ᠥᠪᠡᠷᠲᠡᠭᠡᠨ ᠵᠠᠰᠠᠬᠤ ᠣᠷᠣᠨ ‍ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶ᠎ᠠ ᠮᠠᠨ ᠤ ᠬᠣᠰᠢᠭᠣᠨ ᠳ᠋ᠥ ᠢᠷᠡᠵᠦ 《 ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ‍ᠤ ᠤᠯᠠᠭᠠᠨᠮᠥ᠋ᠴᠢᠷ ‍ᠦᠨ ᠳᠦᠷᠢᠮ ‍ᠤᠨ ( ᠲᠥᠰᠦᠯ ) 》 ᠳ᠋ᠥ ᠬᠠᠤᠯᠢ ᠲᠣᠭᠳᠠᠭᠠᠵᠣ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 209     ᠨᠡᠶᠢᠳᠡᠯᠡᠭᠰᠡᠨ ᠴᠠᠭ ᠄ 2019/6/6 16:29:20

       6 ᠳ᠋ᠤᠭᠠᠷ ᠰᠠᠷ᠎ᠠ ᠶ᠋ᠢᠨ 4 ‍ᠤ ᠡᠳᠦᠷ ᠂ ᠥᠪᠡᠷᠲᠡᠭᠡᠨ ᠵᠠᠰᠠᠬᠤ ᠣᠷᠣᠨ ‍ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶ᠎ᠠ ᠶ᠋ᠢᠨ ᠬᠠᠣᠯᠢ ᠳᠣᠭᠳᠠᠭᠠᠵᠣ ᠪᠠᠶᠢᠴᠠᠭᠠᠨ ᠰᠣᠳᠣᠯᠬᠣ ᠳᠣᠭᠣᠶᠢᠯᠠᠩ ᠮᠠᠨ ᠤ ᠬᠣᠰᠢᠭᠣᠨ ᠳ᠋ᠥ ᠢᠷᠡᠵᠦ 《 ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ‍ᠤ ᠤᠯᠠᠭᠠᠨᠮᠥ᠋ᠴᠢᠷ ‍ᠦᠨ ᠳᠦᠷᠢᠮ ‍ᠤᠨ ( ᠲᠥᠰᠦᠯ ) 》 ᠳ᠋ᠥ ᠬᠠᠤᠯᠢ ᠲᠣᠭᠳᠠᠭᠠᠵᠣ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠰᠠᠭᠣᠳᠠᠯ ᠤᠨ ᠬᠤᠷᠠᠯ ᠶᠠᠪᠣᠭᠳᠠᠭᠣᠯᠵᠣ ᠂ ᠬᠣᠰᠢᠭᠤᠨ ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ᠤ ᠠᠷᠠᠳ ‍ᠤᠨ ᠵᠠᠰᠠᠭ ᠤᠨ ᠣᠷᠳᠣᠨ ‍ᠤ ᠬᠣᠰᠢᠭᠤᠨ ᠳᠠᠷᠤᠭ᠎ᠠ ᠪᠦᠷᠢᠨ ᠂ ᠬᠣᠰᠢᠭᠤᠨ ᠤ ᠠᠷᠠᠳ ‍ᠤᠨ ᠲᠥᠯᠥᠭᠡᠯᠡᠭᠴᠢᠳ ‍ᠦᠨ ᠶᠡᠬᠡ ᠬᠤᠷᠠᠯ ‍ᠤᠨ ᠪᠠᠶᠢᠩᠭᠤ ᠶ᠋ᠢᠨ ᠬᠣᠷᠢᠶᠠᠨ ‍ᠤ ᠳᠡᠳ᠋ ᠡᠷᠬᠢᠯᠡᠭᠴᠢ ᠸᠠᠩ ᠯᠢ ᠴᠢᠶᠠᠩ ᠰᠠᠭᠣᠳᠠᠯ ᠤᠨ ᠬᠣᠷᠠᠯ ᠳ᠋ᠥ ᠣᠷᠣᠯᠴᠠᠭᠰᠠᠨ ᠪᠠᠶᠢᠨ᠎ᠠ ᠃
      ᠰᠠᠭᠣᠳᠠᠯ ᠤᠨ ᠬᠤᠷᠠᠯ ᠳᠡᠭᠡᠷ᠎ᠡ ᠂ ᠬᠣᠰᠢᠭᠤᠨ ᠤ ᠨᠠᠮ ‍ᠤᠨ ᠬᠣᠷᠢᠶᠠᠨ ‍ᠤ ᠳᠡᠳ᠋ ᠱᠦᠵᠢ ᠂ ᠬᠣᠰᠢᠭᠤᠨ ᠤ ᠠᠷᠠᠳ ‍ᠤᠨ ᠵᠠᠰᠠᠭ ᠤᠨ ᠣᠷᠳᠣᠨ ‍ᠤ ᠬᠣᠰᠢᠭᠤᠨ ᠳᠠᠷᠤᠭ᠎ᠠ ᠪᠦᠷᠢᠨ ᠮᠠᠨ ‍ᠤ ᠬᠣᠰᠢᠭᠤᠨ ‍ᠤ ᠤᠯᠠᠭᠠᠨᠮᠥ᠋ᠴᠢᠷ ‍ᠦᠨ ᠠᠵᠢᠯ ᠥᠷᠨᠢᠭᠦᠯᠦᠭᠰᠡᠨ ᠪᠠᠶᠢᠳᠠᠯ ᠢᠶᠡᠨ ᠬᠠᠷᠢᠭᠤ ᠮᠡᠳᠡᠭᠦᠯᠪᠡ ᠃
       ᠡᠯ᠎ᠡ ᠰᠠᠯᠠᠭ᠎ᠠ ᠮᠥᠴᠢᠷ ‍ᠦᠨ ᠬᠢᠨ ᠨᠠᠢᠮᠠᠨ ᠤ ᠪᠣᠳᠠᠲᠤ ᠪᠠᠶᠢᠳᠠᠯ ᠵᠢᠴᠢ ᠬᠣᠪᠢ ᠶ᠋ᠢᠨ ᠡᠭᠦᠷᠭᠡ ᠴᠢᠳᠠᠪᠬᠢ ᠲᠠᠶ ᠪᠠᠨ ᠤᠶᠠᠯᠳᠤᠭᠤᠯᠤᠨ ᠂ 《 ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ‍ᠤ ᠤᠯᠠᠭᠠᠨᠮᠥ᠋ᠴᠢᠷ ‍ᠦᠨ ᠳᠦᠷᠢᠮ ‍ᠤᠨ ( ᠲᠥᠰᠦᠯ ) 》 ‍ᠤᠨ ᠭᠣᠣᠯ ᠠᠭᠤᠯᠭ᠎ᠠ ᠶ᠋ᠢᠨ ᠲᠤᠬᠠᠢ ᠨᠠᠷᠢᠨ ᠬᠢᠨᠠᠮᠠᠭᠠᠢ ᠶᠠᠷᠢᠯᠴᠠᠬᠤ ᠶ᠋ᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠠᠢ ᠃
       ᠪᠠᠶᠢᠴᠠᠭᠠᠨ ᠰᠤᠳᠤᠯᠬᠤ ᠳᠤᠭᠤᠢᠯᠠᠩ ᠡᠴᠠ ᠮᠠᠨ ᠤ ᠬᠣᠰᠢᠭᠣ ᠵᠢ ᠤᠯᠠᠭᠠᠨᠮᠥ᠋ᠴᠢᠷ ‍ᠦᠨ ᠠᠵᠢᠯ ‍ᠢ ᠲᠡᠭᠡᠳᠣ ᠬᠡᠮᠵᠢᠶ᠎ᠡ ᠪᠡᠷ ᠴᠢᠬᠤᠯᠠᠴᠢᠯᠠᠨ ᠂ ᠳᠦᠷᠢᠮ ‍ᠤᠨ ( ᠲᠥᠰᠦᠯ ) ᠳ᠋ᠥ ᠬᠠᠤᠯᠢ ᠲᠣᠭᠳᠠᠭᠠᠵᠣ ᠪᠠᠶᠢᠴᠠᠭᠠᠨ ᠰᠤᠳᠤᠯᠤᠯᠲᠠ ᠬᠢᠬᠦ ᠳ᠋ᠤ ᠭᠦᠢᠴᠡᠳ ᠪᠡᠯᠡᠳᠬᠡᠯ ᠬᠢᠵᠦ ᠂ ᠬᠤᠷᠠᠯ ᠳ᠋ᠤ ᠣᠷᠣᠯᠴᠠᠭᠰᠠᠳ ‍ᠤᠨ ᠳᠤᠷᠠᠳᠤᠭᠰᠠᠨ ᠰᠠᠨᠠᠯ ᠰᠠᠨᠠᠭᠤᠯᠭ᠎ᠠ ᠮᠠᠰᠢ ᠶᠡᠬᠡ ᠦᠵᠡᠯᠲᠡ ᠲᠡᠶ ᠪᠠᠶᠢᠨ᠎ᠠ ᠬᠡᠵᠦ ᠦᠵᠡᠵᠡᠢ ᠃ ᠪᠠᠶᠢᠴᠠᠭᠠᠨ ᠰᠤᠳᠤᠯᠬᠤ ᠳᠤᠭᠤᠢᠯᠠᠩ ᠢᠯᠡᠳᠭᠡᠭᠰᠨ ᠨᠢ ᠂ ᠰᠠᠨᠠᠯ ᠰᠠᠨᠠᠭᠤᠯᠭ᠎ᠠ ᠶ᠋ᠢ ᠨᠠᠷᠢᠨ ᠬᠢᠨᠠᠮᠠᠭᠠᠢ ᠬᠤᠷᠢᠶᠠᠩᠭᠤᠶᠢᠯᠠᠨ ᠡᠮᠬᠢᠳᠬᠡᠵᠦ ᠂ 《 ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ‍ᠤ ᠤᠯᠠᠭᠠᠨᠮᠥ᠋ᠴᠢᠷ ‍ᠦᠨ ᠳᠦᠷᠢᠮ ‍ᠤᠨ ( ᠲᠥᠰᠦᠯ ) 》 ᠳ᠋ᠦ ᠤᠯᠠᠮ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠂ ᠲᠡᠭᠦᠨ ‍ᠢ ᠨᠠᠩ ᠲᠣᠳᠣᠷᠬᠠᠢ ᠂ ᠨᠠᠩ ᠪᠣᠳᠠᠲᠠᠢ ᠪᠣᠯᠭᠠᠵᠤ ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠶ ᠪᠣᠯᠭᠠᠵᠤ ᠂ ᠤᠯᠠᠭᠠᠨᠮᠥ᠋ᠴᠢᠷ ‍ᠦᠨ ᠬᠤᠪᠢᠰᠬᠠᠯᠲᠤ ᠤᠳᠬ᠎ᠠ ᠤᠷᠠᠯᠢᠭ ‍ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ‍ᠢ ᠨᠠᠩ ᠰᠠᠶᠢᠲᠤᠷ ᠪᠠᠳᠠᠷᠠᠭᠤᠯᠵᠤ ᠂ ᠰᠢᠨ᠎ᠡ ᠴᠠᠭ ᠦᠶ᠎ᠡ ᠶ᠋ᠢᠨ ᠤᠯᠠᠭᠠᠨᠮᠥ᠋ᠴᠢᠷ ‍ᠦᠨ ᠵᠣᠷᠢᠭ ᠰᠠᠨᠠᠭ᠎ᠠ ᠶ᠋ᠢ ᠪᠠᠳᠠᠷᠠᠭᠣᠯᠣᠨ ᠂ ᠤᠯᠠᠭᠠᠨᠮᠥ᠋ᠴᠢᠷ ‍ᠦᠨ ᠦᠢᠯᠡᠰ ‍ᠦᠨ ᠪᠦᠬᠦ ᠲᠠᠯ᠎ᠠ ᠪᠠᠷ ᠦᠷᠭᠦᠯᠵᠢᠯᠡᠨ ᠡᠷᠡᠭᠦᠯ ‍ᠢᠶ᠋ᠡᠷ ᠬᠥᠭᠵᠢᠬᠦ ᠶ᠋ᠢ ᠠᠬᠢᠭᠣᠯᠬᠣ ᠬᠡᠷᠡᠭᠲᠡᠢ ᠭᠡᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ