2019 ᠣᠨ ᠤ ᠪᠦᠬᠦ ᠬᠣᠰᠢᠭᠤᠨ ‍ᠤ ᠰᠤᠷᠤᠭᠴᠢ ᠡᠯᠰᠡᠬᠦ ᠰᠢᠯᠭᠠᠯᠲᠠ ᠶ᠋ᠢᠨ ᠵᠥᠪᠯᠡᠯ ‍ᠦᠨ ᠠᠵᠢᠯ ‍ᠤᠨ ᠬᠤᠷᠠᠯ ᠶᠠᠪᠣᠡᠡᠳᠠᠠᠠᠰᠠᠨ

ᠣᠩᠰᠢᠭᠰᠠᠨ ᠤᠳᠠᠭ᠎ᠠ ᠄ 503     ᠨᠡᠶᠢᠳᠡᠯᠡᠭᠰᠡᠨ ᠴᠠᠭ ᠄ 2019/6/6 16:07:02

      5 ᠳ᠋ᠣᠭᠠᠷ ᠰᠠᠷ᠎ᠠ ᠶ᠋ᠢᠨ 31 ‍ᠤ ᠡᠳᠦᠷ ᠂ 2019 ᠣᠨ ᠤ ᠨᠠᠢᠮᠠᠨ ᠬᠣᠰᠢᠭᠤᠨ ‍ᠤ ᠰᠤᠷᠤᠭᠴᠢ ᠡᠯᠰᠡᠬᠦ ᠰᠢᠯᠭᠠᠯᠲᠠ ᠶ᠋ᠢᠨ ᠵᠥᠪᠯᠡᠯ ‍ᠦᠨ ᠠᠵᠢᠯ ‍ᠤᠨ ᠬᠤᠷᠠᠯ ᠬᠤᠷᠠᠯᠳᠤᠵᠤ ᠂ ᠬᠣᠰᠢᠭᠤᠨ ‍ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ‍ᠤ ᠬᠣᠰᠢᠭᠤᠨ ᠳᠠᠷᠤᠭ᠎ᠠ ᠪᠦᠷᠢᠨ ᠬᠤᠷᠠᠯ ᠳ᠋ᠤ ᠰᠠᠭᠠᠳᠠᠬᠣ ᠶ᠋ᠢᠨ ᠬᠠᠮᠳᠣ ᠶᠠᠷᠢᠶ᠎ᠠ ᠲᠠᠯᠪᠢᠵᠦ ᠂ ᠬᠣᠰᠢᠭᠤᠨ ‍ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶᠠᠨ ‍ᠤ ᠳᠡᠳ᠋ ᠡᠷᠬᠢᠯᠡᠭᠴᠢ ᠪᠠᠢ ᠡᠷᠳᠡᠨᠢᠪᠠᠭᠠᠳᠣᠷ ᠂ ᠬᠣᠰᠢᠭᠤᠨ ‍ᠤ ᠠᠷᠠᠣᠨ ‍ᠤᠨ ᠵᠠᠰᠠᠭ ‍ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ‍ᠤ ᠳᠠᠷᠤᠭ᠎ᠠ ᠵᠠᠩ ᠰᠢᠶᠠᠨ ᠫᠧᠩ ᠂ ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠯᠢ ᠬᠠᠷᠠᠪᠠᠷᠰ ᠬᠤᠷᠠᠯ ᠳ᠋ᠤ ᠰᠠᠭᠠᠳᠠᠠᠠᠰᠠᠨ ᠪᠠᠶᠢᠨ᠎ᠠ ᠃
      ᠬᠤᠷᠠᠯ ᠳᠡᠭᠡᠷ᠎ᠡ ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠪᠡᠶ᠎ᠡ ᠲᠠᠮᠢᠷ ‍ᠤᠨ ᠲᠣᠪᠴᠢᠶ᠎ᠠ ᠶ᠋ᠢᠨ 2019 ᠣᠨ ᠤ ᠡᠩ ‍ᠦᠨ ᠲᠡᠭᠡᠳᠣ ᠰᠤᠷᠭᠠᠭᠤᠯᠢ ᠶ᠋ᠢᠨ ᠰᠤᠷᠤᠭᠴᠢ ᠡᠯᠰᠡᠬᠦ ᠰᠢᠯᠭᠠᠯᠲᠠ ᠶ᠋ᠢᠨ ᠨᠠᠶ᠋ᠮᠠᠨ ᠤ ᠰᠢᠯᠭᠠᠯᠲᠠ ᠶ᠋ᠢᠨ ᠲᠣᠭᠣᠷᠢᠭ ‍ᠤᠨ ᠪᠡᠯᠡᠳᠬᠡᠯ ᠠᠵᠢᠯ ‍ᠤᠨ ᠪᠠᠶᠢᠳᠡᠯ ‍ᠤᠨ ᠮᠡᠳᠡᠭᠦᠯᠦᠯᠲᠡ ᠶ᠋ᠢ ᠰᠣᠨᠣᠰᠴᠤ ᠂ ᠲᠡᠭᠡᠳᠣ ᠰᠤᠷᠭᠠᠭᠤᠯᠢ ᠳ᠋ᠤ ᠰᠢᠯᠭᠠᠭᠣᠯᠬᠣ ᠰᠢᠯᠭᠠᠯᠲᠠ ᠶ᠋ᠢᠨ ᠬᠤᠭᠤᠴᠠᠭᠠᠨ ᠳ᠋ᠠᠬᠢ ᠬᠣᠰᠢᠭᠤᠨ ‍ᠤ ᠰᠤᠷᠤᠭᠴᠢ ᠡᠯᠰᠡᠬᠦ ᠵᠥᠪᠯᠡᠯ ‍ᠦᠨ ᠪᠦᠷᠢᠯᠳᠦᠬᠦᠨ ᠨᠢᠭᠡᠴᠡ ᠶ᠋ᠢᠨ ᠲᠤᠰᠢᠶᠠᠯ ᠬᠠᠷᠢᠭᠤᠴᠠᠯᠭ᠎ᠠ ᠶ᠋ᠢ ᠲᠣᠳᠣᠷᠬᠠᠶ ᠲᠣᠭᠲᠠᠭᠠᠵᠤ ᠂  ᠪᠦᠷᠢᠨ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ‍ᠢ ᠲᠥᠯᠥᠭᠡᠯᠡᠨ ᠬᠣᠰᠢᠭᠤᠨ ‍ᠤ ᠰᠤᠷᠤᠭᠴᠢ ᠡᠯᠰᠡᠬᠦ ᠵᠥᠪᠯᠡᠯ ‍ᠦᠨ ᠪᠦᠷᠢᠯᠳᠦᠬᠦᠨ ᠨᠢᠭᠡᠴᠡ ᠲᠡᠶ ᠬᠠᠷᠢᠭᠤᠴᠠᠯᠭ᠎ᠠ ᠶ᠋ᠢᠨ ᠪᠢᠴᠢᠭ ᠲᠦ ᠭᠠᠷ ‍ᠤᠨ ᠥᠰᠥᠭ ᠵᠢᠷᠣᠡᠡᠰᠠᠨ ᠪᠠᠶᠢᠨ᠎ᠠ ᠃
       ᠪᠦᠷᠢᠨ ᠡᠴᠠ 2019 ᠣᠨ ᠤ ᠡᠩ ‍ᠦᠨ ᠲᠡᠭᠡᠳᠣ  ᠰᠤᠷᠭᠠᠭᠤᠯᠢ ᠶ᠋ᠢᠨ ᠰᠤᠷᠤᠭᠴᠢ ᠡᠯᠰᠡᠬᠦ ᠰᠢᠯᠭᠠᠯᠲᠠ ᠶ᠋ᠢ ᠰᠠᠶᠢᠲᠤᠷ ᠬᠢᠬᠦ ᠲᠤᠬᠠᠢ ᠶᠠᠷᠢᠶ᠎ᠠ ᠲᠠᠯᠪᠢᠵᠣ ᠵᠢᠭᠠᠵᠤ ᠭᠠᠷᠭᠠᠭᠰᠠᠨ ᠨᠢ ᠂  ᠬᠣᠰᠢᠭᠣᠨ ‍ᠤ ᠨᠠᠮ ‍ᠤᠨ ᠬᠣᠷᠢᠶ᠎ᠠ ᠂ ᠵᠠᠰᠠᠭ ‍ᠤᠨ ᠣᠷᠳᠣᠨ ᠲᠡᠭᠡᠳᠣ ᠰᠤᠷᠭᠠᠭᠤᠯᠢ ᠳ᠋ᠤ ᠰᠤᠷᠤᠭᠴᠢ ᠡᠯᠰᠡᠬᠦ ᠰᠢᠯᠭᠠᠯᠲᠠ ᠶ᠋ᠢᠨ ᠠᠵᠢᠯ ‍ᠢ ᠲᠡᠭᠡᠳᠣ ᠬᠡᠮᠵᠢᠶ᠎ᠡ ᠪᠡᠷ ᠴᠢᠬᠤᠯᠠᠴᠢᠯᠠᠨ ᠂ ᠢᠯᠠ ᠲᠣᠳᠣ ᠂ ᠡᠷᠬᠡ ᠲᠡᠭᠰᠢ ᠂ ᠲᠥᠪ ᠭᠣᠤᠯᠴᠢ ᠪᠠᠶᠢᠬᠣ ᠵᠠᠷᠴᠢᠮ ‍ᠢ ᠢᠮᠠᠭᠲᠠ ᠪᠠᠷᠢᠮᠲᠠᠯᠠᠵᠤ ᠂ ᠰᠢᠯᠭᠠᠯᠲᠠ ᠶ᠋ᠢᠨ ᠬᠡᠪ ᠰᠤᠷᠲᠠᠯ ᠰᠠᠬᠢᠯᠭ᠎ᠠ ᠪᠠᠲᠤ ᠶ᠋ᠢ ᠴᠢᠩᠭᠠᠳᠬᠠᠨ ᠂ ᠬᠠᠤᠯᠢ ᠶᠣᠰᠣᠭᠠᠷ ᠰᠢᠯᠭᠠᠯᠲᠠ ᠶ᠋ᠢ ᠵᠠᠰᠠᠬᠤ ᠶ᠋ᠢ ᠪᠠᠷᠢᠮᠳᠠᠯᠠᠵᠣ ᠂ ᠬᠠᠷᠢᠭᠤᠴᠠᠯᠭ᠎ᠠ ᠶ᠋ᠢᠨ ᠳᠦᠷᠢᠮ ‍ᠢ  ᠳᠡᠬᠦᠯᠳᠡᠷᠵᠢᠬᠦᠯᠬᠦ ᠬᠡᠷᠡᠭᠲᠡᠶ ᠬᠡᠵᠡᠢ᠃ ᠪᠦᠷᠢᠨ ᠱᠠᠭᠠᠷᠳᠠᠭᠰᠠᠨ ᠨᠢ᠂ ᠰᠤᠷᠤᠭᠴᠢ ᠡᠯᠰᠡᠬᠦ ᠵᠥᠪᠯᠡᠯ ‍ᠦᠨ ᠡᠯ᠎ᠡ ᠪᠦᠷᠢᠯᠳᠦᠬᠦᠨ ᠨᠢᠭᠡᠴᠡ ᠬᠣᠰᠢᠭᠣᠨ ‍ᠤ ᠨᠠᠮ ‍ᠤᠨ ᠬᠣᠷᠢᠶ᠎ᠠ᠂ ᠵᠠᠰᠠᠭ ‍ᠤᠨ ᠣᠷᠳᠣᠨ ᠪᠣᠯᠤᠨ ᠲᠡᠭᠡᠳᠣ ᠱᠠᠲᠤᠨ ‍ᠤ ᠱᠠᠭᠠᠷᠳᠠᠯᠭ᠎ᠠ ᠶ᠋ᠢ ᠴᠢᠩᠭ᠎ᠠ ᠵᠢᠷᠤᠮᠯᠠᠨ ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ ᠂ ᠨᠢᠭᠲᠠ ᠬᠠᠮᠵᠢᠯᠴᠠᠨ ᠂ 2019 ᠣᠨ ᠤ ᠰᠤᠷᠤᠭᠴᠢ ᠡᠯᠰᠡᠬᠦ ᠰᠢᠯᠭᠠᠯᠲᠠ ᠶ᠋ᠢᠨ ᠠᠵᠢᠯ ‍ᠤᠨ ᠠᠮᠤᠷ ᠲᠦᠪᠰᠢᠨ ᠂ ᠢᠯᠠ ᠲᠣᠳᠣ ᠂ ᠲᠣᠭᠲᠠᠭᠤᠨ ᠂ ᠡᠮᠬᠢ ᠵᠢᠷᠤᠮ ᠲᠠᠶ ᠶᠠᠪᠤᠭᠳᠠᠬᠤ ᠶ᠋ᠢ ᠦᠨᠡᠨᠬᠦ ᠪᠠᠲᠤᠯᠠᠬᠤ ᠬᠡᠷᠡᠭᠲᠡᠶ ᠃ ᠨᠢᠭᠡ ᠳ᠋ᠦ ᠂ ᠠᠮᠤᠷ ᠲᠦᠪᠰᠢᠨ ‍ᠦ ᠨᠢᠭᠤᠴᠠ ᠶ᠋ᠢ ᠬᠠᠮᠠᠭᠠᠯᠠᠬᠤ ᠦᠵᠡᠯᠲᠡ ᠵᠢ ᠴᠢᠩᠭᠠᠳᠬᠠᠵᠤ ᠂ ᠨᠢᠭᠤᠴᠠ ᠶ᠋ᠢ ᠬᠠᠮᠠᠭᠠᠯᠠᠬᠤ ᠲᠣᠭᠲᠠᠭᠠᠯ ‍ᠢ ᠴᠢᠩᠭ᠎ᠠ ᠬᠡᠷᠡᠭᠵᠢᠬᠦᠯᠦᠨ ᠂ ᠨᠢᠭᠤᠴᠠ ᠶ᠋ᠢ ᠬᠠᠮᠠᠭᠠᠯᠠᠬᠤ ᠠᠷᠭ᠎ᠠ ᠬᠡᠮᠵᠢᠶ᠎ᠡ ᠶ᠋ᠢ ᠨᠠᠷᠢᠨ ᠬᠢᠨᠠᠮᠠᠭᠠᠢ ᠨᠠᠶᠢᠳᠠᠪᠣᠷᠢᠵᠢᠭᠣᠯᠵᠣ ᠂ ᠰᠢᠯᠭᠠᠯᠲᠠ ᠶ᠋ᠢᠨ ᠬᠠᠭᠤᠳᠠᠰᠤ ᠶ᠋ᠢ ᠵᠦᠭᠡᠭᠡᠪᠣᠷᠢᠯᠡᠬᠦ ᠂ ᠲᠣᠰᠣᠨ ᠠᠪᠬᠤ ᠂ ᠬᠤᠪᠢᠶᠠᠨ ᠲᠠᠷᠬᠠᠭᠠᠬᠤ ᠂ ᠬᠣᠷᠢᠶᠠᠨ ᠠᠪᠬᠤ ᠂ ᠬᠠᠳᠠᠭᠠᠯᠠᠬᠤ ᠵᠢᠴᠢ ᠰᠢᠯᠭᠠᠬᠤ ᠶᠠᠪᠤᠴᠠ ᠳ᠋ᠠᠬᠢ ᠭᠣᠭᠴᠣᠭ᠎ᠠ ᠨᠢᠭᠡᠪᠦᠷᠢ ᠶ᠋ᠢᠨ ᠠᠮᠤᠷ ᠲᠦᠪᠰᠢᠨ ‍ᠦ ᠬᠠᠮᠢᠶᠠᠷᠤᠯᠲᠠ ᠪᠣᠯᠤᠨ ᠬᠢᠨᠠᠨ ᠡᠵᠡᠮᠳᠡᠬᠦ ᠶ᠋ᠢ ᠴᠢᠩᠭ᠎ᠠ ᠠᠳᠬᠤᠬᠤ ᠬᠡᠷᠡᠭᠲᠡᠢ᠃ ᠬᠣᠶᠠᠷ ᠲᠤ ᠂ ᠢᠳᠡᠭᠡᠨ ‍ᠦ ᠠᠮᠤᠷ ᠲᠦᠪᠰᠢᠨ ᠂ ᠵᠠᠮ ᠬᠠᠷᠢᠯᠴᠠᠭ᠎ᠠ᠂ ᠴᠢᠮᠡᠭᠡ ᠱᠤᠤᠭᠢᠶᠠᠨ ‍ᠢ ᠵᠠᠰᠠᠬᠤ᠂ ᠡᠷᠡᠭᠦᠯ ‍ᠢ ᠬᠠᠮᠠᠭᠠᠯᠠᠵᠤ ᠬᠢᠵᠢᠭ ‍ᠢ ᠰᠡᠷᠭᠡᠶᠢᠯᠡᠬᠦ ᠂ ᠬᠠᠯᠠᠭᠤᠨ ‍ᠢ ᠰᠡᠷᠭᠡᠶᠢᠯᠡᠵᠦ ᠬᠠᠯᠠᠭᠤᠨ ‍ᠢ ᠪᠠᠭᠤᠷᠠᠭᠤᠯᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠪᠠᠲᠤᠯᠠᠭ᠎ᠠ ᠶ᠋ᠢ ᠴᠢᠩᠭᠠᠳᠬᠠᠵᠤ᠂ ᠦᠶ᠋ᠯᠡᠴᠢᠯᠡᠭᠡᠨ ‍ᠦ ᠬᠢᠷᠢ ᠬᠡᠮᠵᠢᠶ᠎ᠡ ᠶ᠋ᠢ ᠬᠦᠴᠦᠯᠡᠨ ᠳᠡᠭᠡᠭᠰᠢᠯᠡᠭᠦᠯᠵᠦ ᠂ ᠰᠢᠯᠭᠠᠭᠤᠯᠤᠭᠴᠢ ᠶ᠋ᠢᠨ ᠠᠰᠢᠭ ᠲᠤᠰᠠ ᠶ᠋ᠢ ᠦᠨᠡᠨ ᠬᠦ   ᠬᠠᠮᠠᠭᠠᠯᠠᠬᠣ ᠬᠡᠷᠡᠭᠲᠡᠶ ᠭᠡᠰᠡᠨ ᠪᠠᠶᠢᠨ᠎ᠠ  ᠃
      ᠣᠶᠢᠯᠠᠭᠠᠭᠰᠠᠨ ᠢᠶᠠᠷ᠂ 2019 ᠣᠨ ᠳ᠋ᠤ ᠪᠥᠬᠥ ᠬᠣᠰᠢᠭᠤᠨ ‍ᠤ ᠰᠢᠯᠭᠠᠯᠲᠠ ᠳ᠋ᠤ ᠨᠡᠷ᠎ᠡ ᠮᠡᠳᠡᠭᠦᠯᠦᠭᠰᠡᠨ ᠬᠥᠮᠦᠨ ‍ᠦ ᠲᠣᠭ᠎ᠠ 3627 ᠬᠥᠮᠥᠨ ᠂ ᠬᠢᠲᠠᠳ ᠢᠶᠠᠷ ᠬᠢᠴᠢᠶᠡᠯᠯᠡᠬᠦ ᠡᠩ ‍ᠦᠨ ᠲᠥᠷᠥᠯ ‍ᠦᠨ 2621 ᠬᠥᠮᠥᠨ ᠂ ᠡᠭᠦᠨ ᠳ᠋ᠦ ᠬᠢᠲᠠᠳ ᠢᠶᠠᠷ ᠬᠢᠴᠢᠶᠡᠯᠯᠡᠬᠦ  ᠨᠠᠶᠢᠭᠡᠮ ‍ᠦᠨ ᠰᠢᠨᠵᠢᠯᠡᠬᠦ ᠤᠬᠠᠭᠠᠨ 866 ᠬᠥᠮᠥᠨ ᠂ ᠪᠠᠶᠢᠭᠠᠯᠢ ᠶ᠋ᠢᠨ ᠰᠢᠨᠵᠢᠯᠡᠬᠦ ᠤᠬᠠᠭᠠᠨ 1557 ᠬᠥᠮᠥᠨ᠂ ᠬᠢᠲᠠᠳ ᠢᠶᠠᠷ ᠬᠢᠴᠢᠶᠡᠯᠯᠡᠬᠦ ᠤᠷᠠᠯᠢᠭ᠂ ᠪᠡᠶ᠎ᠡ ᠶ᠋ᠢᠨ ᠲᠠᠮᠢᠷ ‍ᠤᠨ ᠲᠥᠷᠥᠯ ‍ᠦᠨ 198 ᠬᠥᠮᠥᠨ ᠪᠤᠢ ︔ ᠮᠣᠩᠭᠣᠯ ᠢᠶᠠᠷ ᠬᠢᠴᠢᠶᠡᠯᠯᠡᠬᠦ ᠡᠩ ‍ᠦᠨ ᠲᠥᠷᠥᠯ ‍ᠦᠨ 508 ᠬᠥᠮᠥᠨ᠂ ᠮᠣᠩᠭᠣᠯ ᠢᠶᠠᠷ ᠬᠢᠴᠢᠶᠡᠯᠯᠡᠬᠦ ᠨᠠᠶᠢᠭᠡᠮ ᠰᠢᠨᠵᠢᠯᠡᠬᠦ ᠤᠬᠠᠭᠠᠨ 140 ᠬᠥᠮᠥᠨ ᠂ ᠮᠣᠩᠭᠣᠯ ᠢᠶᠠᠷ ᠬᠢᠴᠢᠶᠡᠯᠯᠡᠬᠦ ᠪᠠᠶᠢᠭᠠᠯᠢ ᠶ᠋ᠢᠨ ᠰᠢᠨᠵᠢᠯᠡᠬᠦ ᠤᠬᠠᠭᠠᠨ 247 ᠬᠥᠮᠥᠨ᠂ ᠮᠣᠩᠭᠣᠯ ᠢᠶᠠᠷ ᠬᠢᠴᠢᠶᠡᠯᠯᠡᠬᠦ ᠤᠷᠠᠯᠢᠭ ᠂ ᠪᠡᠶ᠎ᠡ ᠶ᠋ᠢᠨ ᠲᠠᠮᠢᠷ ‍ᠤᠨ ᠲᠥᠷᠥᠯ ‍ᠦᠨ 121 ᠬᠥᠮᠥᠨ ᠪᠤᠢ︔  ᠲᠡᠭᠡᠳᠣ  ᠵᠡᠷᠭᠡ ᠶ᠋ᠢᠨ ᠠᠵᠢᠯ ᠮᠡᠷᠭᠡᠵᠢᠯ ‍ᠦᠨ ᠲᠥᠷᠥᠯ ‍ᠤᠨ 498 ᠬᠥᠮᠥᠨ ᠪᠣᠶ ᠃ ᠮᠠᠨ ‍ᠤ ᠬᠣᠰᠢᠭᠤᠨ ‍ᠤ ᠰᠢᠯᠭᠠᠭᠤᠯᠤᠭᠴᠢ ᠶ᠋ᠢᠨ ᠪᠥᠬᠥ ᠲᠣᠭ᠎ᠠ 2018 ᠣᠨ ᠤ ᠡᠴᠡ 155 ᠨᠡᠮᠡᠭᠳᠡᠵᠦ᠂ ᠤᠷᠠᠯᠢᠭ᠂ ᠪᠡᠶ᠎ᠡ ᠶ᠋ᠢᠨ ᠲᠠᠮᠢᠷ ‍ᠤᠨ ᠲᠥᠷᠥᠯ ‍ᠦᠨ ᠰᠢᠯᠭᠠᠭᠤᠯᠤᠭᠴᠢᠳ ‍ᠤᠨ ᠲᠣᠭ᠎ᠠ 2018 ᠣᠨ ᠬᠢ ᠡᠴᠡ 50 ᠨᠡᠮᠡᠭᠳᠡᠵᠦ᠂ ᠡᠨᠡ ᠬᠠᠪᠤᠷ ᠣᠷᠣᠨ ‍ᠤ ᠳᠣᠲᠣᠷ᠎ᠠ ᠭᠠᠳᠠᠨᠠᠬᠢ ᠠᠵᠢᠯ ᠮᠡᠷᠭᠡᠵᠢᠯ ‍ᠦᠨ ᠲᠡᠭᠡᠳᠣ ᠰᠤᠷᠭᠠᠭᠤᠯᠢ ᠲᠤᠰᠠᠭᠠᠷ 592 ᠰᠤᠷᠤᠭᠴᠢ ᠡᠯᠰᠡᠵᠦ ᠂ ᠡᠨᠡ ᠪᠦᠯᠦᠭ ᠰᠢᠯᠭᠠᠭᠤᠯᠤᠭᠴᠢᠳ ᠨᠢᠭᠡᠳᠦᠯᠲᠡᠶ ᠰᠢᠯᠭᠠᠯᠲᠠ ᠳ᠋ᠤ ᠣᠷᠣᠯᠴᠠᠬᠤ ᠥᠬᠡᠶ ᠪᠣᠯᠪᠠ ᠃
       ᠨᠠᠢᠮᠠᠨ ‍ᠤ ᠰᠢᠯᠭᠠᠯᠲᠠ ᠶ᠋ᠢᠨ ᠲᠣᠭᠣᠷᠢᠭ ᠰᠢᠯᠭᠠᠯᠲᠠ ᠶ᠋ᠢᠨ ᠲᠠᠯᠠᠪᠠᠢ ᠶ᠋ᠢ ᠲᠣᠬᠢᠷᠠᠭᠤᠯᠵᠤ ᠂ ᠨᠠᠢᠮᠠᠨ ᠨᠢᠭᠡᠳᠦᠭᠡᠷ ᠳᠤᠮᠳᠠᠳᠤ 50 ᠰᠢᠯᠭᠠᠯᠲᠠ ᠶ᠋ᠢᠨ ᠲᠠᠯᠠᠪᠠᠢ᠂ ᠬᠣᠰᠢᠭᠤᠨ ‍ᠤ ᠲᠤᠷᠰᠢᠯᠲᠠ ᠶ᠋ᠢᠨ ᠳᠤᠮᠳᠠᠳᠤ ᠰᠤᠷᠭᠠᠭᠤᠯᠢ ᠶ᠋ᠢᠨ 35 ᠰᠢᠯᠭᠠᠯᠲᠠ ᠶ᠋ᠢᠨ ᠲᠠᠯᠠᠪᠠᠢ᠂ ᠬᠣᠰᠢᠭᠤᠨ ‍ᠤ ᠮᠣᠩᠭᠣᠯ ᠳᠤᠮᠳᠠᠳᠤ ᠰᠤᠷᠭᠠᠭᠤᠯᠢ 17ᠰᠢᠯᠭᠠᠯᠲᠠ ᠶ᠋ᠢᠨ ᠲᠠᠯᠠᠪᠠᠢ ᠂ ᠨᠡᠢᠲᠡ 102 ᠰᠢᠯᠭᠠᠯᠲᠠ ᠶ᠋ᠢᠨ ᠲᠠᠯᠠᠪᠠᠢ ᠪᠠᠶᠢᠭᠣᠯᠵᠦ᠂ 2019 ᠣᠨ 6 ᠰᠠᠷ᠎ᠠ ᠶ᠋ᠢᠨ 7 ‍ᠤ ᠡᠳᠦᠷ ᠡᠴᠡ ᠡᠯ᠎ᠡ ᠬᠢᠴᠢᠶᠡᠯ ᠲᠥᠷᠥᠯ ‍ᠦᠨ ᠰᠢᠯᠭᠠᠯᠲᠠ ᠡᠬᠢᠯᠡᠨ᠎ᠡ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ