ᠣᠯᠢᠶᠠᠰᠣ ᠰᠢᠶᠠᠩ ‍ᠤᠨ ᠣᠰᠣᠨ ᠲᠤᠲᠤᠷᠭ᠎ᠠ ᠶ᠋ᠢᠨ ᠴᠢᠬᠢ ᠰᠠᠭᠤᠯᠭᠠᠬᠤ ᠠᠵᠢᠯ ᠪᠦᠬᠦ ᠲᠠᠯ᠎ᠠ ᠪᠠᠷ ᠡᠬᠢᠯᠡᠭᠰᠡᠨ

ᠣᠩᠰᠢᠭᠰᠠᠨ ᠤᠳᠠᠭ᠎ᠠ ᠄ 260     ᠨᠡᠶᠢᠳᠡᠯᠡᠭᠰᠡᠨ ᠴᠠᠭ ᠄ 2019/6/6 16:37:25

        ᠣᠶᠢᠷ᠎ᠠ ᠶ᠋ᠢᠨ ᠬᠡᠳᠦᠨ ᠡᠳᠦᠷ ᠂ ᠣᠯᠢᠶᠠᠰᠣ ᠰᠢᠶᠠᠩ ‍ᠤᠨ ᠲᠠᠷᠢᠶᠠᠴᠢᠳ ᠠᠰᠢᠭᠲᠠᠶ ᠴᠠᠭ ᠲᠣᠬᠢᠶᠠᠯ ‍ᠢ ᠠᠮᠵᠢᠨ ᠂ ᠬᠥᠮᠥᠨ ᠮᠠᠰᠢᠨ ᠵᠡᠷᠭᠡ ᠪᠡᠷ ᠠᠵᠢᠯᠯᠠᠵᠣ ᠂ ᠡᠨᠡ ᠵᠢᠯ ‍ᠦᠨ ᠣᠰᠣᠨ ᠲᠤᠲᠤᠷᠭ᠎ᠠ ᠶ᠋ᠢᠨ ᠴᠢᠬᠢ ᠰᠠᠭᠤᠯᠭᠠᠬᠤ ᠠᠵᠢᠯ ᠢᠶᠡᠨ ᠵᠢᠩᠬᠢᠨᠢ ᠪᠡᠷ ᠡᠬᠢᠯᠡᠭᠦᠯᠦᠭᠰᠡᠨ ᠪᠠᠶᠢᠨ᠎ᠠ ᠃

        ᠣᠯᠢᠶᠠᠰᠣ ᠰᠢᠶᠠᠩ ‍ᠤᠨ ᠦᠪᠦᠩ ᠤᠨ ᠲᠠᠯ᠎ᠠ ᠲᠣᠰᠬᠣᠨ ‍ᠤ ᠣᠰᠣᠨ ᠲᠤᠲᠤᠷᠭ᠎ᠠ ᠶ᠋ᠢᠨ ᠲᠠᠷᠢᠶᠠᠨ ᠳ᠋ᠤ ᠂ ᠣᠰᠣᠨ ᠲᠤᠲᠤᠷᠭ᠎ᠠ ᠶ᠋ᠢᠨ ᠴᠢᠬᠢ ᠰᠠᠭᠤᠯᠭᠠᠬᠤ ᠮᠠᠰᠢᠨ ᠣᠰᠣᠨ ᠲᠠᠷᠢᠶᠠᠨ ᠳ᠋ᠤ ᠨᠠᠭᠠᠰᠢ ᠴᠠᠭᠠᠰᠢ ᠰᠦᠯᠵᠢᠯᠳᠦᠨ ᠂ ᠨᠢᠭᠡ ᠨᠢᠭᠡ ᠮᠥᠷ ᠨᠣᠭᠣᠭᠠᠨ ᠴᠢᠬᠢ ᠶ᠋ᠢ ᠲᠤᠲᠤᠷᠭ᠎ᠠ ᠶ᠋ᠢᠨ ᠲᠠᠷᠢᠶᠠᠨ ‍ᠤ ᠳᠤᠮᠳᠠ ᠵᠢᠭᠳᠡ ᠵᠢᠭᠰᠠᠭᠠᠵᠤ ᠂ ᠣᠰᠣᠨ ᠲᠠᠷᠢᠶᠠᠨ ᠳ᠋ᠤ ᠨᠣᠭᠣᠭᠠᠨ ᠰᠢᠨ᠎ᠡ ᠬᠤᠪᠴᠠᠰᠤ ᠨᠥᠮᠥᠷᠦᠭᠦᠯᠦᠭᠰᠡᠨ ᠪᠠᠢᠨ᠎ᠠ ᠃

         ᠦᠪᠦᠩ ᠤᠨ ᠲᠠᠯ᠎ᠠ ᠲᠣᠰᠬᠣᠨ ‍ᠤ ᠠᠷᠠᠳ ᠵᠠᠩ ᠯᠢ ᠾᠦᠩ ‍ᠦᠨ ᠨᠢᠭᠡ ᠭᠡᠷ ‍ᠢᠶ᠋ᠡᠷ ‍ᠢᠶ᠋ᠡᠨ 10 ᠭᠠᠷᠤᠶ ᠵᠢᠯ ‍ᠦᠨ ᠣᠰᠣᠨ ᠲᠤᠲᠤᠷᠭ᠎ᠠ ᠲᠠᠷᠢᠭᠰᠠᠨ ᠲᠤᠷᠰᠢᠯᠭ᠎ᠠ ᠲᠠᠶ ᠪᠠᠶᠢᠵᠣ ᠂ ᠣᠯᠠᠨ ᠵᠢᠯ ‍ᠦᠨ ᠲᠤᠷᠰᠢ ᠨᠠᠷᠢᠨ ᠨᠢᠮᠪᠠᠶ ᠲᠠᠷᠢᠵᠤ ᠂ ᠵᠢᠯ ᠪᠦᠷᠢ ᠶ᠋ᠢᠨ ᠣᠰᠣᠨ ᠲᠤᠲᠤᠷᠭ᠎ᠠ ᠶ᠋ᠢᠨᠣᠷᠣᠯᠭ᠎ᠠ ᠨᠢ ᠨᠡᠯᠢᠶᠡᠳ ᠵᠦᠭᠡᠷ ᠪᠠᠶᠢᠯ᠎ᠠ ᠃ ᠵᠠᠩ ᠯᠢ ᠾᠦᠩ ᠰᠣᠷᠪᠣᠯᠵᠢᠠᠯᠠᠭᠴᠢ ᠳ᠋ᠥ ᠶᠠᠷᠢᠭᠰᠠᠨ ᠨᠢ ᠄ ᠪᠢ ᠣᠰᠣᠨ ᠲᠤᠲᠤᠷᠭ᠎ᠠ ᠲᠠᠷᠢᠭᠠᠳ ᠠᠷᠪᠠᠭᠠᠳ ᠵᠢᠯ ᠪᠣᠯᠵᠤ ᠂ ᠵᠢᠯ ᠪᠦᠷᠢ ᠪᠠᠷᠤᠭ ᠨᠢᠭᠡ ᠲᠦᠮᠡ ᠳᠥᠷᠪᠡ ᠲᠠᠪᠤᠨ ᠮᠢᠩᠭᠠᠨ ᠲᠥᠭᠥᠷᠢᠭ ‍ᠦᠨ ᠣᠷᠣᠯᠭ᠎ᠠ ᠣᠯᠵᠤ ᠪᠠᠶᠢᠨ᠎ᠠ ᠃ ᠡᠨᠡ ᠵᠢᠯ ᠠᠷᠪᠠ ᠭᠠᠷᠤᠶ ᠮᠣ ᠣᠰᠣᠨ ᠲᠤᠲᠤᠷᠭ᠎ᠠ ᠲᠠᠷᠢᠵᠣ ᠂ ᠴᠢᠬᠢ ᠲᠠᠷᠢᠶ᠎ᠠ ᠴᠥᠮ ᠨᠡᠯᠢᠶᠡᠳ ᠰᠠᠶᠢᠨ ᠪᠠᠶᠢᠨ᠎ᠠ  ᠂ ᠪᠢ ᠮᠠᠰᠢ ᠰᠡᠳᠬᠢᠯ ᠬᠠᠨᠤᠮᠵᠢᠲᠠᠶ ᠪᠠᠶᠢᠨ᠎ᠠ ᠃

        ᠣᠯᠢᠶᠠᠰᠣ ᠰᠢᠶᠠᠩ ‍ᠤᠨ ᠣᠰᠣᠨ ᠲᠤᠲᠤᠷᠭ᠎ᠠ ᠲᠠᠷᠢᠬᠤ ᠲᠠᠯᠠᠪᠠᠢ ᠨᠢᠭᠡ ᠲᠦᠮᠡ ᠭᠤᠷᠪᠠᠨ ᠮᠢᠩᠭ᠎ᠠ ᠭᠠᠷᠤᠶ ᠮᠦ ᠪᠠᠶᠢᠵᠤ ᠂ 2019 ᠣᠨ ᠳ᠋ᠤ ᠣᠯᠢᠶᠠᠰᠣ ᠰᠢᠶᠠᠩ ᠣᠰᠣᠨ ᠲᠤᠲᠤᠷᠭ᠎ᠠ ᠶ᠋ᠢᠨ ᠴᠢᠬᠢ ᠪᠣᠶᠢᠵᠢᠭᠤᠯᠬᠤ ᠲᠥᠷᠥᠯ ᠵᠦᠶ᠋ᠯ ‍ᠢ ᠬᠡᠷᠡᠭᠵᠢᠭᠦᠯᠪᠡ ᠃ ᠰᠤᠮᠤᠨ ᠡᠴᠠ ᠲᠥᠪᠯᠡᠷᠡᠭᠦᠯᠦᠨ ᠴᠢᠬᠢ ᠪᠣᠶᠢᠵᠢᠭᠣᠯᠣᠨ ᠂ 27 ᠲᠥᠭᠥᠷᠢᠭ ‍ᠦᠨ ᠦᠨ᠎ᠡ ᠪᠡᠷ ᠲᠤᠲᠤᠷᠭ᠎ᠠ ᠶ᠋ᠢᠨ ᠲᠠᠷᠢᠶᠠᠴᠢᠳ ᠲᠤ ᠬᠤᠳᠠᠯᠳᠤᠨ ᠥᠭᠴᠦ ᠂ ᠲᠤᠲᠤᠷᠭ᠎ᠠ ᠶ᠋ᠢᠨ ᠲᠠᠷᠢᠶᠠᠴᠢᠳ ‍ᠤᠨ ᠦᠷ᠎ᠡ ᠰᠣᠩᠭᠣᠬᠤ ᠠᠰᠠᠭᠤᠳᠠᠯ ‍ᠢ ᠰᠢᠶ᠋ᠳᠪᠦᠷᠢᠯᠡᠭᠰᠡᠨ ᠮᠥᠷᠲᠡᠭᠡᠨ ᠲᠤᠲᠤᠷᠭ᠎ᠠ ᠶ᠋ᠢᠨ ᠲᠠᠷᠢᠶᠠᠴᠢᠳ ᠲᠤ ᠬᠠᠪᠰᠤᠷᠤᠨ ᠴᠢᠬᠢ ᠬᠤᠳᠠᠯᠳᠤᠨ ᠠᠪᠬᠤ ᠪᠠᠯᠠ ᠮᠥᠩᠭᠥ ᠶ᠋ᠢ ᠠᠷᠪᠢᠯᠠᠭᠰᠠᠨ ᠪᠠᠶᠢᠨ᠎ᠠ ᠃ 4 ᠰᠠᠷ᠎ᠠ ᠶ᠋ᠢᠨ 15 ‍ᠤ ᠡᠳᠦᠷ ᠴᠢᠬᠢ ᠲᠥᠪᠯᠡᠷᠡᠭᠦᠯᠦᠨ ᠪᠣᠶᠢᠵᠢᠭᠣᠯᠣᠨ ᠂ 5 ᠰᠠᠷ᠎ᠠ ᠶ᠋ᠢᠨ 23 ‍ᠤ ᠡᠳᠦᠷ ᠴᠢᠬᠢ ᠰᠠᠭᠤᠯᠭᠠᠬᠤ ᠠᠵᠢᠯ ‍ᠢ ᠪᠦᠬᠦ ᠲᠠᠯ᠎ᠠ ᠪᠠᠷ ᠥᠷᠨᠢᠭᠦᠯᠵᠦ ᠂ ᠣᠳᠣ ᠪᠦᠬᠦ ᠶᠠᠪᠤᠴᠠ ᠳ᠋ᠤ ᠮᠠᠰᠢᠨᠴᠢᠯᠠᠭᠰᠠᠨ ᠴᠢᠬᠢ ᠰᠠᠭᠤᠯᠭᠠᠬᠤ ᠠᠵᠢᠯ ‍ᠢ ᠪᠡᠶᠡᠯᠡᠭᠦᠯᠪᠡ ᠃

         ᠣᠯᠢᠶᠠᠰᠣ ᠰᠢᠶᠠᠩ ‍ᠤᠨ ᠵᠠᠰᠠᠭ ᠤᠨ ᠣᠷᠳᠣᠨ ‍ᠤ ᠲᠠᠷᠢᠶᠠᠯᠠᠩ ‍ᠤᠨ ᠦᠢᠯᠡᠴᠢᠯᠡᠭᠡᠨ ‍ᠦ ᠲᠥᠪ ‍ᠦᠨ ᠡᠷᠬᠢᠯᠡᠭᠴᠢ ᠂ ᠶᠠᠳᠠᠭᠤ ᠶ᠋ᠢ ᠲᠡᠳᠬᠦᠬᠦ ᠠᠯᠪᠠᠨ ᠭᠡᠷ ‍ᠦᠨ ᠡᠷᠬᠢᠯᠡᠭᠴᠢ ᠵᠠᠩ ᠢᠦᠢ ᠶ᠋ᠢᠨ ᠶᠠᠷᠢᠬᠣ ᠪᠡᠷ ᠄ 2019 ᠣᠨ ᠤ ᠭᠤᠷᠪᠠᠳᠤᠭᠠᠷ ᠰᠠᠷ᠎ᠠ ᠳ᠋ᠤ ᠂ ᠪᠢᠳᠡ ᠳᠥᠷᠪᠡᠨ ᠭᠠᠴᠠᠭᠠᠨ ‍ᠤ ᠺᠠᠳ᠋ᠷ ‍ᠢ ᠳᠠᠭᠠᠭᠤᠯᠤᠨ ᠭᠢᠷᠢᠨ ᠂ ᠬᠠᠷᠠᠮᠥ᠋ᠷᠡᠨ ᠳ᠋ᠦ ᠬᠦᠷᠴᠦ ᠪᠠᠶᠢᠴᠠᠭᠠᠯᠳᠠ ᠬᠢᠵᠣ ᠂ ᠲᠠᠪᠤᠨ ᠲᠥᠷᠥᠯ ᠤᠨ ᠣᠰᠣᠨ ᠲᠤᠲᠤᠷᠭ᠎ᠠ ᠵᠢ ᠠᠩᠬ᠎ᠠ ᠠᠯᠬᠤᠮ ᠲᠣᠭᠲᠠᠭᠠᠵᠠᠶ ᠃ ᠣᠰᠣᠨ ᠲᠤᠲᠤᠷᠭ᠎ᠠ ᠶ᠋ᠢᠨ ᠡᠭᠦᠯᠳᠡᠷ ‍ᠢ ᠣᠷᠣᠭᠤᠯᠤᠨ ᠠᠪᠴᠢᠷᠠᠬᠤ ᠪᠠᠷ ᠳᠠᠮᠵᠢᠨ ᠂ ᠣᠯᠢᠶᠠᠰᠣ ᠰᠢᠶᠠᠩ ‍ᠤᠨ ᠣᠰᠣᠨ ᠲᠤᠲᠤᠷᠭ᠎ᠠ ᠶ᠋ᠢᠨ ᠡᠭᠦᠯᠳᠡᠷ ‍ᠢ ᠰᠢᠨᠡᠳᠬᠡᠬᠦ ᠲᠠᠯᠠᠪᠠᠢ ᠶ᠋ᠢ ᠲᠦᠷᠭᠡᠳᠬᠡᠵᠦ ᠂ ᠣᠰᠣᠨ ᠲᠤᠲᠤᠷᠭ᠎ᠠ ᠶ᠋ᠢᠨ ᠨᠡᠮᠡᠯᠲᠡ ᠥᠷᠲᠡᠭ ‍ᠢ ᠳᠡᠭᠡᠭᠰᠢᠯᠡᠭᠦᠯᠪᠡ ᠃ ᠲᠣᠰᠬᠣᠨ ᠨᠢᠭᠡᠪᠦᠷᠢ ᠶ᠋ᠢᠨ ᠴᠡᠪᠡᠷ ᠠᠰᠢᠭ ᠣᠷᠣᠯᠭ᠎ᠠ ᠨᠢ ᠳᠣᠯᠣᠭᠠᠨ ᠲᠦᠮᠡᠨ ᠲᠥᠭᠥᠷᠢᠭ ᠣᠷᠴᠢᠮ ᠬᠦᠷᠴᠣ ᠂ ᠳᠥᠷᠪᠡᠨ  ᠭᠠᠴᠠᠭ᠎ᠠ ᠨᠡᠶᠢᠳᠡ 28 ᠲᠦᠮᠡᠨ ᠲᠥᠭᠥᠷᠢᠭ  ᠬᠦᠷᠦᠭᠰᠡᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ