ᠬᠣᠲᠠ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠬᠣᠶᠠᠳᠤᠭᠠᠷ ᠬᠢᠨᠠᠨ ᠵᠢᠯᠣᠭᠣᠳᠬᠤ ᠳᠤᠭᠤᠢᠯᠠᠩ ᠮᠠᠨ ‍ᠤ ᠬᠣᠰᠢᠭᠤᠨ ‍ᠤ ᠲᠤᠰᠬᠠᠶ ᠲᠡᠮᠡᠴᠡᠯ ᠥᠷᠨᠢᠭᠦᠯᠦᠭᠰᠡᠨ ᠪᠠᠶᠢᠳᠠᠯ ‍ᠢ ᠬᠢᠨᠠᠨ ᠪᠠᠶᠢᠴᠠᠭᠠᠭᠰᠠᠨ

ᠣᠩᠰᠢᠭᠰᠠᠨ ᠤᠳᠠᠭ᠎ᠠ ᠄ 351     ᠨᠡᠶᠢᠳᠡᠯᠡᠭᠰᠡᠨ ᠴᠠᠭ ᠄ 2019/6/10 14:39:03

      ᠣᠶᠢᠷ᠎ᠠ ᠶ᠋ᠢᠨ ᠡᠳᠦᠷ ᠂ ᠬᠣᠲᠠ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠬᠣᠶᠠᠳᠤᠭᠠᠷ ᠬᠢᠨᠠᠨ ᠵᠢᠯᠣᠭᠣᠳᠬᠤ ᠳᠤᠭᠤᠢᠯᠠᠩ ᠮᠠᠨ ‍ᠤ ᠬᠣᠰᠢᠭᠤᠨ ‍ᠤ ᠲᠤᠰᠬᠠᠶ ᠲᠡᠮᠡᠴᠡᠯ ᠥᠷᠨᠢᠭᠦᠯᠦᠭᠰᠡᠨ ᠪᠠᠶᠢᠳᠠᠯ ‍ᠢ ᠬᠢᠨᠠᠨ ᠪᠠᠶᠢᠴᠠᠭᠠᠵᠣ ᠂ ᠬᠢᠨᠠᠨ ᠵᠢᠯᠣᠭᠣᠳᠬᠤ ᠳᠤᠭᠤᠢᠯᠠᠩ ᠤᠷᠢᠳ ᠬᠣᠵᠢᠳ ᠪᠠᠶᠢᠰᠢᠩᠳᠣ ᠪᠠᠯᠭᠠᠰᠤ ᠂ ᡁᠢ ᠠᠨ ᠪᠠᠯᠭᠠᠰᠤ ᠂ ᠪᠠᠶᠠᠨᠲᠠᠯ᠎ᠠ ᠰᠣᠮᠣ ᠂ ᠳᠠᠴᠢᠨᠳᠠᠯ᠎ᠠ ᠪᠠᠯᠭᠠᠰᠤ ᠂ ᠵᠡᠭᠡᠯᠢ ᠭᠤᠳᠤᠮᠵᠢ ᠪᠣᠯᠤᠨ ᠵᠸᠨ ᠰᠢᠩ ᠨᠡᠶᠢᠬᠡᠮ ᠲᠣᠭᠣᠷᠢᠭ ᠵᠡᠷᠭᠡ ᠭᠠᠵᠠᠷ ᠭᠦᠨᠵᠡᠭᠡᠶᠢᠷᠡᠨ ᠲᠤᠬᠠᠢ ‍ᠢᠢᠨ ᠭᠠᠵᠠᠷ ᠲᠣ ᠬᠢᠨᠠᠨ ᠪᠠᠶᠢᠴᠠᠭᠠᠬᠣ ᠶ᠋ᠢᠨ ᠬᠠᠮᠳᠣ ᠬᠢᠨᠠᠨ ᠵᠢᠯᠣᠭᠣᠳᠬᠤ ᠠᠵᠢᠯ ‍ᠤᠨ ᠬᠠᠷᠢᠭᠤ ᠮᠡᠳᠡᠭᠦᠯᠦᠯᠲᠡ ᠶ᠋ᠢᠨ ᠬᠤᠷᠠᠯ ᠬᠣᠷᠠᠯᠳᠣᠭᠣᠯᠣᠭᠰᠠᠨ ᠪᠠᠶᠢᠨ᠎ᠠ ᠃
       ᠲᠦᠩᠯᠢᠶᠣᠤ ᠬᠣᠲᠠ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠬᠣᠶᠠᠳᠤᠭᠠᠷ ᠬᠢᠨᠠᠨ ᠵᠢᠯᠣᠭᠣᠳᠬᠤ ᠳᠤᠭᠤᠢᠯᠠᠩ ‍ᠤᠨ ᠳᠠᠷᠤᠭ᠎ᠠ ᠂ ᠬᠣᠲᠠ ᠶ᠋ᠢᠨ ᠰᠠᠬᠢᠯᠭ᠎ᠠ ᠪᠠᠲᠤ ᠪᠠᠶᠢᠴᠠᠭᠠᠬᠣ ᠬᠣᠷᠢᠶ᠎ᠠ ᠶ᠋ᠢᠨ ᠬᠢᠨᠠᠨ ᠪᠠᠶᠢᠴᠠᠭᠠᠬᠣ ᠵᠥᠪᠯᠡᠯ ‍ᠦᠨ ᠪᠠᠶᠢᠩᠭᠤ ᠶ᠋ᠢᠨ ᠭᠡᠰᠢᠭᠦᠨ ᠵᠣᠣ ᠶᠦᠩ ᠵᠢᠶᠠᠩ ᠂ ᠳᠡᠳ᠋ ᠳᠣᠭᠣᠶᠢᠯᠠᠩ ‍ᠤᠨ ᠳᠠᠷᠤᠭ᠎ᠠ ᠂ ᠬᠣᠲᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ ᠬᠠᠤᠯᠢ ᠬᠡᠷᠡᠭᠵᠢᠬᠦᠯᠦᠯᠳᠡ ᠶ᠋ᠢ ᠬᠢᠨᠠᠨ ᠪᠠᠶᠢᠴᠠᠭᠠᠬᠣ ᠲᠠᠰᠤᠭ ‍ᠤᠨ ᠡᠷᠬᠢᠯᠡᠭᠴᠢ ᠪᠣᠣ ᠢᠦᠢ ᠯᠢᠨ ᠂ ᠬᠣᠲᠠ ᠶ᠋ᠢᠨ ᠰᠢᠭᠦᠬᠦ ᠬᠣᠷᠢᠶ᠎ᠠ ᠶ᠋ᠢᠨ ᠡᠷᠡᠭᠦᠦ ᠶ᠋ᠢᠨ ᠬᠡᠷᠡᠭ ‍ᠦᠨ ᠨᠢᠭᠡᠳᠦᠭᠡᠷ ᠲᠢᠩᠬᠢᠮ ‍ᠤᠨ ᠳᠡᠳ᠋ ᠳᠠᠷᠤᠭ᠎ᠠ ᠪᠠᠶᠠᠷ ᠵᠡᠷᠭᠡ ᠬᠢᠨᠠᠨ ᠪᠠᠢᠴᠠᠭᠠᠬᠤ ᠳᠤᠭᠤᠢᠯᠠᠩ ‍ᠤᠨ ᠨᠥᠬᠥᠳ ᠬᠠᠷᠢᠭᠤ ᠮᠡᠳᠡᠭᠦᠯᠦᠯᠲᠡ ᠶ᠋ᠢᠨ ᠬᠤᠷᠠᠯ ᠳ᠋ᠤ ᠰᠠᠭᠠᠳᠠᠵᠣ ᠂ ᠬᠣᠰᠢᠭᠣᠨ ᠤ ᠨᠠᠮ ‍ᠤᠨ ᠬᠣᠷᠢᠶ᠎ᠠ ᠶ᠋ᠢᠨ ᠪᠠᠶᠢᠩᠭᠤ ᠶ᠋ᠢᠨ ᠭᠡᠰᠢᠭᠦᠨ ᠂ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ ᠱᠦᠵᠢ ᠸᠠᠩ ᠵᠧᠨ ᠴᠧᠩ ᠬᠤᠷᠠᠯ ‍ᠢ ᠡᠷᠬᠢᠯᠡᠬᠦ ᠶ᠋ᠢᠨ ᠬᠠᠮᠳᠣ ᠶᠠᠷᠢᠶ᠎ᠠ ᠳᠠᠯᠪᠢᠵᠣ ᠂ ᠬᠣᠰᠢᠭᠣᠨ ᠤ ᠨᠠᠮ ‍ᠤᠨ ᠬᠣᠷᠢᠶ᠎ᠠ ᠶ᠋ᠢᠨ ᠪᠠᠶᠢᠩᠭᠤ ᠶ᠋ᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠣ ᠬᠣᠷᠢᠶ᠎ᠠ ᠶ᠋ᠢᠨ ᠱᠦᠵᠢ ᠶᠠᠩ ᠹᠦ᠋ ᠰᠢᠩ ᠂ ᠬᠣᠰᠢᠭᠤᠨ ‍ᠤ ᠠᠷᠠᠳ ‍ᠤᠨ ᠰᠢᠭᠦᠬᠦ ᠬᠣᠷᠢᠶ᠎ᠠ ᠶ᠋ᠢᠨ ᠳᠠᠷᠤᠭ᠎ᠠ ᠪᠠᠲᠤ ᠂ ᠬᠣᠰᠢᠭᠤᠨ ‍ᠤ ᠠᠷᠠᠳ ‍ᠤᠨ ᠪᠠᠶᠢᠴᠠᠭᠠᠬᠣ ᠬᠣᠷᠢᠶ᠎ᠠ ᠶ᠋ᠢᠨ ᠳᠠᠷᠤᠭ᠎ᠠ ᠼᠦᠢ ᠯᠢᠨ ᠬᠠᠷᠢᠭᠤ ᠮᠡᠳᠡᠭᠦᠯᠦᠯᠲᠡ ᠶ᠋ᠢᠨ ᠬᠤᠷᠠᠯ ᠳ᠋ᠤ ᠣᠷᠣᠯᠴᠠᠪᠠ ᠃
      ᠬᠤᠷᠠᠯ ᠳᠡᠭᠡᠷ᠎ᠡ ᠂ ᠸᠠᠩ ᠵᠧᠨ ᠴᠧᠩ ᠮᠠᠨ ‍ᠤ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ‍ᠤᠨ ᠪᠠᠶᠢᠳᠠᠯ ‍ᠤᠨ ᠲᠤᠬᠠᠢ ᠬᠠᠷᠢᠭᠤ ᠮᠡᠳᠡᠭᠦᠯᠦᠯᠲᠡ ᠬᠢᠵᠦ ᠂ ᠲᠤᠰ ᠡᠳᠦᠷ ‍ᠦᠨ ᠦᠳᠡ ᠶ᠋ᠢᠨ ᠡᠮᠦᠨ᠎ᠡ ᠪᠠᠶᠢᠴᠠᠭᠠᠨ ᠦᠵᠡᠭᠰᠡᠨ ᠪᠠᠶᠢᠰᠢᠩᠳᠣ ᠪᠠᠯᠭᠠᠰᠤ ᠂ ᡁᠢ ᠠᠨ ᠪᠠᠯᠭᠠᠰᠤ ᠂ ᠪᠠᠶᠠᠨᠲᠠᠯ᠎ᠠ ᠰᠣᠮᠣ ᠂ ᠳᠠᠴᠢᠨᠳᠠᠯ᠎ᠠ ᠪᠠᠯᠭᠠᠰᠤ ᠂ ᠵᠡᠭᠡᠯᠢ ᠭᠤᠳᠤᠮᠵᠢ ᠪᠣᠯᠤᠨ ᠵᠸᠨ ᠰᠢᠩ ᠨᠡᠢᠭᠡᠮ ᠲᠣᠭᠣᠷᠢᠭ ᠵᠡᠷᠭᠡ ᠭᠠᠵᠠᠷ ᠣᠷᠣᠨ ᠳ᠋ᠤ ᠬᠢᠨᠠᠨ ᠪᠠᠶᠢᠴᠠᠭᠠᠵᠤ ᠬᠠᠷᠢᠭᠤ ᠲᠤᠰᠬᠠᠪᠠ ᠃ ᠬᠢᠨᠠᠨ ᠵᠢᠯᠣᠭᠣᠳᠬᠤ ᠳᠤᠭᠤᠢᠯᠠᠩ ᠮᠠᠨ ‍ᠤ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ‍ᠤᠨ ᠳᠤᠮᠳᠠᠬᠢ ᠠᠰᠠᠭᠤᠳᠠᠯ ‍ᠢ ᠦᠨᠡᠨ ᠡᠴᠡ ᠵᠥᠪ ‍ᠢ ᠡᠷᠢᠵᠦ ᠂ ᠪᠤᠰᠤᠳᠴᠢ ᠪᠠᠷ ᠵᠥᠪ ᠣᠨᠣᠪᠴᠢᠲᠠᠢ ᠵᠢᠭᠠᠨ ᠭᠠᠷᠭᠠᠵᠤ ᠂ ᠮᠠᠰᠢ ᠰᠠᠶᠢᠨ ᠵᠢᠯᠣᠭᠣᠳᠬᠤ ᠰᠠᠨᠠᠯ ᠳᠤᠷᠠᠳᠴᠤ ᠂ ᠮᠠᠨ ‍ᠤ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ‍ᠢ ᠠᠯᠬᠤᠮ ᠠᠯᠬᠤᠮ ᠢᠶᠠᠷ ᠥᠷᠨᠢᠭᠦᠯᠬᠦ ᠳ᠋ᠦ ᠴᠢᠭᠯᠡᠯ ‍ᠢ ᠲᠣᠳᠣᠷᠬᠠᠢ ᠵᠢᠭᠠᠵᠤ ᠂ ᠭᠣᠣᠯᠳᠠᠯᠭ᠎ᠠ ᠶ᠋ᠢ ᠲᠣᠭᠲᠠᠭᠠᠵᠤ ᠥᠭᠴᠡᠢ ᠃  
       ᠸᠠᠩ ᠵᠧᠨ ᠴᠧᠩ ᠳ᠋ᠦᠩᠨᠡᠯᠲᠡ ᠶ᠋ᠢᠨ ᠶᠠᠷᠢᠶᠠᠨ ᠳ᠋ᠠᠭᠠᠨ ᠵᠢᠭᠠᠵᠣ ᠭᠠᠷᠭᠠᠭᠰᠠᠨ ᠨᠢ ᠂ ᠮᠠᠨ ‍ᠤ ᠬᠣᠰᠢᠭᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ‍ᠢ ᠭᠦᠨᠵᠡᠭᠡᠶ ᠥᠷᠨᠢᠭᠦᠯᠬᠦ ᠳᠤᠮᠳᠠ ᠪᠠᠰᠠ ᠡᠳᠦᠶ ᠲᠡᠳᠦᠶ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ ᠬᠡᠵᠡᠢ ᠃ ᠲᠡᠷᠡ ᠴᠢᠩᠭᠠᠳᠬᠠᠭᠰᠠᠨ ᠨᠢ ᠂ ᠪᠦᠬᠦ ᠬᠣᠰᠢᠭᠣ ᠪᠠᠷ ᠢᠶᠡᠨ 《 ᠨᠢᠭᠡ ᠵᠢᠯ ᠳ᠋ᠦ ᠴᠣᠬᠢᠯᠲᠠ ᠥᠭᠴᠦ ᠬᠣᠷᠢᠭᠯᠠᠬᠤ ᠂ ᠬᠣᠶᠠᠷ ᠵᠢᠯ ᠳ᠋ᠦ ᠭᠦᠨ ᠰᠦᠪᠡᠭᠴᠢᠯᠡᠵᠦ ᠦᠨᠳᠦᠰᠦ ᠵᠢ ᠨᠢ ᠵᠠᠰᠠᠬᠤ ᠂ ᠭᠤᠷᠪᠠᠨ ᠵᠢᠯ ᠳ᠋ᠦ ᠤᠷᠳᠤ ᠬᠤᠭᠤᠴᠠᠭ᠎ᠠ ᠪᠠᠷ ᠵᠠᠰᠠᠬᠤ 》 ᠬᠠᠷᠠᠯᠲᠠ ᠱᠠᠭᠠᠷᠳᠠᠯᠭ᠎ᠠ ᠲᠠᠶ ᠨᠢᠭᠲᠠ ᠤᠶᠠᠯᠳᠤᠭᠤᠯᠵᠤ ᠂ ᠦᠷᠭᠦᠯᠵᠢᠯᠡᠨ ᠨᠢᠭᠲᠠ ᠴᠢᠩᠭ᠎ᠠ ᠵᠣᠬᠢᠶᠠᠨ ᠪᠠᠶᠢᠭᠣᠯᠵᠣ ᠂ ᠠᠵᠢᠯ ‍ᠤᠨ ᠡᠷᠴᠢᠮ ‍ᠢᠶ᠋ᠡᠨ ᠴᠢᠩᠭᠠᠷᠠᠭᠤᠯᠬᠤ ᠬᠡᠷᠡᠭᠲᠡᠢ ᠃ ᠭᠣᠣᠯᠳᠠᠯᠭ᠎ᠠ ᠲᠠᠢ ᠣᠷᠣᠨ ᠪᠦᠰᠡ ᠂ ᠠᠵᠢᠯ ᠲᠥᠷᠥᠯ ᠪᠣᠯᠤᠨ ᠬᠦᠷᠢᠶᠡᠨ ᠳ᠋ᠦ ᠠᠩᠬᠠᠷᠤᠯ ᠢᠶᠡᠨ ᠲᠥᠪᠯᠡᠷᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ᠳ᠋ᠦ ᠬᠣᠯᠪᠣᠭᠳᠠᠭᠰᠠᠨ ᠰᠦᠪᠡᠭᠴᠢ ᠶ᠋ᠢ ᠭᠦᠨᠵᠡᠭᠡᠢ ᠰᠦᠪᠡᠭᠴᠢᠯᠡᠵᠦ ᠨᠠᠷᠢᠨ ᠪᠠᠶᠢᠴᠠᠭᠠᠬᠣ ᠬᠡᠷᠡᠭᠲᠡᠢ ᠃ 《 ᠨᠢᠭᠡ ᠬᠡᠷᠡᠭ ‍ᠢ ᠭᠣᠷᠪᠠᠨᠳᠠ ᠪᠠᠶᠢᠴᠠᠭᠠᠬᠣ 》 ᠱᠠᠭᠠᠷᠳᠠᠯᠭ᠎ᠠ ᠶ᠋ᠢ ᠴᠢᠩᠭ᠎ᠠ ᠨᠠᠶᠢᠳᠠᠪᠣᠷᠢᠵᠢᠭᠣᠯᠣᠨ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ 《 ᠦᠨᠳᠦᠰᠦ ᠪᠡᠷ ᠨᠢ ᠬᠠᠶᠠᠬᠤ 》 ᠬᠡᠷᠡᠭᠲᠡᠢ ᠃ ᠪᠦᠷᠢᠯᠳᠦᠬᠦᠨ ᠨᠢᠭᠡᠴᠡ ᠶ᠋ᠢᠨ ᠬᠣᠭᠣᠷᠣᠨᠳᠣᠬᠢ ᠠᠵᠢᠯ ‍ᠤᠨ ᠬᠠᠮᠵᠢᠯᠴᠠᠭ᠎ᠠ ᠶ᠋ᠢ ᠴᠢᠩᠭᠠᠳᠬᠠᠵᠤ ᠂ ᠲᠤᠰᠬᠠᠢ ᠲᠡᠮᠡᠴᠡᠯ ‍ᠤᠨ ᠰᠠᠨᠠᠭᠠᠴᠢᠯᠠᠭᠠᠲᠤ ᠳᠠᠶᠢᠯᠠᠯᠳᠤᠭᠠᠨ ᠂ ᠪᠦᠬᠦᠯᠢ ᠴᠣᠭᠴᠠ ᠶ᠋ᠢᠨ ᠳᠠᠶᠢᠯᠠᠯᠳᠤᠭᠠᠨ ‍ᠢ ᠰᠠᠶᠢᠲᠤᠷ ᠬᠢᠬᠦ ᠬᠡᠷᠡᠭᠲᠡᠢ ᠃ ᠡᠬᠢ ᠡᠭᠦᠰᠦᠯ ᠡᠴᠡ ᠨᠢ ᠬᠠᠮᠢᠶᠠᠷᠤᠨ ᠡᠵᠡᠮᠳᠡᠬᠦ ᠶ᠋ᠢ ᠴᠢᠩᠭᠠᠳᠬᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠪᠣᠯᠤᠨ ᠠᠮᠤᠷ ᠳᠠᠶᠢᠪᠣᠩ ‍ᠤᠨ ᠪᠠᠢᠭᠤᠯᠤᠯᠲᠠ ᠶ᠋ᠢ ᠤᠶᠠᠯᠳᠤᠭᠤᠯᠵᠤ ᠂ ᠨᠡᠶᠢᠬᠡᠮ ‍ᠦᠨ ᠵᠠᠰᠠᠯᠲᠠ ᠶ᠋ᠢᠨ ᠲᠦᠪᠰᠢᠨ ‍ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠯ᠎ᠡ ᠃
       ᠰᠤᠷᠪᠤᠯᠵᠢᠯᠠᠭᠴᠢ ᠬᠤᠷᠠᠯ ᠡᠴᠠ ᠣᠶᠢᠯᠠᠭᠠᠭᠰᠠᠨ ᠨᠢ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ‍ᠢ ᠥᠷᠨᠢᠭᠦᠯᠦᠭᠰᠡᠨ ᠡᠴᠡ ᠨᠠᠰᠢ ᠂ ᠮᠠᠨ ‍ᠤ ᠬᠣᠰᠢᠭᠤ ᠬᠠᠷ᠎ᠠ ᠪᠦᠯᠦᠭᠳᠡᠨ ᠤ ᠴᠢᠨᠠᠷᠲᠠᠶ 1 ᠵᠣᠬᠢᠶᠠᠨ ᠪᠠᠶᠢᠭᠣᠯᠣᠯᠳᠠ ᠂ ᠬᠠᠷᠭᠢᠰ ᠬᠦᠴᠦᠨ ᠳ᠋ᠦ ᠬᠣᠯᠪᠣᠭᠳᠠᠭᠰᠠᠨ 11 ᠪᠦᠯᠬᠦᠮ ‍ᠢ ᠡᠪᠳᠡᠭᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ