ᠪᠦᠬᠦ ᠬᠣᠰᠢᠭᠤᠨ ‍ᠤ 《 ᠵᠠᠭᠤᠨ ᠠᠵᠤ ᠠᠬᠣᠶᠢᠯᠠᠯ ᠵᠠᠭᠤᠨ ᠲᠣᠰᠬᠣᠨ ‍ᠢ ᠬᠠᠪᠰᠤᠷᠬᠤ 》 ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳ᠋ᠤ ᠬᠦᠴᠦᠨ ᠨᠡᠮᠡᠷᠢᠯᠡᠬᠦ ᠠᠵᠢᠯᠯᠠᠭ᠎ᠠ ᠶ᠋ᠢᠨ ᠲᠣᠬᠢᠷᠠᠭᠣᠯᠣᠯᠳᠠ ᠶ᠋ᠢᠨ ᠬᠣᠷᠠᠯ ᠶᠠᠪᠣᠭᠳᠠᠭᠰᠠᠨ

ᠣᠩᠰᠢᠭᠰᠠᠨ ᠤᠳᠠᠭ᠎ᠠ ᠄ 181     ᠨᠡᠶᠢᠳᠡᠯᠡᠭᠰᠡᠨ ᠴᠠᠭ ᠄ 2019/6/6 16:17:51

        5 ᠳ᠋ᠣᠭᠠᠷ ᠰᠠᠷ᠎ᠠ ᠶ᠋ᠢᠨ 30 ‍ᠤ ᠡᠳᠦᠷ ᠂ ᠪᠦᠬᠦ ᠬᠣᠰᠢᠭᠤᠨ ‍ᠤ 《 ᠵᠠᠭᠤᠨ ᠠᠵᠤ ᠠᠬᠣᠶᠢᠯᠠᠯ ᠵᠠᠭᠤᠨ ᠲᠣᠰᠬᠣᠨ ‍ᠢ ᠬᠠᠪᠰᠤᠷᠬᠤ 》 ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳ᠋ᠤ ᠬᠦᠴᠦᠨ ᠨᠡᠮᠡᠷᠢᠯᠡᠬᠦ ᠠᠵᠢᠯᠯᠠᠭ᠎ᠠ ᠶ᠋ᠢᠨ   ᠲᠣᠬᠢᠷᠠᠭᠣᠯᠣᠯᠳᠠ ᠶ᠋ᠢᠨ ᠬᠣᠷᠠᠯ ᠶᠠᠪᠣᠡᠡᠳᠠᠠᠡᠰᠠᠨ ᠪᠠᠶᠢᠨ᠎ᠠ ᠃
        ᠬᠤᠷᠠᠯ ᠡᠴᠠ ᠂ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠡᠴᠠ ᠣᠨᠴᠠᠯᠢᠭ ᠲᠠᠶ ᠨᠠᠶᠢᠭᠡᠮ ᠵᠢᠷᠤᠮ ‍ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ ᠂ ᠰᠢ ᠶ᠋ᠢᠨ ᠫᠢᠩ ᠶᠡᠷᠦᠩᠬᠡᠢ ᠱᠦᠵᠢ ‍ᠦᠨ ᠶᠠᠳᠠᠭᠤ ᠡᠴᠠ  ᠠᠩᠭᠢᠵᠢᠷᠠᠭᠣᠯᠣᠨ ᠪᠣᠭᠣᠮᠲᠠ ᠰᠢᠪᠲᠤᠯᠬᠤ ᠲᠤᠬᠠᠢ ᠰᠢᠷᠢᠰ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠣᠯᠵᠣ ᠂ ᠤᠯᠤᠰ ᠤᠨ 《 ᠲᠦᠮᠡᠨ ᠠᠵᠤ ᠠᠬᠣᠶᠢᠯᠠᠯ ᠲᠦᠮᠡᠨ ᠲᠣᠰᠬᠣᠨ ‍ᠢ ᠬᠠᠪᠰᠤᠷᠬᠤ 》 ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠶᠡᠷᠦᠩᠬᠡᠢ ᠲᠣᠬᠢᠷᠠᠭᠣᠯᠣᠯᠳᠠ ᠶᠣᠰᠣᠭᠠᠷ ᠂ 2019 ᠣᠨ ᠮᠠᠨ ‍ᠤ ᠬᠣᠰᠢᠭᠤᠨ ‍ᠤ ᠶᠠᠳᠠᠭᠤ ᠡᠴᠠ ᠠᠩᠭᠢᠵᠢᠷᠠᠭᠤᠯᠬᠤ ᠬᠠᠷᠠᠯᠲᠠ ᠶ᠋ᠢᠨ ᠲᠣᠭᠣᠷᠢᠨ ᠳ᠋ᠤ ᠂ ᠬᠣᠰᠢᠭᠤᠨ ᠤ ᠲᠣᠳᠣᠨ᠎ᠠ ᠭᠠᠳᠠᠨᠠᠬᠢ 173 ᠠᠵᠤ  ᠠᠬᠣᠶᠢᠯᠠᠯ ᠂ ᠬᠣᠷᠰᠢᠶ᠎ᠠ ᠪᠣᠯᠤᠨ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ‍ᠤ ᠡᠷᠦᠬᠡ ᠶ᠋ᠢ ᠵᠣᠬᠢᠶᠠᠨ ᠪᠠᠶᠢᠭᠣᠯᠵᠦ  ᠂ ᠪᠥᠬᠥ ᠬᠣᠰᠢᠭᠤᠨ ‍ᠤ 173 ᠭᠠᠴᠠᠭ᠎ᠠ ᠲᠣᠰᠬᠣᠨ ‍ᠢ ᠠᠵᠢᠯ ᠲᠥᠷᠥᠯ ‍ᠦᠨ ᠰᠢᠰᠲ᠋ᠧᠮ ‍ᠢᠶ᠋ᠡᠷ ᠬᠠᠪᠰᠤᠷᠤᠨ ᠲᠡᠳᠬᠦᠬᠦ ᠳ᠋ᠦ ᠣᠷᠣᠯᠴᠠᠭᠤᠯᠵᠤ ᠂ 2 ᠵᠢᠯ ‍ᠦᠨ ᠴᠠᠭ ‍ᠢ ᠠᠰᠢᠡᠡᠯᠠᠨ ᠂ ᠨᠠᠶᠢᠭᠡᠮ  ‍ᠦᠨ ᠬᠦᠴᠦᠨ ‍ᠢ ᠭᠦᠶ᠋ᠴᠡᠳ ᠲᠠᠶᠢᠴᠢᠯᠠᠵᠣ ᠂ ᠬᠠᠪᠰᠤᠷᠤᠨ ᠲᠡᠳᠬᠦᠬᠦ ᠳᠠᠯᠳᠠ ᠬᠦᠴᠦᠨ ‍ᠢ ᠭᠦᠢᠴᠡᠳ ᠠᠰᠢᠭᠯᠠᠨ ᠂ ᠮᠡᠳᠡᠭᠡ ᠵᠠᠩᠭᠢ ᠂ ᠲᠥᠷᠥᠯ ᠵᠦᠢᠯ ᠂ ᠵᠠᠬ᠎ᠠ ᠳᠡᠯᠭᠡᠭᠦᠷ ᠂ ᠮᠡᠷᠭᠡᠵᠢᠯ ᠂ ᠪᠠᠯᠠ ᠮᠥᠩᠭᠥ ᠂ ᠠᠵᠢᠯ ᠣᠯᠭᠣᠯᠲᠠ ᠵᠡᠷᠭᠡ ᠣᠯᠠᠨ ᠵᠦᠶ᠋ᠯ ‍ᠦᠨ ᠬᠠᠪᠰᠤᠷᠤᠨ ᠲᠡᠳᠬᠦᠬᠦ ᠠᠷᠭ᠎ᠠ ᠵᠠᠮ ᠢᠶᠠᠷ ᠲᠠᠮᠵᠢᠵᠦ ᠂ ᠣᠨᠴᠠᠯᠢᠭᠲᠤ ᠠᠵᠤ ᠦᠢᠯᠡᠰ ‍ᠢ ᠨᠡᠭᠡᠭᠡᠨ  ᠬᠦᠭᠵᠢᠭᠦᠯᠦᠨ ᠂ ᠣᠷᠣᠯᠭ᠎ᠠ ᠨᠡᠮᠡᠭᠳᠡᠭᠦᠯᠬᠦ ᠠᠷᠭ᠎ᠠ ᠵᠠᠮ ‍ᠢ ᠲᠠᠰᠤᠷᠠᠯᠲᠠ ᠥᠬᠡᠶ ᠥᠷᠭᠡᠳᠬᠡᠵᠦ ᠂ ᠭᠠᠴᠠᠭ᠎ᠠ ᠲᠣᠰᠬᠣᠨ ‍ᠤ ᠬᠠᠮᠲᠤ ᠶ᠋ᠢᠨ ᠠᠵᠤ ᠠᠬᠤᠶ ᠶ᠋ᠢ ᠪᠤᠵᠠᠭᠠᠶᠢᠷᠠᠭᠤᠯᠤᠨ ᠂ ᠶᠠᠳᠠᠭᠤ ᠬᠦᠴᠢᠷᠳᠡᠯᠲᠡᠶ ᠡᠷᠦᠬᠡ ᠶ᠋ᠢᠨ ᠲᠣᠭᠲᠠᠭᠤᠨ ᠢᠶᠠᠷ ᠶᠠᠳᠠᠭᠤ ᠡᠴᠠ ᠠᠩᠭᠢᠵᠢᠷᠠᠭᠤᠯᠬᠤ ᠳ᠋ᠤ ᠬᠦᠴᠦ ᠨᠡᠮᠡᠷᠢᠯᠡᠵᠦ ᠂ ᠶᠠᠳᠠᠭᠤ ᠡᠴᠠ ᠠᠩᠭᠢᠵᠢᠷᠠᠭᠤᠯᠬᠤ ᠦᠷ᠎ᠡ ᠪᠦᠲᠦᠭᠡᠯ ‍ᠢ ᠪᠡᠬᠢᠵᠢᠭᠦᠯᠦᠨ ᠂ ᠶᠠᠳᠠᠭᠤ ᠡᠴᠠ ᠠᠩᠭᠢᠵᠢᠷᠠᠭᠤᠯᠬᠤ ᠰᠢᠪᠲᠤᠯᠤᠯᠲᠠ ᠶ᠋ᠢᠨ ᠳᠠᠶᠢᠯᠠᠯᠳᠤᠭᠠᠨ ‍ᠤ ᠢᠯᠠᠯᠲᠠ ᠶ᠋ᠢ ᠪᠥᠬᠥ ᠲᠠᠯ᠎ᠠ ᠪᠠᠷ ᠣᠯᠬᠣ ᠬᠡᠷᠡᠭᠳᠡᠢ ᠭᠡᠰᠡᠨ ᠪᠠᠶᠢᠨ᠎ᠠ  ᠃
         ᠬᠣᠰᠢᠭᠣᠨ ‍ᠤ  ᠨᠠᠮ ‍ᠤᠨ ᠬᠣᠷᠢᠶ᠎ᠠ ᠶ᠋ᠢᠨ ᠪᠠᠶᠢᠩᠭᠤ ᠶ᠋ᠢᠨ ᠭᠡᠰᠢᠭᠦᠨ ᠂  ᠬᠣᠰᠢᠭᠣᠨ ‍ᠤ  ᠨᠠᠮ ‍ᠤᠨ ᠬᠣᠷᠢᠶ᠎ᠠ ᠶ᠋ᠢᠨ ᠨᠢᠭᠡᠳᠦᠮᠡᠯ ᠹᠷᠣᠨᠲ ‍ᠤᠨ ᠬᠡᠯᠲᠡᠰ ‍ᠦᠨ ᠳᠠᠷᠤᠭ᠎ᠠ ᠴᠢᠦ ᠵᠢᠶᠦ᠋ᠨ ᠬᠤᠷᠠᠯ ᠳ᠋ᠤ ᠣᠷᠣᠯᠴᠠᠨ ᠶᠠᠷᠢᠶ᠎ᠠ ᠲᠠᠯᠪᠢᠵᠤ ᠱᠠᠭᠠᠷᠳᠠᠭᠰᠠᠨ ᠨᠢ ᠂ ᠡᠯ᠎ᠡ ᠰᠤᠮᠤ ᠰᠢᠶᠠᠩ ᠪᠠᠯᠭᠠᠰᠤ ᠲᠠᠯᠠᠪᠣᠷ ᠤᠨ ᠨᠠᠮ ‍ᠤᠨ ᠬᠣᠷᠢᠶ᠎ᠠ ᠭᠠᠴᠠᠭ᠎ᠠ ᠲᠣᠰᠬᠣᠨ ‍ᠢ ᠬᠠᠪᠰᠤᠷᠤᠨ ᠲᠡᠳᠬᠦᠬᠦ ᠠᠵᠤ ᠠᠬᠤᠢᠯᠠᠯ ᠲᠠᠢ ᠵᠣᠯᠭᠠᠭᠤᠯᠤᠨ ᠬᠠᠷᠢᠯᠴᠠᠬᠤ ᠠᠵᠢᠯ ‍ᠢ ᠰᠠᠶᠢᠲᠤᠷ ᠬᠢᠵᠦ ᠂ ᠭᠠᠴᠠᠭ᠎ᠠ ᠲᠣᠰᠬᠣᠨ ‍ᠤ ᠡᠬᠢ ᠪᠠᠶᠠᠯᠢᠭ ‍ᠤᠨ ᠲᠥᠷᠥᠯᠬᠢ ᠴᠢᠨᠠᠷ  ‍ᠢ  ᠦᠨᠳᠦᠰᠦᠯᠡᠨ ᠂ ᠠᠵᠤ ᠠᠬᠤᠢᠯᠠᠯ ‍ᠤᠨ ᠳᠠᠪᠠᠭᠤᠯᠢᠭ ‍ᠢ ᠪᠠᠳᠠᠷᠠᠭᠤᠯᠵᠤ ᠂ ᠶᠠᠳᠠᠭᠤ ᠶ᠋ᠢ ᠲᠠᠳᠭᠦᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ  ‍ᠢ ᠣᠨᠣᠪᠴᠢᠲᠠᠶ ᠡᠷᠢᠨ ᠣᠯᠵᠤ ᠂ ᠠᠵᠤ ᠦᠢᠯᠡᠰ ‍ᠦᠨ ᠬᠥᠭᠵᠢᠯᠲᠡ ᠶ᠋ᠢᠨ ᠰᠡᠳᠬᠢᠮᠵᠢ ᠶ᠋ᠢ ᠲᠣᠭᠲᠠᠭᠠᠨ ᠂ ᠬᠠᠪᠰᠤᠷᠤᠨ ᠲᠡᠳᠬᠦᠬᠦ ᠬᠠᠮᠲᠤᠷᠠᠯᠴᠠᠭᠠᠨ ‍ᠤ ᠠᠵᠢᠯ ‍ᠤᠨ ᠪᠣᠳᠠᠲᠤ  ᠪᠠᠶᠢᠳᠡᠯ  ᠵᠦᠭ ᠤᠷᠤᠭᠰᠢᠯᠠᠬᠤ ᠶ᠋ᠢ ᠠᠬᠢᠭᠤᠯᠬᠤ ᠬᠡᠷᠡᠭᠲᠡᠶ ᠃ ᠡᠯ᠎ᠡ ᠬᠠᠪᠰᠤᠷᠤᠨ ᠲᠡᠳᠬᠦᠬᠦ ᠠᠵᠤ ᠠᠬᠤᠢᠯᠠᠯ ᠨᠢ ᠲᠤᠰ ᠪᠡᠶ᠎ᠡ ᠶ᠋ᠢᠨ ᠣᠨᠴᠠᠯᠢᠭ ᠲᠠᠶ ᠪᠠᠨ ᠤᠶᠠᠯᠳᠤᠭᠤᠯᠤᠨ ᠂ 《 ᠴᠢᠳᠠᠯ ‍ᠤᠨ ᠢᠶᠡᠨ ᠬᠢᠷᠢ ᠪᠡᠷ ᠠᠵᠢᠯᠯᠠᠨ  ᠂ ᠴᠢᠳᠠᠯ ‍ᠤᠨ ᠢᠶᠡᠨ ᠬᠢᠷᠢ ᠪᠡᠷ ᠬᠢᠵᠦ ᠂ ᠴᠢᠳᠠᠯ ‍ᠤᠨ ᠬᠢᠷᠢ ᠪᠡᠷ ‍ᠢᠶ᠋ᠡᠨ ᠴᠢᠷᠮᠠᠶᠢᠬᠤ 》 ᠵᠠᠷᠴᠢᠮ ᠶᠣᠰᠣᠭᠠᠷ ᠂ ᠪᠠᠯᠠ ᠮᠥᠩᠭᠥ  ᠢᠶᠠᠷ ᠬᠠᠪᠰᠤᠷᠬᠤ ᠂ ᠲᠥᠷᠥᠯ ᠵᠦᠶ᠋ᠯ  ᠢᠶᠠᠷ ᠬᠠᠪᠰᠤᠷᠬᠤ ᠂ ᠠᠵᠤ ᠦᠶ᠋ᠯᠡᠰ  ᠢᠶᠠᠷ ᠬᠠᠪᠰᠤᠷᠬᠤ ᠵᠡᠷᠭᠡ ᠲᠠᠯ᠎ᠠ ᠪᠠᠷ  ᠲᠠᠮᠵᠢᠨ ᠂  ᠬᠣᠯᠪᠣᠭᠠᠯᠠᠠᠠᠰᠠᠨ  ᠭᠠᠴᠠᠭ᠎ᠠ ᠲᠣᠰᠬᠣᠨ ‍ᠤ ᠪᠣᠳᠠᠲᠠᠶ ᠬᠦᠴᠢᠷᠳᠡᠯ ‍ᠢ ᠵᠣᠬᠢᠴᠠᠭᠤᠯᠤᠨ ᠰᠢᠶ᠋ᠳᠪᠦᠷᠢᠯᠡᠵᠦ ᠂ ᠭᠠᠴᠠᠭ᠎ᠠ ᠲᠣᠰᠬᠣᠨ ‍ᠤ ᠬᠠᠮᠲᠤ ᠶ᠋ᠢᠨ ᠠᠵᠤ ᠠᠬᠤᠶ ᠶ᠋ᠢ ᠬᠥᠭᠵᠢᠭᠦᠯᠦᠨ ᠪᠤᠵᠠᠭᠠᠶᠢᠷᠠᠭᠤᠯᠵᠤ ᠂ ᠶᠠᠳᠠᠭᠤ ᠬᠦᠴᠢᠷᠳᠡᠯᠲᠡᠶ ᠡᠷᠦᠬᠡ ᠶ᠋ᠢᠨ ᠲᠣᠭᠲᠠᠭᠤᠨ ᠢᠶᠠᠷ ᠶᠠᠳᠠᠭᠤ ᠡᠴᠠ ᠠᠩᠭᠢᠵᠢᠷᠠᠬᠤ ᠳ᠋ᠤ ᠬᠦᠴᠦᠨ  ᠨᠡᠮᠡᠷᠢᠯᠡᠬᠦ ᠬᠡᠷᠡᠭᠳᠡᠢ ᠭᠡᠰᠡᠨ ᠪᠠᠶᠢᠨ᠎ᠠ ᠃ ‍
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ