ᠬᠣᠰᠢᠭᠤᠨ ‍ᠤ ᠪᠠᠶᠢᠴᠠᠭᠠᠨ ᠰᠤᠷᠤᠯᠴᠠᠬᠤ ᠳᠤᠭᠤᠢᠯᠠᠩ ᠹᠦᠰᠢᠨ ‍ᠤ ᠮᠣᠡᠭᠭᠣᠯ ᠦᠡᠳᠣᠰᠣᠳᠡᠨ ‍ᠤ ᠦᠪᠡᠷᠳᠡᠭᠡᠨ ᠵᠠᠰᠠᠬᠣ ᠰᠢᠶᠠᠨ ᠳ᠋ᠤ ᠬᠦᠷᠴᠦ ᠬᠠᠷ᠎ᠠ ᠪᠦᠯᠦᠭᠲᠡ ᠬᠠᠷᠭᠢᠰ ᠬᠦᠴᠦᠨ ‍ᠢ ᠠᠷᠢᠯᠭᠠᠬᠤ ᠲᠠᠷᠢᠭᠦᠨ ᠤ ᠲᠤᠷᠰᠢᠯᠭ᠎ᠠ ᠶ᠋ᠢ ᠰᠣᠷᠣᠯᠴᠠᠠᠠᠰᠠᠨ

ᠣᠩᠰᠢᠭᠰᠠᠨ ᠤᠳᠠᠭ᠎ᠠ ᠄ 307     ᠨᠡᠶᠢᠳᠡᠯᠡᠭᠰᠡᠨ ᠴᠠᠭ ᠄ 2019/6/10 14:31:29

        5 ᠳ᠋ᠣᠭᠠᠷ ᠰᠠᠷ᠎ᠠ ᠶ᠋ᠢᠨ 13 ‍ᠤ ᠡᠳᠦᠷ ᠂ ᠬᠣᠰᠢᠭᠤᠨ  ‍ᠤ ᠨᠠᠮ ‍ᠤᠨ ᠬᠣᠷᠢᠶ᠎ᠠ ᠶ᠋ᠢᠨ ᠪᠠᠶᠢᠩᠭᠤ ᠶ᠋ᠢᠨ ᠭᠡᠰᠢᠭᠦᠨ ᠂ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ ᠱᠦᠵᠢ ᠸᠠᠩ ᠵᠧᠨ ᠴᠧᠩ ᠂ ᠬᠣᠰᠢᠭᠤᠨ ᠤ ᠠᠷᠠᠳ ‍ᠤᠨ ᠵᠠᠰᠠᠭ  ‍ᠤᠨ ᠣᠷᠳᠣᠨ ‍ᠤ ᠳᠡᠳ᠋ ᠬᠣᠰᠢᠭᠤᠨ ᠳᠠᠷᠤᠭ᠎ᠠ ᠂ ᠬᠣᠰᠢᠭᠤᠨ ᠤ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠨᠠᠮ ‍ᠤᠨ ᠬᠣᠷᠢᠶ᠎ᠠ ᠶ᠋ᠢᠨ ᠱᠦᠵᠢ ᠂ ᠲᠣᠪᠴᠢᠶᠠᠨ ᠳᠠᠷᠤᠭ᠎ᠠ ᠵᠠᠩ ᠰᠢᠶᠠᠨ ᠫᠧᠩ ᠨᠡᠷ ᠹᠦᠰᠢᠨ ‍ᠤ ᠮᠣᠩᠭᠣᠯ ᠦᠨᠳᠦᠰᠦᠲᠡᠨ ‍ᠦ ᠥᠪᠡᠷᠲᠡᠭᠡᠨ ᠵᠠᠰᠠᠬᠤ ᠰᠢᠶᠠᠨ ᠳ᠋ᠤ ᠬᠦᠷᠴᠦ ᠬᠠᠷ᠎ᠠ ᠬᠠᠷᠭᠢᠰ ᠬᠦᠴᠦᠨ ‍ᠢ ᠠᠷᠢᠯᠭᠠᠬᠤ ᠠᠵᠢᠯ ‍ᠤᠨ ᠲᠡᠷᠢᠭᠦᠨ ‍ᠦ ᠲᠤᠷᠰᠢᠯᠭ᠎ᠠ ᠶ᠋ᠢ ᠰᠣᠷᠣᠯᠴᠠᠠᠠᠰᠠᠨ ᠪᠠᠶᠢᠨ᠎ᠠ ᠃
        ᠪᠠᠶᠢᠴᠠᠭᠠᠨ ᠰᠤᠷᠤᠯᠴᠠᠬᠤ ᠳᠤᠭᠤᠢᠯᠠᠩ ᠤᠷᠢᠳ ᠬᠣᠵᠢᠳ ᠰᠢᠶᠠᠨ ‍ᠤ ᠰᠤᠮᠤ ᠰᠢᠶᠠᠩ ᠪᠠᠯᠭᠠᠰᠤ ᠂ ᠲᠣᠪᠴᠢᠶ᠎ᠠ ᠶ᠋ᠢᠨ ᠪᠠᠶᠢᠭᠤᠯᠭ᠎ᠠ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠠᠯᠪᠠᠨ ᠭᠡᠷ ᠲᠦ ᠭᠦᠨᠵᠡᠭᠡᠶᠢᠷᠡᠵᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ‍ᠤᠨ ᠠᠵᠢᠯ ‍ᠤᠨ ᠪᠠᠶᠢᠳᠠᠯ ‍ᠢ ᠰᠣᠨᠣᠰᠴᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ‍ᠤᠨ ᠠᠵᠢᠯ ‍ᠤᠨ ᠲᠣᠭᠲᠠᠴᠠ ᠶ᠋ᠢᠨ ᠪᠠᠶᠢᠭᠣᠯᠣᠯᠳᠠ ᠪᠠ ᠰᠦᠪᠡᠭᠴᠢ ᠶ᠋ᠢ ᠢᠯᠭᠠᠨ ᠲᠣᠳᠣᠯᠠᠬᠤ ᠂ ᠰᠢᠶ᠋ᠳᠪᠦᠷᠢᠯᠡᠬᠦ ᠂ ᠳᠠᠩᠰᠠ ᠡᠪᠬᠡᠮᠡᠯ ᠳ᠋ᠦ ᠣᠷᠣᠭᠤᠯᠬᠤ ᠵᠢᠴᠢ ᠳᠠᠩᠰᠠ ᠡᠪᠬᠡᠮᠡᠯ ‍ᠢ ᠡᠮᠬᠢᠯᠡᠨ ᠲᠥᠷᠥᠯ ᠬᠤᠪᠢᠶᠠᠨ ᠬᠠᠮᠢᠶᠠᠷᠬᠤ ᠵᠡᠷᠭᠡ ᠠᠵᠢᠯ ‍ᠢ ᠨᠠᠷᠢᠨ ᠣᠶᠢᠯᠭᠠᠠᠠᠰᠠᠨ ᠪᠠᠶᠢᠨ᠎ᠠ ᠃
       ᠰᠠᠭᠣᠳᠠᠯ ‍ᠤᠨ ᠬᠤᠷᠠᠯ ᠳᠡᠭᠡᠷ᠎ᠡ ᠂ ᠹᠦᠰᠢᠨ ‍ᠤ ᠮᠣᠩᠭᠣᠯ ᠦᠨᠳᠦᠰᠦᠲᠡᠨ ‍ᠦ ᠥᠪᠡᠷᠲᠡᠭᠡᠨ ᠵᠠᠰᠠᠬᠤ ᠰᠢᠶᠠᠨ ᠡᠴᠠ ᠲᠥᠪ ‍ᠦᠨ ᠬᠢᠨᠠᠨ ᠵᠢᠯᠣᠭᠣᠳᠬᠤ ᠶᠠᠪᠤᠴᠠ ᠶ᠋ᠢᠨ ᠲᠤᠬᠠᠢ ᠲᠠᠨᠢᠯᠴᠠᠭᠤᠯᠵᠤ ᠂ ᠬᠤᠷᠠᠯ ᠳ᠋ᠤ ᠣᠷᠣᠯᠴᠠᠭᠰᠠᠨ ᠡᠯ᠎ᠡ ᠰᠠᠯᠠᠭ᠎ᠠ ᠮᠥᠴᠢᠷ ‍ᠦᠨ ᠬᠢᠨ ᠠᠵᠢᠯ ‍ᠤᠨ ᠲᠤᠷᠰᠢᠯᠭ᠎ᠠ ᠵᠢᠴᠢ ᠪᠠᠶᠢᠴᠠᠭᠠᠯᠲᠠ ᠶ᠋ᠢ ᠤᠭᠲᠤᠬᠤ ᠠᠩᠬᠠᠷᠬᠤ ᠵᠦᠢᠯ ‍ᠢ  ᠲᠠᠨᠢᠯᠴᠠᠭᠣᠯᠣᠡᠡᠰᠠᠨ ᠪᠠᠶᠢᠨ᠎ᠠ ᠃
        ᠸᠠᠩ ᠵᠧᠨ ᠴᠧᠩ ᠵᠢᠭᠠᠵᠤ  ᠭᠠᠷᠭᠠᠠᠠᠰᠠᠨ ᠨᠢ  ᠂ ᠰᠤᠷᠤᠯᠴᠠᠵᠤ ᠪᠠᠶᠢᠴᠠᠭᠠᠬᠣ ᠪᠠᠷ ᠳᠠᠮᠵᠢᠨ ᠂ ᠹᠦᠰᠢᠨ ‍ᠤ ᠮᠣᠩᠭᠣᠯ ᠦᠨᠳᠦᠰᠦᠲᠡᠨ ‍ᠦ ᠥᠪᠡᠷᠲᠡᠭᠡᠨ ᠵᠠᠰᠠᠬᠤ ᠰᠢᠶᠠᠨ ‍ᠤ ᠤᠯᠤᠰ ᠲᠥᠷᠥ ᠬᠠᠤᠯᠢ ᠴᠠᠭᠠᠵᠠ ᠶ᠋ᠢᠨ ᠰᠢᠰᠲ᠋ᠧᠮ ‍ᠦᠨᠠᠵᠢᠯ ᠨᠢ ᠮᠤᠵᠢ ᠪᠣᠯᠣᠨ ᠪᠥᠬᠥ ᠤᠯᠤᠰ ‍ᠤᠨ ᠡᠮᠦᠨ᠎ᠡ ᠡᠩᠨᠡᠭᠡᠨ ᠳ᠋ᠦ ᠶᠠᠪᠤᠵᠤ ᠂ ᠵᠢᠱᠢᠶᠡᠴᠢ ᠦᠢᠯᠡᠳᠦᠯ ᠪᠠ ᠰᠣᠷᠣᠯᠴᠠᠬᠣ ᠭᠢᠯᠠᠰ ᠴᠡᠭ ᠲᠡᠶ ᠪᠠᠶᠢᠵᠤ ᠂ ᠬᠠᠤᠯᠢ ᠪᠠᠷ ᠵᠠᠰᠠᠬᠤ ᠪᠠᠶᠢᠭᠣᠯᠣᠯᠳᠠ ᠶ᠋ᠢ ᠴᠢᠩᠭᠠᠳᠬᠠᠬᠤ ᠂  ᠨᠠᠶᠢᠭᠡᠮ ‍ᠦᠨ ᠵᠠᠰᠠᠯᠲᠠ ᠶ᠋ᠢᠨ ᠰᠢᠨ᠎ᠡ ᠶ᠋ᠢ ᠡᠭᠦᠳᠬᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠵᠡᠷᠭᠡ ᠠᠵᠢᠯ ‍ᠤᠨ ᠲᠠᠯ᠎ᠠ ᠪᠠᠷ ᠣᠯᠠᠨ ᠰᠠᠶᠢᠨ ᠲᠤᠷᠰᠢᠯᠭ᠎ᠠ ᠪᠠ ᠠᠷᠭ᠎ᠠ ᠠᠪᠴᠠᠯ ᠲᠡᠶ ᠪᠠᠶᠢᠵᠤ ᠂ ᠪᠢᠳᠡᠨ ᠳ᠋ᠦ ᠴᠢᠩᠭ᠎ᠠ ᠯᠠᠪᠯᠠᠯᠲᠠ ᠪᠣᠯᠭᠠᠬᠤ ᠠᠴᠢ ᠬᠣᠯᠪᠣᠭᠳᠠᠯ ᠪᠠ ᠵᠢᠯᠣᠭᠣᠳᠬᠤ ᠠᠴᠢ ᠬᠣᠯᠪᠣᠭᠳᠠᠯ ᠲᠠᠶ ᠪᠠᠶᠢᠵᠣ ᠂ ᠪᠢᠳ᠋ᠨ ᠰᠣᠷᠣᠯᠴᠠᠬᠣ ᠯᠠᠪᠯᠠᠯᠲᠠ ᠪᠣᠯᠭᠠᠬᠤ ᠪᠠ ᠬᠦᠴᠣᠯᠡᠨ ᠲᠡᠯᠭᠡᠷᠡᠭᠦᠯᠬᠦ ᠬᠡᠷᠡᠭᠳᠡᠢ ᠭᠡᠵᠡᠢ ᠃
       ᠸᠠᠩ ᠵᠧᠨ ᠴᠧᠩ ᠢᠯᠡᠳᠭᠡᠭᠰᠡᠨ ᠨᠢ ᠂ ᠮᠠᠨ ‍ᠤ ᠬᠣᠰᠢᠭᠤ ᠲᠤᠰ ᠤᠳᠠᠭᠠᠨ ‍ᠤ ᠪᠠᠶᠢᠴᠠᠭᠠᠨ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ ᠂ ᠰᠠᠶᠢᠨ ᠲᠤᠷᠰᠢᠯᠭ᠎ᠠ ᠂ ᠰᠠᠶᠢᠨ ᠠᠷᠭ᠎ᠠ ᠂ ᠰᠠᠶᠢᠨ ᠠᠵᠢᠯ ‍ᠤᠨ ᠵᠠᠭᠪᠤᠷ ‍ᠢ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ ᠂ ᠥᠪᠡᠷ ‍ᠦᠨ ᠠᠵᠢᠯ ‍ᠤᠨ ᠪᠣᠳᠠᠲᠤ ᠪᠠᠶᠢᠳᠠᠯ ᠲᠠᠢ ᠪᠡᠨ ᠤᠯᠠᠮ ᠨᠢᠭᠡ ᠠᠯᠬᠤᠮ ᠤᠶᠠᠯᠳᠤᠭᠤᠯᠤᠨ ᠂ ᠹᠦᠰᠢᠨ ‍ᠤ ᠮᠣᠩᠭᠣᠯ ᠦᠨᠳᠦᠰᠦᠲᠡᠨ ‍ᠦ ᠥᠪᠡᠷᠲᠡᠭᠡᠨ ᠵᠠᠰᠠᠬᠤ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠵᠡᠷᠭᠡ ᠲᠠᠯ᠎ᠠ ᠶ᠋ᠢᠨ ᠲᠡᠷᠢᠭᠦᠨ ‍ᠦ ᠲᠤᠷᠰᠢᠯᠭ᠎ᠠ ᠶ᠋ᠢ ᠦᠨᠡᠡᠬᠦ ᠰᠤᠷᠴᠤ ᠡᠵᠡᠮᠰᠢᠨ ᠰᠠᠶᠢᠲᠤᠷ ᠬᠡᠷᠡᠭᠯᠡᠵᠦ ᠂ ᠨᠠᠢᠮᠠᠨ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ  ‍ᠤᠨ ᠠᠵᠢᠯ ᠳ᠋ᠤ ᠰᠢᠨ᠎ᠡ ᠰᠢᠪᠲᠤᠯᠤᠯᠲᠠ ᠭᠠᠷᠭᠠᠵᠤ ᠂ ᠰᠢᠨ᠎ᠡ ᠦᠷ᠎ᠡ ᠪᠦᠲᠦᠭᠡᠯ ᠭᠠᠷᠭᠠᠬᠤ ᠶ᠋ᠢ ᠳᠠᠶᠢᠴᠢᠯᠠᠬᠣ ᠪᠣᠯᠣᠨ᠎ᠠ ᠭᠡᠵᠡᠶ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ