭᠠᠲᠤ ᠦᠨᠳᠦᠰᠦᠲᠡᠨ ‍ᠦ ᠤᠳᠬ᠎ᠠ ᠤᠷᠠᠯᠢᠭ ‍ᠤᠨ ᠦᠢᠯᠡᠰ ‍ᠦᠨ ᠴᠡᠴᠡᠭᠯᠡᠨ ᠬᠥᠭᠵᠢᠬᠦ ᠶ᠋ᠢ ᠠᠬᠢᠭᠤᠯᠤᠭᠰᠠᠨ ᠪᠠᠶᠢᠳᠠᠯ ‍ᠤᠨ ᠲᠣᠭᠣᠷᠢᠨ ᠳ᠋ᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃ ᠲᠦᠩᠯᠢᠶᠣᠤ ᠬᠣᠲᠠ ᠶ᠋ᠢᠨ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠤᠬᠠᠭᠤᠯᠬᠤ ᠬᠡᠯᠲᠡᠰ ‍ᠦᠨ ᠳᠠᠷᠤᠭ᠎ᠠ ᠯᠢ ᠯᠢ ᠂ ᠬᠣᠰᠢᠭᠤᠨ ‍ᠤ ᠤᠳᠤᠷᠢᠳᠤᠯᠭ᠎ᠠ ᠵᠠᠩ ᠬᠤᠸᠠ ᠂ ᠪᠦᠷᠢᠨ ᠂ ᠯᠢ ᠶᠠᠨ ᠾᠦᠢ ᠨᠠᠷ ᠪᠠᠷ᠎ᠠ ᠪᠣᠯᠣᠭᠰᠠᠨ ᠪᠠᠶᠢᠨ᠎ᠠ ᠃

       ᠲᠢᠶᠸ ᠨᠢᠩ ᠨᠠᠷ ᠬᠣᠰᠢᠭᠣᠨ ᠤ ᠪᠠᠷ ᠵᠢᠷᠤᠭ ‍ᠤᠨ ᠬᠦᠷᠢᠶᠡᠯᠡᠩ ᠳ᠋ᠦ ᠭᠦᠨᠵᠡᠭᠡᠶᠢᠷᠡᠵᠦ ᠂ ᠪᠠᠭᠠᠴᠤᠳ ᠬᠡᠦᠬᠡᠳ ‍ᠦᠨ ᠪᠠᠷ ᠵᠢᠷᠤᠭ ‍ᠤᠨ ᠦᠵᠡᠭᠦᠯᠦᠯᠭᠡ ᠶ᠋ᠢᠨ ᠲᠢᠩᠬᠢᠮ ᠂ 2018 ᠣᠨ ᠤ ᠪᠠᠷ ᠵᠢᠷᠤᠭ ‍ᠤᠨ ᠦᠵᠡᠰᠬᠦᠯᠡᠩ ᠂ ᠵᠣᠬᠢᠶᠠᠯᠴᠢ ᠶ᠋ᠢᠨ ᠠᠵᠢᠯᠯᠠᠬᠤ ᠲᠠᠰᠤᠭ ᠵᠢᠴᠢ ᠪᠠᠷ ᠵᠢᠷᠤᠭ ‍ᠤᠨ ᠲᠠᠰᠤᠭ ‍ᠢ ᠲᠤᠬᠠᠢ ‍ᠢᠢᠨ ᠭᠠᠵᠠᠷ ᠲᠤᠨᠢ ᠲᠣᠭᠣᠷᠢᠨ ᠦᠵᠡᠵᠦ ᠂ ᠬᠣᠰᠢᠭᠣᠨ ᠤ ᠪᠠᠷ ᠵᠢᠷᠤᠭ ‍ᠤᠨ ᠵᠣᠬᠢᠶᠠᠨ ᠪᠦᠲᠦᠭᠡᠯᠭᠡ ᠶ᠋ᠢᠨ ᠬᠠᠮᠢᠶ᠎ᠠ ᠪᠦᠬᠦᠢ ᠪᠠᠶᠢᠳᠠᠯ ‍ᠢ ᠨᠠᠷᠢᠨ ᠰᠣᠨᠣᠰᠴᠤ ᠂ ᠲᠡᠷᠡᠴᠢᠯᠡᠨ ᠤᠷᠠᠨ ᠵᠢᠷᠤᠭᠴᠢᠨ ᠲᠠᠶ ᠳᠣᠲᠣᠨᠣ ᠪᠠᠷ ᠶᠠᠷᠢᠯᠴᠠᠪᠠ ᠃ ᠲᠢᠶᠸ ᠨᠢᠩ ᠶᠠᠷᠢᠭᠰᠠᠨ ᠨᠢ ᠂ ᠨᠠᠢᠮᠠᠨ ᠰᠣᠶᠣᠯ ‍ᠤᠨ ᠡᠬᠢ ᠪᠠᠶᠠᠯᠢᠭ ᠡᠯᠪᠡᠭ ᠪᠠᠶᠠᠯᠢᠭ ᠂ ᠪᠠᠷ ᠵᠢᠷᠤᠭ ᠪᠣᠯ ᠦᠨᠳᠦᠰᠦᠲᠡᠨ ‍ᠦ ᠰᠣᠶᠣᠯ ‍ᠤᠨ ᠭᠤᠶᠤ ᠰᠠᠶᠢᠬᠠᠨ ᠨᠡᠷ᠎ᠡ ᠶ᠋ᠢᠨ ᠬᠠᠭᠤᠳᠠᠰᠤ ᠮᠥᠨ ᠂ ᠡᠨᠡ ᠬᠦ ᠳᠠᠪᠠᠭᠤᠯᠢᠭ ‍ᠢ ᠭᠦᠢᠴᠡᠳ ᠠᠰᠢᠭᠯᠠᠨ ᠂ ᠴᠥᠭᠡᠨ ᠲᠣᠭᠠᠲᠤ ᠦᠨᠳᠦᠰᠦᠲᠡᠨ ‍ᠦ ᠵᠣᠬᠢᠶᠠᠯᠴᠢᠳ ‍ᠤᠨ ᠡᠩᠨᠡᠭᠡ ᠶ᠋ᠢ ᠶᠡᠬᠡᠪᠡᠷ ᠬᠥᠮᠦᠵᠢᠭᠦᠯᠵᠦ ᠂ ᠵᠣᠬᠢᠶᠠᠨ ᠪᠦᠲᠦᠭᠡᠬᠦ ᠠᠮᠢᠵᠢᠷᠠᠯ ‍ᠤᠨ ᠬᠦᠴᠦᠨ ‍ᠢ ᠬᠦᠭᠵᠢᠶᠡᠨ ᠂ ᠴᠥᠭᠡᠨ ᠲᠣᠭᠠᠲᠤ ᠦᠨᠳᠦᠰᠦᠲᠡᠨ ‍ᠦ ᠤᠳᠬ᠎ᠠ ᠤᠷᠠᠯᠢᠭ ‍ᠤᠨ ᠦᠢᠯᠡᠰ ‍ᠦᠨ ᠴᠡᠴᠡᠭᠯᠡᠯ ᠬᠥᠭᠵᠢᠯ ‍ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ ᠃

         ᠲᠢᠶᠸ ᠨᠢᠩ ᠨᠡᠷ ᠪᠠᠰᠠ ᠬᠣᠰᠢᠭᠤᠨ ‍ᠤ ᠰᠣᠶᠣᠯ ‍ᠤᠨ ᠣᠷᠳᠣᠨ ᠳ᠋ᠤ ᠬᠦᠷᠴᠦ ᠂ 《 ᠨᠠᠢᠮᠠᠨ ᠤ ᠰᠣᠶᠣᠯ ‍ᠤᠨ ᠣᠷᠣᠢ ᠶ᠋ᠢᠨ ᠨᠠᠢᠮᠠᠨ ᠴᠠᠭ 》 ‍ᠤᠨ ᠤᠩᠰᠢᠯᠭ᠎ᠠ ᠶ᠋ᠢᠨ ᠴᠤᠭᠯᠠᠭᠠᠨ ‍ᠤ ᠠᠵᠢᠯᠯᠠᠭ᠎ᠠ ᠳ᠋ᠤ  ᠣᠷᠣᠯᠴᠠᠵᠣ ᠂ ᠲᠤᠬᠠᠶ ᠶ᠋ᠢᠨ ᠲᠠᠯᠠᠪᠠᠢ ᠳ᠋ᠤ ᠂ ᠮᠠᠨ ‍ᠤ ᠬᠣᠰᠢᠭᠤᠨ ‍ᠤ ᠵᠣᠬᠢᠶᠠᠯᠴᠢ ᠲᠢᠶᠸ ᠨᠢᠩ ᠲᠡᠶ ᠵᠣᠬᠢᠶᠠᠨ ᠪᠦᠲᠦᠭᠡᠭᠰᠡᠨ ᠥᠩᠭᠡᠷᠡᠯᠲᠡ ᠵᠢᠴᠢ ᠪᠦᠲᠦᠭᠡᠯ ‍ᠢᠶ᠋ᠡᠨ ᠰᠣᠯᠢᠯᠴᠠᠭᠰᠠᠨ ᠪᠥᠭᠡᠳ 《 ᠨᠠᠶ᠋ᠮᠠᠨ  ᠤ ᠰᠣᠶᠣᠯ ‍ᠤᠨ ᠲᠡᠮᠳᠡᠭᠯᠡᠯ 》 ᠂ 《 ᠨᠠᠶ᠋ᠮᠠᠨ ᠤ ᠣᠯᠠᠨ ᠤᠯᠤᠰ ᠡᠴᠠ ᠭᠡᠷᠡᠯ ᠵᠢᠷᠤᠭ ‍ᠤᠨ ᠤᠷᠤᠯᠳᠤᠭᠠᠨ ‍ᠤ ᠪᠦᠲᠦᠭᠡᠯ ‍ᠦᠨ ᠲᠡᠭᠦᠪᠦᠷᠢ 》 ᠂ 《 ᠨᠠᠶ᠋ᠮᠠᠨ ᠤ ᠤᠳᠬ᠎ᠠ ᠵᠣᠬᠢᠶᠠᠯ 》 ‍ᠢ ᠲᠢᠶᠸ ᠨᠢᠩ ᠳ᠋ᠤ ᠪᠡᠯᠡᠭᠯᠡᠨ  ᠬᠦᠷᠭᠡᠭᠦ ᠶ᠋ᠢᠨ ᠬᠠᠮᠲᠤ ᠪᠠᠰᠠ 《 ᠨᠠᠶ᠋ᠮᠠᠨ ᠤ ᠰᠣᠶᠣᠯ ‍ᠤᠨ ᠣᠷᠣᠢ ᠶ᠋ᠢᠨ ᠨᠠᠶ᠋ᠮᠠᠨ ᠴᠠᠭ 》 ᠤᠨ ᠤᠩᠰᠢᠯᠭ᠎ᠠ ᠶ᠋ᠢᠨ ᠴᠤᠭᠯᠠᠭᠠᠨ ‍ᠤ ᠠᠵᠢᠯᠯᠠᠭ᠎ᠠ ᠶ᠋ᠢᠨ ᠬᠡᠰᠡᠭ ᠭᠡᠰᠢᠭᠦᠨ ᠭᠠᠷ ‍ᠤᠨ ᠥᠰᠥᠭ ᠵᠢᠷᠤᠭᠰᠠᠨ ᠪᠠᠶᠢᠨ᠎ᠠ ᠃

       ᠲᠢᠶᠸ ᠨᠢᠩ ᠨᠠᠢᠮᠠᠨ ᠬᠣᠰᠢᠭᠤᠨ ‍ᠤ ᠴᠥᠭᠡᠨ ᠲᠣᠭᠠᠲᠤ ᠦᠨᠳᠦᠰᠦᠲᠡᠨ ‍ᠦ ᠤᠳᠬ᠎ᠠ ᠵᠣᠬᠢᠶᠠᠯ ‍ᠤᠨ ᠵᠣᠬᠢᠶᠠᠨ ᠪᠦᠲᠦᠭᠡᠯᠭᠡ ᠶ᠋ᠢ ᠭᠦᠢᠴᠡᠳ ᠨᠤᠲᠠᠯᠠᠵᠤ ᠂ ᠥᠷᠭᠡᠨ ᠤᠯᠠᠨ ᠤᠳᠬ᠎ᠠ ᠤᠷᠠᠯᠢᠭ ‍ᠤᠨ ᠠᠵᠢᠯᠲᠠᠳ ᠰᠢ ᠶ᠋ᠢᠨ ᠫᠢᠩ ᠶᠡᠷᠦᠩᠬᠡᠢ ᠱᠦᠵᠢ ‍ᠦᠨ ᠤᠳᠬ᠎ᠠ ᠤᠷᠠᠯᠢᠭ ‍ᠤᠨ  ᠰᠠᠭᠣᠳᠠᠯ ᠤᠨ ᠬᠤᠷᠠᠯ ᠳᠡᠭᠡᠷᠡᠬᠢ ᠶᠠᠷᠢᠶᠠᠨ ‍ᠤ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠶ᠋ᠢ ᠬᠦᠰᠡᠭᠰᠡᠨ ᠪᠠᠶᠢᠨ᠎ᠠ ᠃ ᠲᠡᠷᠡ ᠶᠠᠷᠢᠭᠰᠠᠨ ᠨᠢ ᠂ ᠣᠳᠬ᠎ᠠ ᠵᠣᠬᠢᠶᠠᠯ ᠤᠨ  ᠰᠠᠭᠤᠷᠢ ᠦᠨᠳᠦᠰᠦᠨ ᠱᠠᠲᠤᠨ ᠳ᠋ᠤ  ᠪᠠᠶᠢᠵᠣ ᠂ ᠤᠳᠬ᠎ᠠ ᠵᠣᠬᠢᠶᠠᠯ ‍ᠤᠨ ᠴᠡᠴᠡᠭᠯᠡᠯ ᠬᠥᠭᠵᠢᠯ ‍ᠢ ᠠᠬᠢᠭᠤᠯᠬᠤ ᠳ᠋ᠤ ᠡᠷᠬᠡᠪᠰᠢ ᠰᠠᠭᠤᠷᠢ ᠶ᠋ᠢ ᠪᠡᠬᠢᠵᠢᠭᠦᠯᠵᠣ ᠂ ᠤᠳᠬ᠎ᠠ ᠵᠣᠬᠢᠶᠠᠯ ‍ᠤᠨ ᠵᠣᠬᠢᠶᠠᠨ ᠪᠦᠲᠦᠭᠡᠯᠭᠡ ᠠᠮᠢᠳᠤᠷᠠᠯ ᠳ᠋ᠤ ᠭᠦᠨᠵᠡᠭᠡᠶᠢᠷᠡᠨ ᠂ ᠠᠷᠠᠳ ᠲᠦᠮᠡᠨ ‍ᠦ ᠳᠤᠮᠳᠠ ᠦᠨᠳᠦᠰᠦᠯᠡᠭᠦᠯᠵᠣ ᠂ ᠤᠳᠬ᠎ᠠ ᠤᠷᠠᠯᠢᠭ ‍ᠤᠨ ᠠᠵᠢᠯᠲᠠᠳ ᠨᠠᠩ ᠤᠯᠠᠨ ᠰᠢᠯᠢᠳᠡᠭ ᠰᠣᠳᠣᠨ ᠪᠦᠲᠦᠭᠡᠯ ‍ᠢ ᠵᠣᠬᠢᠶᠠᠨ ᠪᠦᠲᠦᠭᠡᠬᠦ ᠬᠡᠷᠡᠭᠲᠡᠢ ᠭᠡᠰᠡᠨ ᠪᠠᠶᠢᠨ᠎ᠠ ᠃  
        ᠲᠢᠶᠸ ᠨᠢᠩ ᠪᠣᠯ ᠣᠳᠣ ᠦᠶ᠎ᠡ ᠶ᠋ᠢᠨ ᠠᠯᠳᠠᠷᠲᠤ ᠵᠣᠬᠢᠶᠠᠯᠴᠢ ᠂ ᠣᠳᠣ ᠳᠤᠮᠳᠠᠳᠤ ᠤᠯᠤᠰ  ᠤᠨ ᠡᠪ ᠬᠠᠮᠲᠤ ᠨᠠᠮ ‍ᠤᠨ ᠠᠷᠪᠠ ᠶᠢᠰᠦᠳᠦᠭᠡᠷ ᠬᠤᠭᠤᠴᠠᠭᠠᠨ ‍ᠤ ᠲᠥᠪ ᠬᠣᠷᠢᠶᠠᠨ ‍ᠤ ᠭᠡᠰᠢᠭᠦᠨ ᠂ ᠳᠤᠮᠳᠠᠳᠤ ᠤᠯᠤᠰ ᠤᠨ ᠤᠳᠬ᠎ᠠ ᠤᠷᠠᠯᠢᠭ ‍ᠤᠨ ᠬᠣᠯᠪᠣᠭ᠎ᠠ ᠤ ᠲᠡᠷᠢᠭᠦᠯᠡᠭᠴᠢ ᠂ ᠳᠤᠮᠳᠠᠳᠤ ᠤᠯᠤᠰ  ᠤᠨ ᠵᠣᠬᠢᠶᠠᠯᠴᠢᠳ ‍ᠤᠨ ᠡᠪᠯᠡᠯ ‍ᠦᠨ ᠲᠡᠷᠢᠭᠦᠯᠡᠭᠴᠢ ᠶ᠋ᠢᠨ ᠲᠤᠰᠢᠶᠠᠯ ‍ᠢ ᠡᠭᠦᠷᠭᠡᠯᠡᠵᠦ ᠪᠠᠶᠢᠨ᠎ᠠ ᠃ ᠨᠠᠶᠢᠷᠠᠭᠤᠯᠤᠯ ᠂ ᠺᠢᠨᠣ᠋ ᠵᠦᠴᠦᠭᠡ ᠶ᠋ᠢᠨ ᠵᠣᠬᠢᠶᠠᠯ ᠵᠡᠷᠭᠡ ᠵᠠᠭᠤ ᠭᠠᠷᠤᠶ ᠪᠦᠳᠦᠭᠡᠯ ᠪᠠᠶᠢᠵᠤ ᠂ ᠨᠡᠢᠢᠳᠡ 300 ᠭᠠᠷᠤᠶ ᠲᠦᠮᠡᠨ ᠦᠰᠦᠭ ᠲᠠᠢ ᠃  ᠬᠡᠰᠡᠭ ᠪᠦᠲᠦᠭᠡᠯ ᠨᠢ ᠠᠩᠭᠯᠢ ᠂ ᠹᠷᠠᠨᠼᠢ ᠂ ᠭᠧᠷᠮᠠᠨ ᠂ ᠶᠠᠫᠣᠨ ᠂ ᠣᠷᠣᠰ ᠂ ᠳ᠋ᠠᠨᠮᠠᠷᠺ ᠂ ᠢᠰᠫᠠᠨᠢ ᠵᠡᠷᠭᠡ ᠦᠰᠦᠭ ᠳᠡᠭᠡᠷ᠎ᠡ ᠣᠷᠴᠢᠭᠤᠯᠤᠭᠳᠠᠨ ᠂ ᠵᠠᠷᠢᠮ ᠨᠢ ᠪᠠᠰᠠ ᠰᠢᠶᠠᠩᠭᠠᠩ ᠪᠠ ᠲᠠᠶᠢᠸᠠᠨ ᠳ᠋ᠤ ᠬᠡᠪᠯᠡᠭᠳᠡᠪᠡ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ