ᠬᠣᠲᠠ ᠶ᠋ᠢᠨ ᠨᠠᠮ ‍ᠤᠨ ᠬᠣᠷᠢᠶᠠᠨ ‍ᠤ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ‍ᠤ ᠱᠦᠵᠢ ᠳ᠋ᠦ᠋ ᠾᠦᠢ ᠯᠢᠶᠠᠩ ᠮᠠᠨ ᠤ ᠬᠣᠰᠢᠭᠤᠨ ᠳ᠋ᠤ ᠢᠷᠡᠵᠣ ᠬᠠᠷ᠎ᠠ ᠪᠦᠯᠦᠭᠳᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 525     ᠨᠡᠶᠢᠳᠡᠯᠡᠭᠰᠡᠨ ᠴᠠᠭ ᠄ 2019/6/12 17:03:35

 

          6 ᠳ᠋ᠣᠭᠠᠷ ᠰᠠᠷ᠎ᠠ ᠶ᠋ᠢᠨ 8 ‍ᠤ ᠡᠳᠦᠷ ᠂ ᠬᠣᠲᠠ ᠶ᠋ᠢᠨ ᠨᠠᠮ ‍ᠤᠨ ᠬᠣᠷᠢᠶᠠᠨ ‍ᠤ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ‍ᠤ ᠱᠦᠵᠢ ᠳ᠋ᠦ᠋ ᠾᠦᠢ ᠯᠢᠶᠠᠩ ᠮᠠᠨ ᠤ ᠬᠣᠰᠢᠭᠤᠨ ᠳ᠋ᠤ ᠢᠷᠡᠵᠣ ᠬᠠᠷ᠎ᠠ ᠪᠦᠯᠦᠭᠳᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠳ᠋ᠥ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ ᠃ ᠳ᠋ᠦ᠋ ᠾᠦᠢ ᠯᠢᠶᠠᠩ ᠨᠠᠷ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠠᠯᠪᠠᠨ ᠭᠡᠷ ‍ᠦᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠠᠰᠠᠭᠤᠳᠠᠯ ‍ᠤᠨ ᠰᠦᠪᠡᠭᠴᠢ ᠶ᠋ᠢᠨ ᠡᠬᠡ ᠳᠠᠩᠰᠠ ᠂ 《 ᠨᠢᠭᠡ ᠬᠡᠷᠡᠭ ‍ᠢ ᠭᠤᠷᠪᠠ ᠪᠠᠶᠢᠴᠠᠭᠠᠬᠣ 》 ᠵᠢᠴᠢ ᠬᠡᠷᠡᠭ ᠳᠠᠷᠠᠭᠠᠯᠠᠨ ᠰᠢᠭᠰᠢᠨ ᠪᠠᠶᠢᠴᠠᠭᠠᠬᠣ ᠵᠡᠷᠭᠡ ᠳᠠᠩᠰᠠ ᠡᠪᠬᠡᠮᠡᠯ ‍ᠦᠨ ᠮᠠᠲ᠋ᠧᠷᠢᠶᠠᠯ ‍ᠢ ᠪᠠᠶᠢᠴᠠᠭᠠᠨ ᠦᠵᠡᠭᠰᠡᠨ ᠪᠥᠭᠡᠳ ᠰᠠᠭᠣᠳᠠᠯ ᠤᠨ ᠬᠤᠷᠠᠯ ᠬᠤᠷᠠᠯᠳᠤᠭᠤᠯᠵᠤ ᠮᠠᠨ ᠤ ᠬᠣᠰᠢᠭᠤᠨ ‍ᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠤᠨ ᠠᠬᠢᠴᠠ ᠶ᠋ᠢᠨ ᠪᠠᠶᠢᠳᠠᠯ ‍ᠤᠨ ᠬᠠᠷᠢᠭᠤ ᠮᠡᠳᠡᠭᠦᠯᠦᠯᠲᠡ ᠶ᠋ᠢ ᠰᠣᠨᠣᠰᠣᠭᠰᠠᠨ ᠪᠠᠶᠢᠨ᠎ᠠ ᠃

        ᠳ᠋ᠦ᠋ ᠾᠦᠢ ᠯᠢᠶᠠᠩ ᠵᠢᠭᠠᠵᠤ ᠭᠠᠷᠭᠠᠭᠰᠠᠨ ᠨᠢ ᠂ ᠨᠠᠶ᠋ᠮᠠᠨ ᠬᠣᠰᠢᠭᠤᠨ ‍ᠤ ᠲᠣᠬᠢᠷᠠᠭᠣᠯᠣᠯᠳᠠ ᠨᠠᠷᠢᠨ ᠨᠢᠭᠲᠠ ᠂ ᠠᠵᠢᠯ ᠯᠠᠪᠳᠠᠭᠤᠨ ᠪᠠᠲᠤᠲᠠᠶ ᠂ ᠴᠣᠬᠢᠯᠲᠠ ᠬᠦᠴᠦᠲᠡᠶ ᠂ ᠪᠡᠯᠡᠳᠬᠡᠯ ᠭᠦᠶ᠋ᠴᠡᠳ ᠪᠠᠶᠢᠵᠣ ᠂ ᠢᠯᠠᠩᠭᠤᠶ᠎ᠠ ᠰᠠᠨᠠᠭᠠᠴᠢᠯᠠᠭ᠎ᠠ ᠡᠴᠠ ᠪᠠᠨ ᠠᠷᠭ᠎ᠠ ᠤᠬᠠᠭᠠᠨ ᠭᠠᠷᠭᠠᠨ ᠂ ᠪᠦᠲᠦᠬᠡᠯᠴᠢ ᠴᠢᠨᠠᠷᠲᠠᠶ ᠪᠠᠷ ᠠᠵᠢᠯ ᠢᠶᠡᠨ ᠥᠷᠨᠢᠭᠦᠯᠵᠦ ᠂ 《 ᠵᠢᠷᠭᠣᠭ᠎ᠠ ᠥᠬᠡᠶ 》 ᠠᠮᠤᠷ ᠠᠮᠤᠭᠤᠯᠠᠩ ᠬᠠᠤᠯᠢ ᠪᠠᠷ ᠵᠠᠰᠠᠬᠤ ᠭᠠᠴᠠᠭ᠎ᠠ ᠲᠣᠰᠬᠣᠨ ‍ᠢ ᠡᠭᠦᠳᠦᠨ ᠪᠠᠶᠢᠭᠣᠯᠬᠣ ᠂ 《 ᠳᠥᠷᠪᠡᠨ ᠰᠡᠳᠬᠢᠯ ‍ᠢ ᠨᠢᠭᠡᠳᠬᠡᠬᠦ 》 ᠵᠢᠨ ᠵᠥᠷᠢᠴᠡᠯ ‍ᠢ ᠠᠷᠢᠯᠭᠠᠬᠤ ᠪᠠ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ‍ᠢ ᠣᠷᠭᠠᠨᠢᠭ ᠢᠶᠠᠷ ᠤᠶᠠᠯᠳᠤᠭᠤᠯᠵᠤ ᠂ ᠨᠡᠯᠢᠶᠡᠳ ᠰᠠᠶᠢᠨ ᠦᠷ᠎ᠡ ᠪᠦᠲᠦᠮᠵᠢ ᠣᠯᠤᠭᠰᠠᠨ ᠪᠠᠢᠨ᠎ᠠ ᠃

     ᠳ᠋ᠦ᠋ ᠾᠦᠢ ᠯᠢᠶᠠᠩ ᠱᠠᠭᠠᠷᠳᠠᠭᠰᠠᠨ ᠨᠢ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠰᠢ ᠶ᠋ᠢᠨ ᠫᠢᠩ ᠶᠡᠷᠦᠩᠬᠡᠢ ᠱᠦᠵᠢ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠣᠣᠱᠯᠠᠭᠣᠯᠵᠣ ᠂ ᠲᠥᠪ ᠪᠠ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠂ ᠬᠤᠳᠠ ᠶ᠋ᠢᠨ ᠨᠠᠮ ‍ᠤᠨ ᠬᠣᠷᠢᠶ᠎ᠠ ᠶ᠋ᠢᠨ ᠲᠣᠬᠢᠷᠠᠭᠣᠯᠣᠯᠳᠠ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠨᠠᠶᠢᠳᠠᠪᠣᠷᠢᠵᠢᠭᠣᠯᠣᠨ ᠂ ᠬᠠᠷᠢᠭᠤᠴᠠᠯᠭ᠎ᠠ ᠡᠭᠦᠷᠭᠡᠯᠡᠬᠦ ᠶ᠋ᠢ ᠪᠠᠷᠢᠮᠲᠠᠯᠠᠵᠤ ᠂ ᠨᠠᠮ ᠵᠠᠰᠠᠭ ᠤᠨ ᠭᠣᠣᠯ ᠤᠳᠤᠷᠢᠳᠤᠯᠭ᠎ᠠ ᠶ᠋ᠢᠨ 《 ᠬᠣᠣᠰ ᠳᠤᠭᠤᠢᠯᠠᠩ ‍ᠤᠨ ᠳᠠᠷᠤᠭ᠎ᠠ 》 ᠶ᠋ᠢᠨ ᠬᠠᠷᠢᠭᠤᠴᠠᠯᠭ᠎ᠠ ᠶ᠋ᠢᠨ ᠳᠦᠷᠢᠮ ‍ᠢ ᠨᠠᠶᠢᠳᠠᠪᠣᠷᠢᠵᠢᠭᠣᠯᠵᠣ ᠂ ᠱᠠᠲᠤ ᠱᠠᠲᠤ ᠪᠠᠷ ᠳᠠᠷᠤᠯᠲᠠ ᠥᠭᠴᠦ ᠂ ᠬᠠᠷᠢᠭᠤᠴᠠᠯᠭ᠎ᠠ ᠶ᠋ᠢ  ᠪᠣᠳᠠᠳᠠᠶᠢᠵᠢᠭᠣᠯᠣᠨ ᠂ ᠲᠤᠰᠬᠠᠢ ᠲᠡᠮᠡᠴᠡᠯ ‍ᠢ ᠭᠦᠨᠵᠡᠭᠡᠢ ᠥᠷᠨᠢᠭᠦᠯᠬᠦ ᠳ᠋ᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠃ ᠬᠡᠷᠡᠭ ‍ᠢ ᠰᠢᠶ᠋ᠳᠪᠦᠷᠢᠯᠡᠬᠦ ᠪᠣᠳᠠᠲᠤ ᠦᠷ᠎ᠡ ᠪᠦᠲᠦᠮᠵᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ 《 ᠬᠠᠷ᠎ᠠ ᠪᠦᠯᠦᠭᠳᠡᠨ ᠬᠠᠷᠭᠢᠰ ᠬᠦᠴᠦᠨ ᠤ ᠳᠠᠷᠤᠭᠳᠠᠮᠠᠯ ᠬᠡᠷᠡᠭ ‍ᠢ ᠳᠡᠭ ᠪᠣᠯᠭᠠᠬᠤ ᠂ ᠠᠰᠠᠭᠤᠳᠠᠯ ‍ᠤᠨ ᠰᠦᠪᠡᠭᠴᠢ ᠶ᠋ᠢ ᠳᠡᠭ ᠪᠣᠯᠭᠠᠬᠤ 》 ᠪᠠᠷ ᠬᠠᠷᠠᠯᠲᠠ ᠪᠣᠯᠭᠠᠵᠤ ᠂ ᠮᠡᠳᠡᠭᠡ ᠵᠠᠩᠭᠢ ᠶ᠋ᠢ ᠬᠠᠮᠲᠤ ᠪᠠᠷ ᠡᠳ᠋ᠯᠡᠬᠦ ᠂ ᠬᠠᠮᠲᠤᠷᠠᠨ ᠬᠥᠳᠡᠯᠦᠯᠴᠡᠬᠦ ᠂ ᠵᠥᠪᠳᠡᠯᠴᠡᠨ ᠰᠣᠳᠣᠯᠬᠣ ᠂ 《 ᠨᠢᠭᠡ ᠬᠡᠷᠡᠭ ‍ᠢ ᠭᠤᠷᠪᠠ ᠪᠠᠶᠢᠴᠠᠭᠠᠬᠣ 》 ᠵᠡᠷᠭᠡ ᠲᠣᠭᠲᠠᠴᠠ ᠶ᠋ᠢᠨ ᠪᠠᠶᠢᠭᠣᠯᠣᠯᠳᠠ ᠶ᠋ᠢ ᠴᠢᠩᠭᠠᠳᠬᠠᠵᠤ ᠂ ᠭᠣᠣᠯᠳᠠᠯᠭ᠎ᠠ ᠲᠠᠢ ᠬᠡᠷᠡᠭ ‍ᠢ ᠴᠢᠩᠭ᠎ᠠ ᠠᠩᠬᠠᠷᠴᠤ ᠂ ᠭᠦᠨ ᠰᠦᠪᠡᠭᠴᠢᠯᠡᠵᠦ ᠲᠤᠶᠢᠯᠪᠤᠷᠢᠲᠠᠶ ᠪᠠᠶᠢᠴᠠᠭᠠᠬᠣ ᠂ ᠴᠢᠩᠭ᠎ᠠ ᠠᠳᠬᠤᠵᠤ ᠴᠢᠩᠭ᠎ᠠ ᠴᠣᠬᠢᠯᠲᠠ ᠥᠭᠬᠦ ᠳᠡᠭᠡᠷ᠎ᠡ ᠬᠦᠴᠦ ᠲᠠᠯᠪᠢᠨ ᠂ ᠬᠡᠷᠡᠭ ‍ᠢ ᠰᠢᠶ᠋ᠳᠪᠦᠷᠢᠯᠡᠬᠦ ᠂ ᠰᠦᠪᠡᠭᠴᠢ ᠶ᠋ᠢ ᠬᠢᠨᠠᠨ ᠪᠠᠶᠢᠴᠠᠭᠠᠵᠤ ᠬᠠᠷᠢᠭᠤ ᠲᠤᠰᠬᠠᠬᠤ ᠬᠤᠷᠳᠤᠴᠠ ᠪᠠ ᠪᠣᠳᠠᠲᠤ ᠦᠷ᠎ᠡ ᠪᠦᠲᠦᠮᠵᠢ ᠶ᠋ᠢ ᠲᠦᠷᠭᠡᠳᠬᠡᠵᠦ ᠂ ᠬᠡᠷᠡᠭ ᠪᠦᠬᠦᠨ ᠳ᠋ᠦ ᠬᠠᠷᠢᠭᠤᠯᠲᠠ ᠥᠭᠬᠦ ᠶ᠋ᠢ ᠦᠨᠡᠨ ᠬᠦ ᠪᠠᠲᠤᠯᠠᠬᠤ ᠬᠡᠷᠡᠭᠲᠡᠶ ᠃ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠪᠦᠲᠦᠬᠡᠨ ᠪᠠᠶᠢᠭᠣᠯᠣᠯᠳᠠ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠭᠠᠴᠠᠭ᠎ᠠ ᠲᠣᠰᠬᠣᠨ ‍ᠤ 《 ᠬᠣᠶᠠᠷ ᠵᠥᠪᠯᠡᠯ 》 ‍ᠤᠨ ᠬᠤᠭᠤᠴᠠᠭ᠎ᠠ ᠰᠣᠯᠢᠬᠤ 《 ᠡᠷᠭᠢᠴᠡᠭᠦᠯᠦᠨ ᠦᠵᠡᠭᠦ 》 ᠠᠵᠢᠯ ‍ᠢ ᠭᠦᠨᠵᠡᠭᠡᠶ ᠥᠷᠨᠢᠭᠦᠯᠵᠦ ᠂ ᠱᠠᠭᠠᠷᠳᠠᠯᠭ᠎ᠠ ᠶᠣᠰᠣᠭᠠᠷ ᠭᠠᠴᠠᠭ᠎ᠠ ᠲᠣᠰᠬᠣᠨ ‍ᠤ 《 ᠬᠣᠶᠠᠷ ᠵᠥᠪᠯᠡᠯ 》 ‍ᠤᠨ ᠪᠠᠭ ‍ᠤᠨ ᠡᠩᠨᠡᠭᠡ ᠶ᠋ᠢ ᠢᠯᠭᠠᠷᠠᠭᠤᠯᠤᠨ ᠵᠢᠷᠤᠮᠵᠢᠭᠤᠯᠵᠤ ᠂ ᠲᠣᠷᠣᠢ ᠪᠠᠭᠤᠷᠠᠶ ᠰᠤᠯᠠ ᠵᠠᠳᠠᠭᠠᠶ ᠭᠠᠴᠠᠭ᠎ᠠ ᠲᠣᠰᠬᠣᠨ ‍ᠤ ᠨᠠᠮ ‍ᠤᠨ ᠵᠣᠬᠢᠶᠠᠨ ᠪᠠᠶᠢᠭᠣᠯᠣᠯᠣᠳᠠ ᠶ᠋ᠢ ᠲᠥᠪᠯᠡᠷᠡᠭᠦᠯᠦᠨ ᠴᠡᠭᠴᠡᠯᠡᠵᠦ ᠂ ᠭᠠᠴᠠᠭ᠎ᠠ ᠲᠣᠰᠬᠣᠨ ‍ᠤ 《 ᠬᠣᠶᠠᠷ ᠵᠥᠪᠯᠡᠯ 》 ‍ᠤᠨ ᠪᠠᠭ ‍ᠢ ᠪᠦᠷᠢᠨ ᠭᠦᠶ᠋ᠴᠡᠳ ᠲᠣᠬᠢᠷᠠᠭᠤᠯᠬᠤ ᠬᠡᠷᠡᠭᠲᠡᠶ ᠃ ᠰᠢᠨ᠎ᠡ ᠴᠠᠭ ᠦᠶ᠎ᠡ ᠶ᠋ᠢᠨ 《 ᠹᠸᠩ ᠴᠢᠶᠣᠤ ᠶ᠋ᠢᠨ ᠲᠤᠷᠰᠢᠯᠭ᠎ᠠ 》 ᠶ᠋ᠢ ᠭᠦᠨᠵᠡᠭᠡᠢ ᠰᠤᠷᠤᠯᠴᠠᠨ ᠳᠡᠯᠭᠡᠷᠡᠭᠦᠯᠵᠦ ᠂ ᠵᠠᠬᠢᠳᠠᠯ ᠰᠤᠷᠪᠤᠯᠵᠢᠯᠠᠭ᠎ᠠ ᠶ᠋ᠢᠨ ᠵᠥᠷᠢᠴᠡᠯ ‍ᠦᠨ ᠳᠠᠯᠳᠠ ᠬᠡᠮ ‍ᠦᠨ ᠠᠰᠠᠭᠤᠳᠠᠯ ‍ᠢ ᠪᠠᠶᠢᠴᠠᠭᠠᠨ ᠰᠢᠢᠳᠪᠦᠷᠢᠯᠡᠬᠦ ᠡᠷᠴᠢᠮ ‍ᠢᠶ᠋ᠡᠨ ᠴᠢᠩᠭᠠᠷᠠᠭᠤᠯᠵᠤ ᠂ ᠦᠨᠳᠦᠰᠦᠨ ᠱᠠᠲᠤᠨ ‍ᠤ ᠨᠡᠶᠢᠭᠡᠮ ‍ᠦᠨ ᠵᠠᠰᠠᠯᠲᠠ ᠶ᠋ᠢᠨ ᠨᠠᠷᠢᠯᠢᠬᠵᠢᠭᠤᠯᠬᠤ ᠲᠦᠪᠰᠢᠨ ‍ᠢ ᠦᠨᠡᠨᠬᠦ ᠳᠡᠭᠡᠭᠰᠢᠯᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠦ ᠡᠭᠦᠰᠦᠨ ᠳᠡᠯᠭᠡᠷᠡᠬᠦ ᠬᠥᠷᠥᠰᠥ ᠰᠢᠷᠣᠢ ᠶ᠋ᠢ ᠳᠣᠶᠢᠯᠪᠣᠷᠢᠳᠠᠢ ᠠᠷᠢᠯᠭᠠᠬᠤ ᠬᠡᠷᠡᠭᠲᠡᠢ ᠃ ᠦᠪᠡᠷᠳᠡᠬᠡᠨ ᠪᠠᠶᠢᠴᠠᠭᠠᠵᠤ ᠦᠪᠡᠷᠳᠡᠬᠡᠨ ᠵᠠᠯᠠᠷᠠᠭᠤᠯᠬᠤ ᠠᠵᠢᠯ ‍ᠢ ᠭᠦᠨᠵᠡᠭᠡᠶ ᠪᠥᠭᠡᠳ ᠨᠠᠷᠢᠨ ᠨᠢᠮᠪᠠᠶ ᠥᠷᠨᠢᠭᠦᠯᠵᠦ ᠂ ᠳᠤᠲᠠᠭᠳᠠᠯ ‍ᠢ ᠨᠢ ᠨᠠᠷᠢᠨ ᠬᠢᠨᠠᠮᠠᠭᠠᠶ ᠪᠠᠶᠢᠴᠠᠭᠠᠵᠤ ᠠᠯᠳᠠᠭᠳᠠᠯ ‍ᠢ ᠨᠢ ᠨᠥᠬᠥᠪᠥᠷᠢᠯᠡᠵᠦ ᠂ ᠬᠣᠯᠪᠣᠭᠳᠠᠯ ᠪᠦᠬᠦᠢ ᠳᠦᠷᠢᠮ ᠪᠠ ᠳᠠᠩᠰᠠ ᠡᠪᠬᠡᠮᠡᠯ ‍ᠦᠨ ᠮᠠᠲ᠋ᠧᠷᠢᠶᠠᠯ ‍ᠤᠨ ᠬᠠᠮᠢᠶᠠᠷᠤᠯᠲᠠ ᠶ᠋ᠢ ᠲᠡᠭᠦᠯᠳᠡᠷᠵᠢᠭᠦᠯᠬᠦ ᠬᠡᠷᠡᠭᠲᠡᠶ ᠃ ᠤᠬᠠᠭᠤᠯᠬᠤ ᠠᠷᠭ᠎ᠠ ᠬᠡᠯᠪᠡᠷᠢ ᠶ᠋ᠢᠨ ᠰᠢᠨ᠎ᠡ ᠶ᠋ᠢ ᠡᠭᠦᠳᠴᠦ ᠂ ᠤᠬᠠᠭᠤᠯᠤᠨ ᠳᠠᠶᠢᠴᠢᠯᠠᠬᠤ ᠡᠷᠴᠢᠮ ‍ᠢᠶ᠋ᠡᠨ ᠴᠢᠩᠭᠠᠷᠠᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠥᠳᠬᠡᠨ ᠵᠤᠵᠠᠭᠠᠨ ᠠᠭᠤᠷ ᠠᠮᠢᠰᠬᠤᠯ ‍ᠢ ᠪᠣᠶ ᠪᠣᠯᠭᠠᠵᠤ ᠂ ᠥᠷᠭᠡᠨ ᠤᠯᠠᠨ ᠠᠷᠠᠳ ᠲᠦᠮᠡᠨ ‍ᠢ ᠢᠳᠡᠪᠬᠢᠲᠡᠢ ᠰᠠᠨᠠᠭᠠᠴᠢᠯᠠᠭ᠎ᠠ ᠲᠠᠶ ᠪᠠᠷ ᠲᠤᠰᠬᠠᠢ ᠲᠡᠮᠡᠴᠡᠯ ᠳ᠋ᠦ ᠣᠷᠣᠯᠴᠠᠭᠤᠯᠬᠤ ᠬᠡᠷᠡᠭᠲᠡᠢ ᠃

        ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠢᠯᠡᠳᠬᠡᠬᠦ ᠳ᠋ᠡᠭᠡᠨ ᠂ ᠲᠤᠰ ᠤᠳᠠᠭᠠᠨ ‍ᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠣᠳᠬᠤ ᠪᠠᠷ ᠠᠵᠠ ᠲᠣᠬᠢᠶᠠᠯ ᠪᠣᠯᠭᠠᠵᠤ ᠂ ᠠᠵᠢᠯ ‍ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠠᠵᠢᠯ ‍ᠤᠨ ᠠᠷᠭ᠎ᠠ ᠬᠡᠮᠵᠢᠶ᠎ᠡ ᠪᠡᠨ ᠴᠢᠩᠭᠠᠳᠬᠠᠨ ᠂ ᠬᠢᠨᠠᠨ ᠵᠢᠯᠣᠭᠣᠳᠴᠤ ᠬᠠᠷᠢᠭᠤ ᠲᠤᠰᠬᠠᠭᠰᠠᠨ ᠠᠰᠠᠭᠤᠳᠠᠯ ‍ᠢ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ ᠂ ᠨᠢᠭᠡ ᠡᠴᠡ ᠨᠥᠬᠥᠭᠡ ᠶ᠋ᠢ ᠵᠦᠢᠴᠢᠯᠡᠨ ᠮᠡᠳᠡᠵᠦ ᠂ ᠲᠤᠶᠢᠯᠪᠤᠷᠢᠲᠠᠶ ᠴᠡᠭᠴᠡᠯᠡᠨ ᠥᠭᠡᠷᠡᠴᠢᠯᠡᠵᠦ ᠂ ᠨᠠᠩ ᠡᠷᠡᠰ ᠪᠠᠲᠤ ᠣᠪᠣᠷ ᠂ ᠨᠠᠩ ᠬᠦᠴᠦᠲᠡᠶ ᠠᠵᠢᠯᠯᠠᠭ᠎ᠠ ᠂ ᠨᠠᠩ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠂ ᠨᠠᠩ ᠴᠢᠩᠭ᠎ᠠ ᠱᠠᠭᠠᠷᠳᠠᠯᠭ᠎ᠠ ᠪᠠᠷ ᠲᠤᠰᠬᠠᠶ ᠲᠡᠮᠡᠴᠡᠯ ᠤᠨ ᠰᠠᠨᠠᠭᠠᠴᠢᠯᠠᠭᠠᠲᠤ ᠲᠠᠶᠢᠨ ᠂ ᠪᠡᠬᠢᠯᠡᠯᠳᠡ ᠰᠢᠪᠳᠣᠯᠠᠬᠣ ᠲᠠᠶᠢᠨ ᠂ ᠪᠦᠬᠦᠶᠢᠯᠡ ᠴᠣᠭᠴᠠ ᠶ᠋ᠢᠨ ᠲᠠᠶᠢᠨ ‍ᠢ ᠪᠥᠬᠥ ᠬᠦᠴᠦᠨ ‍ᠢᠶ᠋ᠡᠷ ‍ᠢᠶ᠋ᠡᠨ ᠰᠠᠶᠢᠲᠤᠷ ᠬᠢᠬᠦ ᠬᠡᠷᠡᠭᠲᠡᠢ ᠭᠡᠰᠡᠨ ᠪᠠᠶᠢᠨ᠎ᠠ ᠃

         ᠬᠣᠲᠠ ᠶ᠋ᠢᠨ ᠨᠠᠮ ‍ᠤᠨ ᠬᠣᠷᠢᠶᠠᠨ ‍ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠰᠦᠨ ᠶᠤᠸᠠᠢ ᠶᠦᠩ ᠂ ᠬᠣᠲᠠ ᠶ᠋ᠢᠨ ᠨᠠᠮ ‍ᠤᠨ ᠬᠣᠷᠢᠶᠠᠨ ‍ᠤ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ‍ᠤ ᠳᠡᠳ᠋ ᠪᠠᠶᠢᠴᠠᠭᠠᠨ ᠰᠤᠳᠤᠯᠤᠭᠴᠢ ᠭᠤᠤ ᠬᠠᠢ ᠪᠢᠨ ᠂ ᠬᠣᠰᠢᠭᠤᠨ ‍ᠤ ᠤᠳᠤᠷᠢᠳᠤᠯᠭ᠎ᠠ ᠵᠠᠩ ᠬᠤᠸᠠ ᠂ ᠸᠠᠩ ᠵᠧᠨ ᠴᠧᠩ ᠂ ᠯᠢ ᠶᠠᠨ ᠾᠦᠢ ᠂ ᠱᠢ ᠮᠢᠩ ᠰᠢᠶᠠᠨ ᠂ ᠪᠣᠣ ᠯᠢᠶᠠᠨ ᠱᠠᠨ ᠂ ᠪᠠᠲᠤ ᠂ ᠼᠦᠢ ᠯᠢᠨ ᠰᠠᠭᠣᠳᠠᠯ ᠤᠨ ᠬᠣᠷᠠᠯ ᠳ᠋ᠥ ᠣᠷᠣᠯᠴᠠᠭᠰᠠᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ