ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠵᠢᠴᠢ ᠬᠣᠰᠢᠭᠤᠨ ‍ᠤ 《 ᠫᠤᠤ ᠵᠡᠪᠰᠡᠭ ᠳᠡᠯᠪᠡᠷᠡᠬᠦ ᠡᠳ᠋ ‍ᠢ ᠠᠷᠢᠯᠭᠠᠬᠤ 》 ᠲᠤᠰᠬᠠᠶ ᠠᠵᠢᠯᠯᠠᠭ᠎ᠠ ᠶ᠋ᠢᠨ ᠤᠬᠠᠭᠤᠯᠭ᠎ᠠ ᠶ᠋ᠢᠨ ᠭᠠᠷᠠᠭ ᠡᠬᠢᠯᠡᠭᠰᠡᠨ

ᠣᠩᠰᠢᠭᠰᠠᠨ ᠤᠳᠠᠭ᠎ᠠ ᠄ 372     ᠨᠡᠶᠢᠳᠡᠯᠡᠭᠰᠡᠨ ᠴᠠᠭ ᠄ 2019/6/11 16:02:34


     ᠰᠢ ᠶ᠋ᠢᠨ ᠫᠢᠩ ᠶᠡᠷᠦᠩᠬᠡᠢ ᠱᠦᠵᠢ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠴᠢᠬᠤᠯᠠ ᠶᠠᠷᠢᠶ᠎ᠠ ᠂ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠣᠯᠵᠣ ᠂ ᠴᠡᠷᠢᠭ ᠤᠨ ᠣᠮᠣᠭ ᠰᠦᠷ ‍ᠢ ᠤᠯᠠᠮ ᠴᠢᠨᠠᠭᠰᠢᠳᠠ ᠬᠥᠭᠵᠢᠭᠡᠵᠦ ᠂ ᠳᠠᠭᠠᠷᠢᠯᠲᠠ ᠶ᠋ᠢ ᠴᠢᠩᠭᠠᠳᠬᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶ᠋ᠢ ᠠᠬᠢᠭᠤᠯᠬᠤ ᠶ᠋ᠢᠨ ᠲᠥᠯᠥᠭᠡ 6 ᠰᠠᠷ᠎ᠠ ᠶ᠋ᠢᠨ 10 ‍ᠤ ᠡᠳᠦᠷ ᠂  ᠬᠣᠰᠢᠭᠣᠨ ᠤ ᠪᠡᠶ᠎ᠡ ᠶ᠋ᠢᠨ ᠲᠠᠮᠢᠷ ‍ᠤᠨ ᠲᠠᠯᠠᠪᠠᠢ ᠳ᠋ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠵᠢᠴᠢ ᠬᠣᠰᠢᠭᠤᠨ ‍ᠤ 《 ᠫᠤᠤ ᠵᠡᠪᠰᠡᠭ ᠳᠡᠯᠪᠡᠷᠡᠬᠦ ᠡᠳ᠋ ‍ᠢ ᠠᠷᠢᠯᠭᠠᠬᠤ 》 ᠲᠤᠰᠬᠠᠶ ᠠᠵᠢᠯᠯᠠᠭ᠎ᠠ ᠶ᠋ᠢᠨ ᠤᠬᠠᠭᠤᠯᠭ᠎ᠠ ᠶ᠋ᠢᠨ ᠭᠠᠷᠠᠭ ‍ᠤᠨ ᠡᠬᠢᠯᠡᠯᠲᠡ ᠶ᠋ᠢᠨ ᠶᠣᠰᠣᠯᠠᠯ ᠶᠠᠪᠤᠭᠤᠯᠪᠠ ᠃

    ᠬᠣᠰᠢᠭᠤᠨ ‍ᠤ ᠤᠳᠤᠷᠢᠳᠤᠯᠭ᠎ᠠ ᠵᠠᠩ ᠬᠤᠸᠠ ᠂ ᠡᠦ ᡁᠢ ᠴᠢᠶᠠᠩ ᠂ ᠭᠦᠸᠧ ᠶᠦᠩ ᠂ ᠸᠠᠩ ᠵᠧᠨ ᠴᠧᠩ ᠂ ᠱᠢ ᠮᠢᠩ ᠰᠢᠶᠠᠨ ᠂ ᠪᠦᠦ ᠯᠢᠶᠠᠨ ᠱᠠᠨ ᠂ ᠴᠢᠦ ᠵᠢᠶᠦ᠋ᠨ ᠂ ᠸᠠᠩ ᠯᠢ ᠴᠢᠶᠠᠩ ᠂ ᠵᠠᠩ ᠰᠢᠶᠠᠨ ᠫᠸᠩ ᠂ ᠯᠢ ᠸᠠᠨ ᠢᠦ᠋ᠢ ᠂ ᠪᠠᠲᠤ ᠂ ᠼᠦᠢ  ᠯᠢᠨ ᠂ ᠡᠯ᠎ᠡ ᠰᠤᠮᠤ ᠰᠢᠶᠠᠩ ᠪᠠᠯᠭᠠᠰᠤ ᠶ᠋ᠢᠨ ᠵᠡᠭᠡᠯᠢ ᠭᠤᠳᠤᠮᠵᠢ ᠶ᠋ᠢᠨ ᠬᠠᠷᠢᠭᠤᠴᠠᠯᠭᠠᠲᠠᠨ ᠂ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠢᠯᠠᠩ ‍ᠤᠨ ᠭᠡᠰᠢᠭᠦᠨ ᠨᠢᠭᠡᠴᠡ ᠶ᠋ᠢᠨ ᠬᠠᠷᠢᠭᠤᠴᠠᠯᠭᠠᠲᠠᠨ ᠵᠢᠴᠢ ᠺᠠᠳ᠋ᠷ ᠠᠵᠢᠯᠲᠠᠨ ᠂ ᠬᠣᠰᠢᠭᠤᠨ ‍ᠤ ᠤᠯᠤᠰ ᠲᠥᠷᠥ ᠬᠠᠤᠯᠢ ᠴᠠᠭᠠᠵᠠ ᠶ᠋ᠢᠨ ᠡᠯ᠎ᠡ ᠰᠠᠯᠠᠭ᠎ᠠ ᠮᠥᠴᠢᠷ ‍ᠦᠨ ᠪᠠᠭ ‍ᠤᠨ ᠪᠦᠷᠢᠯᠳᠦᠬᠦᠨ ᠂ ᠵᠠᠩᠭᠢᠯᠠᠭ᠎ᠠ ᠶ᠋ᠢᠨ ᠺᠠᠳ᠋ᠷ ᠂ ᠤᠯᠤᠰ ᠲᠥᠷᠥ ᠬᠠᠤᠯᠢ ᠴᠠᠭᠠᠵᠠ ᠶ᠋ᠢᠨ ᠺᠠᠳ᠋ᠷ ᠴᠠᠭᠳᠠᠭ᠎ᠠ ᠶ᠋ᠢᠨ ᠲᠥᠯᠥᠭᠡᠯᠡᠭᠴᠢ ᠪᠣᠯᠤᠨ ᠺᠠᠳ᠋ᠷ ᠤᠯᠠᠨ ᠲᠦᠮᠡᠨ ‍ᠦ ᠲᠥᠯᠥᠭᠡᠯᠡᠭᠴᠢ ᠵᠡᠷᠭᠡ 500 ᠰᠢᠬᠠᠮ ᠬᠥᠮᠥᠨ ᠠᠵᠢᠯᠯᠠᠭ᠎ᠠ ᠳ᠋ᠤ ᠣᠷᠣᠯᠴᠠᠵᠤ ᠂ ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠤᠬᠠᠭᠤᠯᠭ᠎ᠠ ᠶ᠋ᠢᠨ ᠭᠠᠷᠠᠭ ‍ᠤᠨ ᠠᠵᠢᠯᠯᠠᠭ᠎ᠠ ᠡᠬᠢᠯᠡᠭᠰᠡᠨ ‍ᠢ ᠵᠠᠷᠯᠠᠪᠠ ᠃

    ᠬᠣᠰᠢᠭᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ ᠱᠦᠵᠢ ᠸᠠᠩ ᠵᠧᠨ ᠴᠧᠩ ᠡᠬᠢᠯᠡᠯᠲᠡ ᠶ᠋ᠢᠨ ᠶᠣᠰᠣᠯᠠᠯ ‍ᠢ ᠡᠷᠭᠢᠯᠡᠭᠰᠡᠨ ᠪᠥᠭᠡᠳ  ᠬᠣᠰᠢᠭᠣᠨ ᠤ ᠨᠠᠮ ‍ᠤᠨ ᠬᠣᠷᠢᠶ᠎ᠠ ᠂ ᠵᠠᠰᠠᠭ ᠤᠨ ᠣᠷᠳᠣᠨ ‍ᠢ ᠲᠥᠯᠥᠭᠡᠯᠡᠨ ᠳᠠᠶᠢᠴᠢᠯᠠᠯᠲᠠ ᠶ᠋ᠢᠨ ᠶᠠᠷᠢᠶ᠎ᠠ ᠲᠠᠯᠪᠢᠪᠠ ᠃ ᠬᠣᠰᠢᠭᠤᠨ ᠠᠷᠠᠳ ‍ᠤᠨ ᠵᠠᠰᠠᠭ  ᠤᠨ ᠣᠷᠳᠣᠨ ‍ᠤ ᠳᠡᠳ᠋ ᠳᠠᠷᠤᠭ᠎ᠠ ᠂ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ‍ᠤ ᠳᠠᠷᠤᠭ᠎ᠠ ᠵᠠᠩ ᠰᠢᠶᠠᠨ ᠫᠧᠩ ᠪᠥᠬᠥ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠵᠢᠴᠢ《 ᠫᠤᠤ ᠵᠡᠪᠰᠡᠭ ᠳᠡᠯᠪᠡᠷᠡᠬᠦ ᠡᠳ᠋ ‍ᠢ ᠠᠷᠢᠯᠭᠠᠬᠤ 》 ᠲᠤᠰᠬᠠᠶ ᠠᠵᠢᠯᠯᠠᠭ᠎ᠠ ᠶ᠋ᠢᠨ ᠦᠷ᠎ᠡ ᠳ᠋ᠦᠩ ‍ᠢ ᠮᠡᠳᠡᠭᠳᠡᠪᠡ ᠃

    ᠸᠠᠩ ᠵᠧᠨ ᠴᠧᠩ ᠵᠢᠭᠠᠵᠤ ᠭᠠᠷᠭᠠᠭᠰᠠᠨ ᠨᠢ ᠂ 2018 ᠣᠨ ᠡᠴᠠ ᠨᠠᠰᠢ ᠂ ᠲᠥᠪ ‍ᠦᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ ᠂ ᠨᠠᠢᠮᠠᠨ ᠬᠣᠰᠢᠭᠤ ᠬᠠᠷ᠎ᠠ ᠪᠠᠶᠢᠪᠠᠯ ᠵᠠᠪᠠᠯ ᠱᠦᠭᠦᠷᠳᠡᠨ ᠠᠷᠢᠯᠭᠠᠬᠤ ᠂ ᠮᠠᠭᠤ ᠪᠠᠶᠢᠪᠠᠯ ᠵᠠᠪᠠᠯ ᠠᠷᠢᠯᠭᠠᠬᠤ ᠂ ᠰᠢᠬᠦᠷ ᠪᠠᠶᠢᠪᠠᠯ ᠵᠠᠪᠠᠯ ᠴᠣᠬᠢᠬᠤ ᠂ ᠢᠯᠵᠠᠷᠠᠯ ᠪᠠᠶᠢᠪᠠᠯ ᠵᠠᠪᠠᠯ ᠡᠰᠡᠷᠭᠦᠴᠡᠬᠦ ᠂ ᠰᠠᠮᠠᠭᠤᠷᠠᠯ ᠪᠠᠶᠢᠪᠠᠯ ᠵᠠᠪᠠᠯ ᠵᠠᠰᠠᠬᠤ ᠶ᠋ᠢ ᠪᠠᠷᠢᠮᠲᠠᠯᠠᠵᠤ ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ᠳ᠋ᠦ ᠬᠣᠯᠪᠣᠭᠳᠠᠭᠰᠠᠨ ᠶᠠᠯᠠᠲᠤ ᠠᠵᠢᠯᠯᠠᠭ᠎ᠠ ᠶ᠋ᠢᠨ ᠰᠦᠪᠡᠭᠴᠢ ᠶ᠋ᠢ ᠬᠣᠷᠢᠶᠠᠨ ᠴᠤᠭᠯᠠᠭᠤᠯᠵᠤ ᠬᠢᠨᠠᠨ ᠪᠠᠶᠢᠴᠠᠭᠠᠪᠠ ᠃ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ‍ᠦ ᠶᠠᠯᠠᠲᠤ ᠬᠡᠷᠡᠭ ‍ᠢ ᠲᠠᠩᠨᠠᠨ ᠢᠯᠡᠷᠡᠭᠦᠯᠵᠦ ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ‍ᠦ ᠶᠠᠯᠠᠲᠤ ᠪᠦᠯᠦᠭ ᠨᠢ ᠰᠦᠢᠷᠡᠭᠦᠯᠵᠦ ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ‍ᠦ ᠬᠠᠤᠯᠢ ᠡᠴᠠ ᠵᠥᠷᠢᠴᠡᠭᠰᠡᠨ ᠶᠠᠯᠠᠲᠤ ᠡᠲᠡᠭᠡᠳ ‍ᠢ ᠴᠢᠩᠭ᠎ᠠ ᠵᠠᠯᠬᠠᠭᠠᠨ ᠰᠢᠢᠳᠬᠡᠵᠦ ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ‍ᠦ 《 ᠬᠠᠮᠠᠭᠠᠯᠠᠭᠴᠢ 》 ᠶ᠋ᠢ ᠭᠦᠨᠵᠡᠭᠡᠢ ᠠᠭᠤᠳᠠᠯᠵᠤ ᠲᠤᠢᠯᠪᠤᠷᠢᠲᠠᠢ ᠪᠠᠶᠢᠴᠠᠭᠠᠵᠤ ᠂ ᠪᠦᠬᠦ ᠬᠣᠰᠢᠭᠤᠨ ‍ᠤ ᠨᠡᠢᠭᠡᠮ ‍ᠦᠨ ᠠᠮᠤᠷ ᠲᠣᠭᠲᠠᠭᠤᠨ ᠢ ᠬᠦᠴᠦᠲᠡᠢ ᠬᠠᠮᠠᠭᠠᠯᠠᠪᠠ ᠃

    ᠸᠠᠩ ᠵᠧᠨ ᠴᠧᠩ ᠴᠢᠩᠭᠠᠳᠬᠠᠭᠰᠠᠨ ᠨᠢ ᠂ ᠭᠣᠣᠯᠳᠠᠯᠭ᠎ᠠ ᠲᠠᠢ ᠠᠵᠢᠯ ᠲᠥᠷᠥᠯ ᠂ ᠭᠣᠣᠯᠳᠠᠯᠭ᠎ᠠ ᠲᠠᠢ ᠬᠦᠷᠢᠶ᠎ᠡ ᠂ ᠭᠣᠣᠯᠳᠠᠯᠭ᠎ᠠ ᠲᠠᠢ ᠬᠡᠷᠡᠭ ᠲᠦ ᠠᠩᠬᠠᠷᠤᠯ ᠢᠶᠡᠨ ᠲᠥᠪᠯᠡᠷᠡᠭᠦᠯᠵᠦ ᠂ ᠮᠡᠳᠡᠭᠡ ᠵᠠᠩᠭᠢᠵᠢᠯᠲᠠ ᠶ᠋ᠢᠨ ᠠᠷᠭ᠎ᠠ ᠪᠠᠷᠢᠯ ᠪᠣᠯᠤᠨ ᠬᠥᠮᠦᠨ ‍ᠦ ᠬᠦᠴᠦᠨ ‍ᠦ ᠮᠡᠳᠡᠭᠡ ᠵᠠᠩᠭᠢ ᠶ᠋ᠢᠨ ᠠᠷᠭ᠎ᠠ ᠪᠠᠷᠢᠯ ‍ᠢ ᠶᠡᠷᠦᠩᠬᠡᠶᠢᠯᠡᠨ ᠬᠡᠷᠡᠭᠯᠡᠵᠦ ᠂ ᠭᠦᠨ ᠠᠭᠤᠳᠠᠯᠵᠤ ᠦᠨᠳᠦᠰᠦᠨ ᠡᠴᠡ ᠨᠢ ᠵᠠᠰᠠᠬᠤ ᠂ 《 ᠡᠳ᠋ ᠮᠥᠩᠭᠥᠨ ᠳ᠋ᠦ ᠰᠢᠨᠤᠵᠤ ᠴᠢᠰᠤ ᠤᠷᠤᠰᠬᠠᠬᠤ 》 ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ ᠃ ᠤᠯᠤᠰ ᠲᠥᠷᠥ ᠶ᠋ᠢᠨ ᠵᠣᠭᠰᠣᠴᠠ ᠳ᠋ᠤ ᠠᠩᠬᠠᠷᠤᠯ ᠢᠶᠡᠨ ᠲᠥᠪᠯᠡᠷᠡᠭᠦᠯᠵᠦ ᠂ ᠬᠠᠤᠯᠢ ᠶᠣᠰᠣᠭᠠᠷ ᠴᠢᠩᠭ᠎ᠠ ᠰᠢᠢᠳᠭᠡᠵᠣ ᠂ ᠶᠡᠷᠦᠩᠬᠡᠶᠢᠯᠡᠨ ᠵᠠᠰᠠᠵᠤ ᠂ ᠭᠦᠨᠵᠡᠭᠡᠢ ᠠᠭᠤᠳᠠᠯᠵᠤ ᠲᠤᠢᠯᠪᠤᠷᠢᠲᠠᠢ ᠪᠠᠶᠢᠴᠠᠭᠠᠵᠤ ᠂ ᠵᠣᠬᠢᠶᠠᠨ ᠪᠠᠶᠢᠭᠣᠯᠵᠣ ᠪᠦᠲᠦᠭᠡᠨ ᠪᠠᠶᠢᠭᠣᠯᠬᠣ ᠪᠠ ᠵᠣᠬᠢᠶᠠᠨ ᠪᠠᠶᠢᠭᠣᠯᠵᠣ ᠤᠳᠤᠷᠢᠳᠴᠤ ᠂ ᠴᠣᠬᠢᠬᠤ ᠶ᠋ᠢᠨ ᠳᠠᠭᠠᠤ ᠵᠠᠰᠠᠬᠤ ᠶ᠋ᠢᠨ ᠳᠠᠭᠠᠤ ᠪᠠᠶᠢᠭᠣᠯᠵᠣ ᠂ ᠨᠢᠭᠡ ᠪᠦᠯᠦᠭ ᠰᠢᠢᠳᠪᠦᠷᠢᠯᠡᠬᠦ ᠳ᠋ᠦ ᠬᠦᠴᠢᠷᠲᠡᠢ ᠬᠡᠷᠡᠭ ‍ᠢ ᠰᠢᠪᠲᠤᠯᠵᠤ ᠂ ᠨᠢᠭᠡ ᠪᠦᠯᠦᠭ ᠨᠢᠭᠤᠨ ᠳᠠᠯᠳᠠᠯᠠᠵᠤ ᠪᠠᠶᠢᠭ᠎ᠠ ᠡᠲᠡᠭᠡᠳ ‍ᠢ ᠭᠦᠨᠵᠡᠭᠡᠢ ᠠᠭᠤᠳᠠᠯᠵᠤ ᠂ ᠨᠢᠭᠡ ᠪᠦᠯᠦᠭ ᠬᠠᠷ᠎ᠠ ᠪᠦᠯᠦᠭᠲᠡᠨ ᠳ᠋ᠦ ᠬᠣᠯᠪᠣᠭᠳᠠᠬᠤ ᠡᠳ᠋ ᠮᠥᠩᠭᠥ ᠶ᠋ᠢ ᠬᠣᠷᠢᠶᠠᠨ ᠠᠪᠬᠤ ᠬᠡᠷᠡᠭᠲᠡᠢ ᠃ 《 ᠫᠤᠤ ᠵᠡᠪᠰᠡᠭ ᠳᠡᠯᠪᠡᠷᠡᠬᠦ ᠡᠳ᠋ ‍ᠢ ᠠᠷᠢᠯᠭᠠᠬᠤ 》 ᠪᠠ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠢ ᠤᠶᠠᠯᠳᠤᠭᠤᠯᠵᠤ ᠂ ᠪᠥᠬᠥ ᠬᠣᠰᠢᠭᠤᠨ ᠳ᠋ᠤ ᠫᠤᠤ ᠵᠡᠪᠰᠡᠭ ᠳᠡᠯᠪᠡᠷᠡᠬᠦ ᠡᠳ᠋ ᠪᠣᠳᠠᠰ ‍ᠢ ᠶᠡᠬᠡ ᠵᠢᠭᠰᠠᠭᠠᠨ ᠪᠠᠶᠢᠴᠠᠭᠠᠬᠣ ᠂ ᠶᠡᠬᠡ ᠬᠣᠷᠢᠶᠠᠨ ᠠᠪᠬᠤ ᠠᠵᠢᠯᠯᠠᠭ᠎ᠠ ᠶ᠋ᠢ ᠲᠥᠪᠯᠡᠷᠡᠭᠦᠯᠦᠨ ᠥᠷᠨᠢᠭᠦᠯᠬᠦ ᠬᠡᠷᠡᠭᠲᠡᠶ ᠃ ᠤᠬᠠᠭᠤᠯᠭ᠎ᠠ ᠶ᠋ᠢᠨ ᠳᠠᠭᠠᠷᠢᠯᠲᠠ ᠶ᠋ᠢ ᠦᠨᠡᠨ ᠬᠦ ᠴᠢᠩᠭᠠᠳᠬᠠᠵᠤ ᠂ ᠪᠦᠬᠦ ᠲᠠᠯ᠎ᠠ ᠪᠠᠷ ᠂ ᠤᠯᠠᠨ ᠬᠠᠷᠠᠭᠠᠰᠤ ᠂ ᠪᠣᠰᠣᠭ᠎ᠠ ᠴᠣᠭᠴᠠᠵᠢᠭᠤᠯᠵᠤ ᠲᠥᠪᠯᠡᠷᠡᠭᠦᠯᠦᠨ ᠤᠬᠠᠭᠤᠯᠬᠤ ᠂ ᠭᠣᠣᠯ ᠰᠡᠳᠦᠪᠲᠦ ᠡᠳᠦᠷ ‍ᠦᠨ ᠤᠬᠠᠭᠤᠯᠭ᠎ᠠ ᠪᠠ ᠤᠷᠳᠤ ᠬᠤᠭᠤᠴᠠᠭᠠᠨ ‍ᠤ ᠪᠦᠲᠦᠮᠵᠢᠲᠡᠢ ᠤᠬᠠᠭᠤᠯᠭ᠎ᠠ ᠶ᠋ᠢ ᠥᠷᠨᠢᠭᠦᠯᠵᠦ ᠂ ᠪᠦᠬᠦ ᠨᠠᠮ ᠢᠶᠠᠷ ᠢᠶᠡᠨ ᠳᠠᠶᠢᠴᠢᠯᠠᠬᠤ ᠂ ᠪᠦᠬᠦ ᠨᠡᠶᠢᠭᠡᠮ ‍ᠢᠶ᠋ᠡᠷ ‍ᠢᠶ᠋ᠡᠨ ᠮᠡᠳᠡᠬᠦ ᠂ ᠪᠦᠬᠦ ᠠᠷᠠᠳ ᠢᠶᠠᠷ ᠢᠶᠡᠨ ᠣᠷᠣᠯᠴᠠᠬᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠠᠭᠤᠷ ᠠᠮᠢᠰᠬᠤᠯ ‍ᠢ ᠪᠦᠬᠦ ᠬᠦᠴᠦᠨ ‍ᠢᠶ᠋ᠡᠷ ‍ᠢᠶ᠋ᠡᠨ ᠪᠣᠶ ᠪᠣᠯᠭᠠᠬᠤ ᠬᠡᠷᠡᠭᠲᠡᠢ ᠃

    ᠡᠬᠢᠯᠡᠯᠲᠡ ᠶ᠋ᠢᠨ ᠶᠣᠰᠣᠯᠠᠯ ᠳᠠᠭᠤᠰᠤᠭᠰᠠᠨ ‍ᠤ ᠳᠠᠷᠠᠭ᠎ᠠ ᠂ ᠠᠵᠢᠯᠯᠠᠭ᠎ᠠ ᠳ᠋ᠤ ᠣᠷᠣᠯᠴᠠᠭᠰᠠᠨ ᠬᠥᠮᠦᠰ ᠡᠯ᠎ᠡ ᠰᠠᠯᠠᠭ᠎ᠠ ᠮᠥᠴᠢᠷ ‍ᠦᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠣᠨ ᠭᠡᠷᠡᠯ ᠵᠢᠷᠤᠭ ‍ᠤᠨ ᠦᠵᠡᠭᠦᠯᠦᠯᠭᠡ ᠶ᠋ᠢᠨ ᠰᠠᠮᠪᠠᠷ᠎ᠠ ᠶ᠋ᠢ ᠲᠣᠭᠣᠷᠢᠨ ᠦᠵᠡᠪᠡ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ