ᠬᠣᠰᠢᠭᠣᠨ ᠤ ᠨᠠᠮ ᠤᠨ ᠬᠣᠷᠢᠶ᠎ᠠ ᠡᠴᠡ 《 ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠶ᠋ᠢ ᠠᠬᠢᠭᠤᠯᠬᠤ 》 ᠲᠤᠰᠬᠠᠶ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠵᠢᠴᠢ ᠤᠨᠤᠯ ᠰᠤᠷᠤᠯᠴᠠᠬᠤ ᠭᠣᠤᠯ ᠳᠤᠭᠤᠢᠯᠠᠩ ‍ᠤᠨ 2019 ᠣᠨ ᠤ 6 ᠳ᠋ᠤᠭᠠᠷ ᠤᠳᠠᠭᠠᠨ ‍ᠤ ᠬᠠᠮᠲᠤ ᠶ᠋ᠢᠨ ( ᠥᠷᠭᠡᠳᠬᠡᠭᠰᠡᠨ ) ᠰᠤᠷᠤᠯᠴᠠᠯᠭ᠎ᠠ ᠶ᠋ᠢᠨ ᠬᠤᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 100     ᠨᠡᠶᠢᠳᠡᠯᠡᠭᠰᠡᠨ ᠴᠠᠭ ᠄ 2019/6/6 16:03:56

         5 ᠳ᠋ᠣᠭᠠᠷ ᠰᠠᠷ᠎ᠠ ᠶ᠋ᠢᠨ 30 ‍ᠤ ᠡᠳᠦᠷ ᠂ ᠬᠣᠰᠢᠭᠤᠨ ‍ᠤ ᠨᠠᠮ ‍ᠤᠨ ᠬᠣᠷᠢᠶ᠎ᠠ ᠡᠴᠠ 《 ᠦᠵᠡᠯ ᠰᠠᠨᠠᠭ᠎ᠠ ᠪᠠᠨ ᠳᠠᠬᠢᠨ ᠴᠢᠯᠥᠭᠡᠯᠡᠬᠦ ᠂ ᠰᠢᠨ᠎ᠡ ᠬᠥᠭᠵᠢᠯᠲᠡ ᠶ᠋ᠢᠨ ᠣᠢᠯᠠᠭᠠᠭᠳᠠᠬᠤᠨ ‍ᠢ ᠬᠡᠷᠡᠭᠵᠢᠭᠦᠯᠬᠦ ᠂ ᠴᠢᠨᠠᠷ ᠰᠠᠶᠢᠲᠠᠶ ᠬᠥᠭᠵᠢᠯᠲᠡ ᠠᠬᠢᠭᠣᠯᠬᠣ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ 》 ᠶ᠋ᠢᠨ ᠲᠤᠰᠬᠠᠶ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠵᠢᠴᠢ ᠤᠨᠤᠯ ᠰᠤᠷᠤᠯᠴᠠᠬᠤ ᠭᠣᠤᠯ ᠳᠤᠭᠤᠢᠯᠠᠩ ‍ᠤᠨ 2019 ᠣᠨ ᠤ 6 ᠳ᠋ᠤᠭᠠᠷ ᠤᠳᠠᠭᠠᠨ ‍ᠤ ᠬᠠᠮᠲᠤ ᠶ᠋ᠢᠨ ( ᠥᠷᠭᠡᠳᠬᠡᠭᠰᠡᠨ ) ᠰᠤᠷᠤᠯᠴᠠᠯᠭ᠎ᠠ ᠶ᠋ᠢᠨ ᠬᠤᠷᠠᠯ ‍ᠢ ᠶᠠᠪᠣᠭᠳᠠᠭᠣᠯᠵᠣ ᠂ ᠲᠤᠰᠬᠠᠢ ᠮᠡᠷᠭᠡᠵᠢᠯᠲᠡᠨ ‍ᠢ ᠤᠷᠢᠵᠤ ᠬᠥᠳᠡᠭᠡ ᠲᠣᠰᠬᠣᠨ ‍ᠢ ᠬᠦᠭᠵᠢᠭᠦᠯᠵᠣ ᠮᠠᠨᠳᠤᠭᠤᠯᠬᠤ ᠪᠠᠶᠢᠯᠳᠤᠬᠤ ᠪᠣᠳᠣᠯᠭ᠎ᠠ ᠶ᠋ᠢ ᠬᠡᠷᠡᠭᠵᠢᠭᠦᠯᠬᠦ ᠪᠡᠷ ᠭᠣᠣᠯᠳᠠᠭᠣᠯᠣᠨ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠶ᠋ᠢ ᠪᠠᠲᠤᠲᠠᠢ ᠠᠬᠢᠭᠤᠯᠵᠤ ᠂ ᠮᠠᠯ ᠠᠵᠤ ᠠᠬᠤᠢ ᠲᠠᠷᠢᠶᠠᠯᠠᠩ ᠪᠠ ᠬᠥᠳᠡᠭᠡ ᠲᠣᠰᠬᠣᠨ ‍ᠤ ᠠᠵᠢᠯ ‍ᠤᠨ ᠶᠠᠰᠤ ᠴᠢᠨᠠᠷ ‍ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠪᠠ ᠱᠠᠰᠢᠨ ᠰᠤᠷᠲᠠᠬᠤᠨ ‍ᠤ ᠠᠵᠢᠯ ᠵᠡᠷᠭᠡ ᠠᠭᠤᠯᠭ᠎ᠠ ᠶ᠋ᠢ ᠲᠤᠰᠬᠠᠢ ᠰᠡᠳᠦᠪ ‍ᠢᠶ᠋ᠡᠷ ᠬᠠᠪᠰᠤᠷᠤᠨ ᠵᠢᠯᠣᠭᠣᠳᠣᠭᠰᠠᠨ ᠪᠠᠶᠢᠨ᠎ᠠ ᠃
      ᠬᠤᠷᠠᠯ ᠡᠴᠠ ᠂ ᠰᠢ ᠶ᠋ᠢᠨ ᠫᠢᠩ ᠶᠡᠷᠦᠩᠬᠡᠢ ᠱᠦᠵᠢ ᠶ᠋ᠢᠨ 《 ᠬᠣᠶᠠᠷ ᠲᠤ ᠵᠣᠪᠠᠬᠤ ᠦᠭᠡᠢ ᠭᠤᠷᠪᠠ ᠶ᠋ᠢ ᠪᠠᠲᠤᠯᠠᠬᠤ 》 ᠲᠣᠪᠣᠶᠢᠮ᠎ᠠ ᠠᠰᠠᠭᠤᠳᠠᠯ ‍ᠢ ᠰᠢᠢᠳᠪᠦᠷᠢᠯᠡᠬᠦ ᠰᠠᠭᠣᠳᠠᠯ ᠬᠤᠷᠠᠯ ᠳᠡᠭᠡᠷᠡᠬᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠬᠤ ᠶ᠋ᠢ  ᠰᠢ ᠶ᠋ᠢᠨ ᠫᠢᠩ ᠶᠡᠷᠦᠩᠬᠡᠢ ᠱᠦᠵᠢ ᠶ᠋ᠢᠨ ᠶᠠᠳᠠᠭᠤ ᠶ᠋ᠢ ᠲᠡᠳᠬᠦᠬᠦ ᠠᠵᠢᠯ ‍ᠤᠨ ᠲᠤᠬᠠᠢ ᠴᠢᠬᠤᠯᠠ ᠥᠭᠦᠯᠡᠯᠲᠡ ᠲᠡᠶ ᠤᠶᠠᠯᠳᠤᠭᠤᠯᠵᠤ ᠂ ᠭᠦᠨᠵᠡᠭᠡᠢ ᠰᠤᠷᠤᠯᠴᠠᠨ ᠂ ᠨᠠᠷᠢᠨ ᠬᠢᠨᠠᠮᠠᠭᠠᠢ ᠲᠣᠣᠱᠯᠠᠭᠣᠯᠵᠣ ᠂ ᠬᠦᠴᠦ ᠪᠡᠨ ᠲᠥᠪᠯᠡᠷᠡᠭᠦᠯᠦᠨ 《 ᠬᠣᠶᠠᠷ ᠲᠤ ᠵᠣᠪᠠᠬᠤ ᠦᠭᠡᠢ ᠭᠤᠷᠪᠠ ᠶ᠋ᠢ ᠪᠠᠲᠤᠯᠠᠬᠤ 》 ᠲᠣᠪᠣᠶᠢᠮ᠎ᠠ ᠠᠰᠠᠭᠤᠳᠠᠯ ‍ᠢ ᠰᠢᠢᠳᠪᠦᠷᠢᠯᠡᠵᠦ ᠂ ᠶᠠᠳᠠᠭᠤ ᠡᠴᠠ ᠠᠩᠭᠢᠵᠢᠷᠠᠭᠤᠯᠬᠤ ᠶᠠᠰᠤ ᠴᠢᠨᠠᠷ ‍ᠢ ᠲᠠᠰᠤᠷᠠᠯᠲᠠ ᠦᠭᠡᠢ  ᠲᠡᠭᠡᠭᠰᠢᠯᠡᠭᠦᠯᠦᠨ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠢ ᠰᠠᠶᠢᠲᠤᠷ ᠬᠢᠬᠦ ᠬᠡᠷᠡᠭᠲᠡᠢ ᠃ ᠬᠥᠳᠡᠭᠡ ᠲᠣᠰᠬᠣᠨ ‍ᠢ ᠬᠦᠭᠵᠢᠭᠦᠯᠵᠣ ᠮᠠᠨᠳᠤᠭᠤᠯᠬᠤ ᠪᠠᠶᠢᠯᠳᠤᠬᠤ ᠪᠣᠳᠣᠯᠭ᠎ᠠ ᠶ᠋ᠢ ᠶᠡᠷᠦᠩᠬᠡᠶᠢᠯᠡᠨ ᠭᠠᠷᠳᠠᠵᠣ ᠂ ᠭᠣᠣᠯᠳᠠᠯᠭ᠎ᠠ ᠶ᠋ᠢ ᠠᠳᠬᠣᠨ ᠂ ᠳᠤᠲᠠᠭᠤᠳᠠᠯ   ᠢᠶᠡᠨ ᠨᠥᠬᠥᠪᠥᠷᠢᠯᠡᠵᠦ ᠂ ᠰᠠᠭᠤᠷᠢ ᠪᠠᠨ ᠴᠢᠩᠭᠠᠳᠬᠠᠨ ᠂ ᠬᠥᠳᠡᠭᠡ ᠲᠣᠰᠬᠣᠨ ‍ᠢ ᠬᠦᠭᠵᠢᠭᠦᠯᠵᠣ ᠮᠠᠨᠳᠤᠭᠤᠯᠬᠤ ᠶ᠋ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠃  ᠰᠢ ᠶ᠋ᠢᠨ ᠫᠢᠩ ᠶᠡᠷᠦᠩᠬᠡᠢ ᠱᠦᠵᠢ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠬᠠᠢ ᠴᠢᠬᠤᠯᠠ ᠥᠭᠦᠯᠡᠯᠲᠡ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ‍ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠤᠨ ᠰᠤᠷᠤᠯᠴᠠᠯᠭ᠎ᠠ ᠪᠣᠯᠤᠨ ᠡᠵᠡᠮᠳᠡᠯ ‍ᠢᠶ᠋ᠡᠨ ᠴᠢᠩᠭᠠᠳᠬᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠠᠵᠢᠯ ‍ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ‍ᠢ ᠭᠦᠨᠵᠡᠭᠡᠢ ᠲᠠᠨᠢᠵᠤ ᠂ ᠪᠦᠬᠦ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠤᠨ ᠭᠦᠨᠵᠡᠭᠡᠶᠢᠷᠡᠨ ᠠᠬᠢᠭᠤᠯᠬᠤ ᠳ᠋ᠤ ᠣᠨᠣᠯ ‍ᠤᠨ ᠰᠠᠭᠤᠷᠢ ᠲᠠᠯᠪᠢᠵᠤ ᠦᠭᠭᠦᠭᠰᠡᠨ ᠪᠠᠶᠢᠨ᠎ᠠ ᠃ ᠱᠠᠰᠢᠨ ᠰᠤᠷᠲᠠᠬᠤᠨ ‍ᠤ ᠠᠵᠢᠯ ‍ᠤᠨ ᠲᠤᠬᠠᠢ ᠰᠢ ᠶ᠋ᠢᠨ ᠫᠢᠩ ᠶᠡᠷᠦᠩᠬᠡᠶ ᠱᠦᠵᠢ ᠶ᠋ᠢᠨ ᠴᠢᠬᠤᠯᠠ ᠶᠠᠷᠢᠶ᠎ᠠ ᠪᠠ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠣᠣᠱᠯᠠᠭᠣᠯᠵᠣ ᠂ ᠱᠠᠰᠢᠨ ᠰᠤᠷᠲᠠᠬᠤᠨ ‍ᠤ ᠠᠵᠢᠯ ‍ᠤᠨ ᠣᠨᠴᠠᠭᠠᠢ ᠴᠢᠬᠤᠯᠠ ᠴᠢᠨᠠᠷ ᠤᠨ ᠲᠤᠬᠠᠢ ᠡᠯ᠎ᠡ ᠱᠠᠲᠤᠨ ‍ᠤ ᠨᠠᠮ ᠵᠠᠰᠠᠭ  ᠤᠨ ᠤᠳᠤᠷᠢᠳᠬᠤ ᠺᠠᠳ᠋ᠷᠴᠤᠳ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ ᠂ ᠰᠢᠨ᠎ᠡ ᠪᠠᠶᠢᠳᠠᠯ  ᠳᠣᠣᠷᠠᠬᠢ ᠱᠠᠰᠢᠨ ᠰᠤᠷᠲᠠᠬᠤᠨ ‍ᠤ ᠠᠵᠢᠯ ‍ᠢ ᠰᠠᠶᠢᠲᠤᠷ ᠬᠢᠬᠦ ᠴᠢᠳᠠᠪᠤᠷᠢ ᠪᠠ ᠬᠢᠷᠢ ᠬᠡᠮᠵᠢᠶ᠎ᠡ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠰᠡᠨ ᠪᠠᠶᠢᠨ᠎ᠠ ᠃
       ᠬᠤᠷᠠᠯ ᠡᠴᠠ ᠱᠠᠭᠠᠷᠳᠠᠭᠰᠠᠨ ᠨᠢ ᠂ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠡᠴᠠ ᠣᠨᠴᠠᠯᠢᠭ ᠲᠠᠶ ᠨᠡᠶᠢᠭᠡᠮ ᠵᠢᠷᠤᠮ ‍ᠤᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠣᠣᠱᠯᠠᠭᠣᠯᠵᠣ ᠂ ᠰᠢ ᠶ᠋ᠢᠨ ᠫᠢᠩ ᠶᠡᠷᠦᠩᠬᠡᠢ ᠱᠦᠵᠢ ‍ᠦᠨ ᠥᠪᠥᠷ ᠮᠣᠩᠭᠣᠯ ‍ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ ᠲᠣᠣᠱᠯᠠᠭᠣᠯᠵᠣ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ 《 ᠦᠵᠡᠯ ᠰᠠᠨᠠᠭ᠎ᠠ ᠪᠠᠨ ᠳᠠᠬᠢᠨ ᠴᠢᠯᠥᠭᠡᠯᠡᠬᠦ ᠂ ᠰᠢᠨ᠎ᠡ ᠬᠥᠭᠵᠢᠯᠲᠡ ᠶ᠋ᠢᠨ ᠣᠢᠯᠠᠭᠠᠭᠳᠠᠬᠤᠨ ‍ᠢ ᠬᠡᠷᠡᠭᠵᠢᠭᠦᠯᠬᠦ ᠂ ᠴᠢᠨᠠᠷ ᠰᠠᠶᠢᠲᠠᠶ ᠬᠥᠭᠵᠢᠯᠲᠡ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠶ᠋ᠢ ᠠᠬᠢᠭᠤᠯᠬᠤ 》 ᠲᠣᠬᠢᠷᠠᠭᠣᠯᠣᠯᠳᠠ ᠱᠠᠭᠠᠷᠳᠠᠯᠭ᠎ᠠ ᠶ᠋ᠢ ᠠᠬᠢᠭᠤᠯᠵᠤ ᠂ ᠤᠯᠤᠰ ᠲᠥᠷᠥ ᠶ᠋ᠢᠨ ᠵᠣᠭᠰᠣᠴᠠ ᠪᠠᠨ ᠲᠡᠭᠡᠭᠰᠢᠯᠡᠭᠦᠯᠦᠨ ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ ᠂ ᠲᠥᠪᠯᠡᠷᠡᠭᠦᠯᠦᠨ ᠰᠤᠷᠤᠯᠴᠠᠬᠤ ᠂ ᠬᠠᠪᠰᠤᠷᠤᠨ ᠵᠢᠯᠣᠭᠣᠳᠬᠤ ᠂ ᠬᠤᠪᠢ ᠬᠥᠮᠦᠨᠥᠪᠡᠷ ‍ᠢᠶ᠋ᠡᠨ ᠰᠤᠷᠤᠯᠴᠠᠬᠤ ᠵᠡᠷᠭᠡ ᠠᠷᠭ᠎ᠠ ᠮᠠᠶᠢᠭ ᠲᠠᠶ ᠤᠶᠠᠯᠳᠤᠭᠤᠯᠵᠤ ᠂ ᠪᠦᠬᠦ ᠲᠠᠯ᠎ᠠ ᠪᠠᠷ ᠰᠢᠰᠲ᠋ᠧᠮ ᠲᠡᠶ ᠰᠤᠷᠤᠯᠴᠠᠬᠤ ᠂ ᠭᠦᠨᠵᠡᠭᠡᠢ ᠰᠡᠳᠬᠢᠨ ᠰᠤᠷᠤᠯᠴᠠᠬᠤ ᠶ᠋ᠢ ᠪᠠᠷᠢᠮᠲᠠᠯᠠᠬᠤ ᠬᠡᠷᠡᠭᠲᠡᠢ ᠃ ᠰᠢᠨ᠎ᠡ ᠶ᠋ᠢ ᠡᠭᠦᠳᠬᠦ ᠣᠢᠯᠠᠭᠠᠭᠳᠠᠬᠤᠨ ‍ᠢ ᠰᠤᠷᠴᠤ ᠂ ᠡᠭᠦᠷᠭᠡ ᠬᠠᠷᠢᠭᠤᠴᠠᠯᠭ᠎ᠠ ᠶ᠋ᠢ  ᠡᠭᠦᠷᠭᠡᠯᠡᠨ ᠂ ᠦᠵᠡᠯ ᠰᠠᠨᠠᠭ᠎ᠠ ᠪᠠᠨ ᠰᠢ ᠶ᠋ᠢᠨ ᠫᠢᠩ ᠶᠡᠷᠦᠩᠬᠡᠢ ᠱᠦᠵᠢ ᠪᠣᠯᠤᠨ ᠨᠠᠮ ‍ᠤᠨ ᠲᠥᠪ ᠬᠣᠷᠢᠶᠠᠨ ‍ᠤ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ ᠂ ᠦᠢᠯᠡᠳᠦᠯᠭᠡ ᠶ᠋ᠢᠨ ᠪᠣᠳᠠᠲᠤ ᠦᠷ᠎ᠡ ᠪᠦᠲᠦᠮᠵᠢ ᠪᠡᠷ ᠭᠣᠣᠯᠳᠠᠯᠭ᠎ᠠ ᠪᠣᠯᠭᠠᠵᠤ ᠂ ᠠᠵᠢᠯ ᠢᠶᠡᠨ ᠲᠠᠰᠤᠷᠠᠯᠲᠠ ᠦᠭᠡᠢ ᠪᠣᠳᠠᠲᠠᠢ ᠬᠢᠬᠦ ᠂ ᠭᠦᠨᠵᠡᠭᠡᠢ ᠬᠢᠬᠦ ᠂ ᠰᠡᠳᠬᠢᠯ ᠵᠢᠷᠦᠬᠡᠨ ᠳ᠋ᠡᠭᠡᠨ ᠣᠷᠣᠭᠤᠯᠬᠤ ᠶ᠋ᠢ ᠠᠬᠢᠭᠤᠯᠵᠤ ᠂ ᠰᠤᠷᠤᠯᠴᠠᠨ ᠶᠠᠷᠢᠯᠴᠠᠭᠰᠠᠨ ᠦᠷ᠎ᠡ ᠪᠦᠲᠦᠭᠡᠯ ᠂ ᠦᠵᠡᠯ ᠰᠠᠨᠠᠭ᠎ᠠ ᠪᠠᠨ ᠴᠢᠯᠥᠭᠡᠯᠡᠭᠰᠡᠨ ᠦᠷ᠎ᠡ ᠪᠦᠲᠦᠭᠡᠯ ‍ᠢ ᠴᠢᠨᠠᠷ ᠰᠠᠶᠢᠲᠠᠢ ᠬᠥᠭᠵᠢᠯᠲᠡ  ᠰᠡᠳᠬᠢᠴᠡ ᠂ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠠ ᠦᠢᠯᠡᠳᠦᠯᠭᠡ ᠶ᠋ᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ ᠂ ᠪᠦᠬᠦ ᠬᠣᠰᠢᠭᠤᠨ ‍ᠤ ᠴᠢᠨᠠᠷ ᠰᠠᠶᠢᠲᠠᠢ ᠬᠥᠭᠵᠢᠯᠲᠡ ᠶ᠋ᠢ ᠪᠡᠶᠡᠯᠡᠭᠦᠯᠬᠦ ᠶ᠋ᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ