ᠮᠠᠨ ᠤ ᠬᠣᠰᠢᠭᠣ ᠬᠠᠷ᠎ᠠ ᠪᠦᠯᠦᠭᠳᠡᠨ ᠬᠠᠷᠬᠢᠰ ᠬᠦᠴᠦᠨ ᠳ᠋ᠤ ᠬᠦᠴᠦᠲᠡᠶ ᠴᠣᠬᠢᠯᠲᠠ ᠥᠭᠴᠦ 260 ᠬᠡᠷᠡᠭ ‍ᠢ ᠢᠯᠡᠷᠡᠭᠦᠯᠦᠨ 211 ᠬᠥᠮᠦᠨ ᠳ᠋ᠥ ᠰᠢᠢᠳᠭᠡᠯ ᠦᠭᠭᠦᠭᠰᠡᠨ

ᠣᠩᠰᠢᠭᠰᠠᠨ ᠤᠳᠠᠭ᠎ᠠ ᠄ 413     ᠨᠡᠶᠢᠳᠡᠯᠡᠭᠰᠡᠨ ᠴᠠᠭ ᠄ 2019/6/13 17:35:52


          ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠥᠷᠨᠢᠭᠦᠯᠦᠭᠰᠡᠨ ᠡᠴᠡ ᠨᠠᠰᠢ ᠂ ᠮᠠᠨ ‍ᠤ ᠬᠣᠰᠢᠭᠤ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠶ᠋ᠢ ᠪᠡᠶᠡᠯᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠦ ᠣᠮᠣᠭ ᠰᠦᠷ ᠲᠦ ᠬᠦᠨᠳᠦ ᠴᠣᠬᠢᠯᠲᠠ ᠥᠭᠴᠦ ᠂ ᠣᠯᠠᠨ ᠨᠡᠢᠲᠡ ᠶ᠋ᠢᠨ ᠠᠮᠤᠷ ᠲᠦᠪᠰᠢᠨ ‍ᠦ ᠲᠥᠷᠥᠭᠳᠡᠯ ‍ᠢ ᠢᠯᠡᠳᠲᠡ ᠨᠡᠮᠡᠭᠳᠡᠭᠦᠯᠪᠡ ᠃
        2018 ᠣᠨ ᠤ 4 ᠰᠠᠷ᠎ᠠ ᠶ᠋ᠢᠨ 25 ‍ᠤ ᠡᠳᠦᠷ ᠂ ᠮᠸᠩ ᠣᠪᠣᠭᠲᠤ ᠵᠡᠷᠭᠡ ᠬᠥᠮᠦᠰ ᠥᠳᠥᠭᠡᠨ ᠬᠠᠯᠳᠠᠵᠤ ᠬᠡᠷᠡᠭ ᠡᠳᠦᠭᠰᠡᠨ ᠶᠠᠯ᠎ᠠ ᠪᠠᠷ ᠰᠡᠵᠢᠭᠯᠡᠭᠳᠡᠵᠦ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠪᠠᠶᠢᠭᠣᠯᠣᠯᠭ᠎ᠠ ᠳ᠋ᠤ ᠪᠠᠷᠢᠪᠴᠢᠯᠠᠭᠳᠠᠵᠤ ᠂ ᠰᠢᠨ ᠵᠧᠨ ᠪᠠᠯᠭᠠᠰᠤᠨ ‍ᠤ ᠱᠢ ᠪᠧᠢ ᠲᠣᠰᠬᠣᠨ ‍ᠤ ᠵᠣᠣ ᠣᠪᠣᠭᠲᠤ ᠵᠡᠷᠭᠡ 8 ᠬᠥᠮᠥᠨ ᠵᠠᠯᠭᠠᠭ᠎ᠠ ᠪᠠᠷ ᠪᠠᠷᠢᠪᠴᠢᠯᠠᠭᠳᠠᠵᠤ ᠂ 2019 ᠣᠨ ᠤ 5 ᠰᠠᠷ᠎ᠠ ᠶ᠋ᠢᠨ 7 ‍ᠤ ᠡᠳᠦᠷ ᠯᠢᠦ ᠬᠠᠢ ᠳ᠋ᠦᠩ ᠂ ᠯᠢ ᠫᠦᠸᠸ ᠵᠡᠷᠭᠡ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠤᠯᠤᠯᠲᠠ ᠶ᠋ᠢᠨ ᠶᠠᠯ᠎ᠠ ᠬᠢᠭᠰᠡᠨ ᠬᠡᠷᠡᠭ ‍ᠢ ᠢᠯᠡ ᠪᠡᠷ ᠰᠢᠭᠦᠪᠡ ᠃
          ᠡᠨᠡ ᠬᠡᠳᠦᠨ ᠬᠡᠷᠡᠭ ‍ᠦᠨ ᠨᠡᠶᠢᠲᠡᠯᠢᠭ ᠲᠠᠯ᠎ᠠ ᠭᠡᠪᠡᠯ ᠴᠥᠮ ᠬᠠᠷ᠎ᠠ ᠪᠦᠯᠦᠭᠲᠡᠨ ᠬᠠᠷᠭᠢᠰ ᠬᠦᠴᠦᠨ ᠳ᠋ᠦ ᠬᠣᠯᠪᠣᠭᠳᠠᠭᠰᠠᠨ ᠬᠡᠷᠡᠭ ᠪᠣᠯᠤᠨ᠎ᠠ ᠃
          ᠣᠶᠢᠷ᠎ᠠ ᠶ᠋ᠢᠨ ᠬᠤᠭᠤᠴᠠᠭᠠᠨ ᠳ᠋ᠤ ᠂ ᠰᠢᠨ ᠵᠧᠨ ᠪᠠᠯᠭᠠᠰᠤᠨ ‍ᠤ ᠱᠢ ᠪᠧᠢ ᠲᠣᠰᠬᠣᠨ ‍ᠤ ᠠᠭᠤᠷ ᠠᠮᠢᠰᠬᠤᠯ ᠴᠣ᠋ ᠰᠢᠨ᠎ᠡ ᠪᠣᠯᠣᠭᠰᠠᠨ ᠪᠠᠶᠢᠨ᠎ᠠ ᠃
         ᠡᠭᠦᠨ ᠡᠴᠡ ᠡᠮᠦᠨ᠎ᠡ ᠂ ᠬᠠᠷ᠎ᠠ ᠪᠦᠯᠦᠭᠲᠡᠨ ᠬᠠᠷᠭᠢᠰ ᠬᠦᠴᠦᠨ ‍ᠦ ᠪᠦᠯᠦᠭᠯᠡᠯ ᠬᠠᠤᠯᠢ ᠪᠤᠰᠤ ᠪᠠᠷ ᠠᠰᠢᠭ ᠲᠤᠰᠠ ᠣᠯᠬᠣ ᠶ᠋ᠢᠨ ᠲᠥᠯᠥᠭᠡ ᠂ ᠤᠯᠠᠨ ᠬᠥᠮᠦᠨ ᠵᠣᠬᠢᠶᠠᠨ ᠪᠠᠶᠢᠭᠣᠯᠣᠨ ᠲᠤᠬᠠᠢ ‍ᠢᠢᠨ ᠭᠠᠵᠠᠷ ᠲᠤ ᠬᠠᠤᠯᠢ ᠶ᠋ᠢ ᠵᠥᠷᠢᠴᠡᠭᠰᠡᠨ ᠶᠠᠯᠠᠲᠤ ᠠᠵᠢᠯᠯᠠᠭ᠎ᠠ ᠶ᠋ᠢ ᠤᠯᠠᠨ ᠤᠳᠠᠭ᠎ᠠ ᠬᠢᠵᠦ ᠂ ᠲᠤᠰ ᠲᠣᠰᠬᠣᠨ ‍ᠤ ᠠᠷᠠᠳ ‍ᠤᠨ ᠦᠢᠯᠡᠳᠪᠦᠷᠢᠯᠡᠯ ᠂ ᠠᠮᠢᠳᠤᠷᠠᠯ ‍ᠦᠨ ᠡᠮᠬᠢ ᠳᠢᠭᠯᠢᠮ ‍ᠢ ᠬᠦᠨᠳᠦ ᠨᠣᠴᠢᠲᠠᠢ ᠨᠦᠯᠦᠭᠡᠯᠡᠭᠰᠡᠨ ᠪᠠᠶᠢᠨ᠎ᠠ ᠃

          ᠰᠢᠨ ᠵᠧᠨ ᠪᠠᠯᠭᠠᠰᠤᠨ ‍ᠤ ᠱᠢ ᠪᠧᠢ ᠲᠣᠰᠬᠣᠨ ᠵᠠᠩ ᠣᠪᠣᠭᠲᠤ ᠄ ᠲᠤᠬᠠᠶ ᠶ᠋ᠢᠨ ᠦᠶ᠎ᠡ ᠳ᠋ᠤ ᠡᠶᠢᠮᠦ ᠢᠯᠡᠴᠢᠯᠡᠨ ᠮᠡᠳᠡᠭᠦᠯᠬᠦ ᠤᠲᠠᠰᠤ ᠪᠠᠶᠢᠭᠰᠠᠨ ᠦᠭᠡᠢ ᠂ ᠬᠡᠷᠪᠡ ᠪᠠᠶᠢᠭᠰᠠᠨ ᠪᠣᠯ ᠡᠷᠲᠡ ᠢᠯᠡᠴᠢᠯᠡᠨ ᠮᠡᠳᠡᠭᠦᠯᠦᠨ᠎ᠡ ᠃

        ᠬᠠᠷ᠎ᠠ ᠪᠦᠯᠦᠭᠳᠡᠨ ᠬᠠᠷᠭᠢᠰ ᠬᠦᠴᠦᠨ ᠤ ᠦᠨᠳᠦᠰᠦᠨ ᠱᠠᠲᠤᠨ ‍ᠤ ᠵᠠᠰᠠᠭ ᠤᠨ ᠡᠷᠬᠡ ᠳ᠋ᠦ ᠨᠠᠪᠴᠢᠨ ᠣᠷᠣᠬᠤ ᠶ᠋ᠢ ᠣᠭᠲᠣ ᠵᠥᠪᠰᠢᠶᠡᠷᠡᠬᠦ ᠦᠭᠡᠢ ᠃ 2018 ᠣᠨ ᠤ 5 ᠰᠠᠷ᠎ᠠ ᠳ᠋ᠤ ᠂ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠪᠠᠶᠢᠭᠤᠯᠤᠯᠭ᠎ᠠ ᠲᠤᠰᠬᠠᠶ ᠬᠡᠷᠡᠭ ‍ᠦᠨ ᠳᠣᠭᠣᠶᠢᠯᠠᠩ ᠪᠠᠶᠢᠭᠣᠯᠵᠣ ᠱᠢ ᠪᠧᠢ ᠲᠣᠰᠬᠣᠨ ᠤ ᠬᠡᠷᠡᠭ ‍ᠢ ᠪᠠᠶᠢᠴᠠᠭᠠᠪᠠ ᠃ ᠰᠠᠷ᠎ᠠ ᠭᠠᠷᠤᠶ ᠶ᠋ᠢᠨ ᠰᠡᠬᠦᠯᠡᠷ ᠂ ᠳᠣᠲᠣᠭᠠᠳᠤ ᠶ᠋ᠢ ᠬᠠᠮᠠᠭᠠᠯᠠᠬᠤ  ᠪᠠᠶᠢᠭᠣᠯᠣᠯᠭ᠎ᠠ ᠡᠴᠠ ᠨᠡᠶᠢᠳᠡ 8 ᠰᠡᠵᠢᠭᠳᠡᠨ ‍ᠢ ᠤᠷᠤᠭᠰᠢᠲᠠᠶ ᠪᠠᠷᠢᠪᠴᠢᠯᠠᠵᠤ ᠂ ᠵᠤᠤ ᠣᠪᠣᠭᠲᠤ ᠪᠠᠷ ᠳᠡᠷᠢᠬᠦᠯᠡᠭᠰᠡᠨ ᠬᠠᠷᠭᠢᠰ ᠬᠦᠴᠦᠨ ᠂ ᠲᠣᠰᠬᠣᠨ ‍ᠤ ᠱᠦᠵᠢ ᠪᠡᠷ ᠳᠡᠷᠢᠬᠦᠯᠡᠭᠰᠡᠨ ᠬᠠᠮᠠᠭᠠᠯᠠᠭᠴᠢ ᠵᠢ ᠣᠰᠠᠳᠬᠠᠭᠰᠠᠨ ᠪᠠᠶᠢᠨ᠎ᠠ ᠃

        ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ‍ᠤ ᠡᠷᠡᠭᠦᠦ ᠶ᠋ᠢᠨ ᠬᠡᠷᠡᠭ ‍ᠦᠨ ᠶᠠᠯᠠᠲᠤ ᠬᠡᠷᠡᠭ ‍ᠢ ᠪᠠᠶᠢᠴᠠᠭᠠᠬᠣ ᠲᠣᠪᠴᠢᠶᠠᠨ ᠤ ᠠᠷᠠᠳ ‍ᠤᠨ ᠴᠠᠭᠳᠠᠭ᠎ᠠ ᠸᠠᠩ ᠶᠦᠩ ᠳ᠋ᠠ ᠄ ᠤᠯᠠᠨ ᠲᠦᠮᠡᠨ ‍ᠦ ᠢᠯᠡᠴᠢᠯᠡᠨ ᠮᠡᠳᠡᠭᠦᠯᠦᠭᠰᠡᠨ ᠰᠦᠪᠡᠭᠴᠢ ᠶ᠋ᠢ ᠣᠯᠤᠭᠰᠠᠨ ‍ᠤ ᠲᠠᠷᠠᠭ᠎ᠠ ᠂ ᠮᠠᠨ ‍ᠤ ᠲᠣᠪᠴᠢᠶᠠᠨ ‍ᠤ ᠤᠳᠤᠷᠢᠳᠤᠯᠭ᠎ᠠ ᠲᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠲᠡᠷᠡ ᠳᠠᠷᠤᠶ ᠳ᠋ᠤᠨᠢ ᠲᠤᠰᠬᠠᠶ ᠬᠡᠷᠡᠭ ‍ᠦᠨ ᠳᠤᠭᠤᠢᠯᠠᠩ ᠪᠠᠶᠢᠭᠣᠯᠣᠨ ᠲᠤᠬᠠᠶ ᠶ᠋ᠢᠨ ᠲᠠᠯᠠᠪᠤᠷ ᠲᠤ ᠬᠦᠷᠴᠦ ᠪᠠᠶᠢᠴᠠᠭᠠᠯᠳᠠ ᠬᠢᠪᠡ ᠃ ᠨᠢᠭᠡ ᠰᠠᠷ᠎ᠠ ᠭᠠᠷᠣᠢ ᠶ᠋ᠢᠨ ᠴᠢᠷᠮᠠᠶᠢᠯᠭ᠎ᠠ ᠪᠠᠷ ᠳᠠᠮᠵᠢᠨ ᠂ ᠬᠡᠷᠡᠭ ᠲᠦ ᠬᠣᠯᠪᠣᠭᠳᠠᠭᠰᠠᠨ ᠰᠡᠵᠢᠭᠯᠡᠯᠲᠡᠶ ᠨᠠᠢᠮᠠᠨ ᠬᠥᠮᠦᠨ ‍ᠢ ᠪᠠᠷᠢᠪᠴᠢᠯᠠᠵᠤ ᠂ ᠬᠠᠤᠯᠢ ᠪᠤᠰᠤ ᠪᠠᠷ ᠠᠭᠤᠷᠬᠠᠶ ᠮᠠᠯᠲᠠᠭᠰᠠᠨ ᠂ ᠠᠯᠪᠠᠳᠠᠨ ᠠᠷᠠᠯᠵᠢᠶᠠᠯᠠᠭᠰᠠᠨ ᠂ ᠥᠳᠥᠭᠡᠨ ᠬᠠᠯᠳᠠᠵᠤ ᠬᠡᠷᠡᠭ ᠡᠳᠦᠭᠰᠡᠨ ᠵᠡᠷᠭᠡ ᠲᠠᠪᠤᠨ ᠵᠦᠢᠯ ‍ᠦᠨ ᠶᠠᠯ᠎ᠠ ᠶ᠋ᠢᠨ ᠨᠡᠷ᠎ᠡ ᠳ᠋ᠦ ᠬᠣᠯᠪᠣᠭᠳᠠᠭᠰᠠᠨ ᠪᠠᠶᠢᠨ᠎ᠠ ᠃

         5 ᠰᠠᠷ᠎ᠠ ᠶ᠋ᠢᠨ 29 ‍ᠤ ᠡᠳᠦᠷ ᠂ ᠬᠣᠰᠢᠭᠤᠨ ‍ᠤ ᠠᠷᠠᠳ ‍ᠤᠨ ᠰᠢᠭᠦᠬᠦ ᠬᠣᠷᠢᠶ᠎ᠠ 6 . 02 ᠬᠠᠷ᠎ᠠ ᠪᠦᠯᠦᠭᠳᠡᠨ ᠤ ᠴᠢᠨᠠᠷᠲᠠᠶ ᠬᠡᠷᠡᠭ ‍ᠢ ᠰᠢᠭᠦᠨ ᠳᠠᠰᠣᠯᠬᠣ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ ᠨᠡᠶᠢᠬᠡᠮ ‍ᠦᠨ ᠠᠩᠬᠠᠷᠤᠯ ‍ᠢ ᠶᠡᠬᠡᠳᠡ ᠲᠠᠲᠠᠭᠰᠠᠨ ᠯᠢᠦ ᠬᠠᠢ ᠳ᠋ᠦᠩ ᠂ ᠯᠢ ᠫᠦᠸᠸ ᠵᠡᠷᠭᠡ 39 ᠬᠥᠮᠥᠨ ᠤ ᠬᠠᠷ᠎ᠠ ᠪᠦᠯᠦᠭᠳᠡᠨ ᠤ ᠴᠢᠨᠠᠷᠲᠠᠶ ᠵᠣᠬᠢᠶᠠᠨ ᠪᠠᠶᠢᠭᠣᠯᠣᠯᠳᠠ ᠶ᠋ᠢ ᠵᠣᠬᠢᠶᠠᠨ ᠪᠠᠶᠢᠭᠣᠯᠣᠭᠰᠠᠨ ᠂ ᠤᠳᠤᠷᠢᠳᠤᠭᠰᠠᠨ ᠂ ᠲᠡᠭᠦᠨ ᠳ᠋ᠦ ᠣᠷᠣᠯᠴᠠᠭᠰᠠᠨ ᠶᠠᠯ᠎ᠠ ᠂ ᠬᠡᠷᠡᠭ ᠥᠳᠥᠭᠡᠵᠦ ᠬᠡᠷᠡᠭ ᠡᠳᠦᠭᠰᠡᠨ ᠶᠠᠯ᠎ᠠ ᠂ ᠣᠯᠠᠭᠤᠯᠠ ᠨᠡᠶᠢᠯᠡᠵᠦ ᠵᠣᠳᠣᠭᠠᠨ ᠬᠢᠭᠰᠡᠨ ᠶᠠᠯ᠎ᠠ ᠵᠡᠷᠭᠡ 13 ᠵᠦᠶ᠋ᠯ ‍ᠦᠨ ᠶᠠᠯ᠎ᠠ ᠶ᠋ᠢᠨ ᠨᠡᠷ᠎ᠡ ᠪᠦᠬᠦᠢ ᠬᠠᠷ᠎ᠠ ᠪᠦᠯᠦᠭᠳᠡᠨ ᠤ ᠴᠢᠨᠠᠷᠲᠠᠶ ᠴᠢᠬᠤᠯᠠ ᠶᠡᠬᠡ ᠬᠡᠷᠡᠭ ‍ᠦᠨ ᠨᠢᠭᠡᠳᠦᠭᠡᠷ ᠰᠢᠭᠦᠯᠲᠡ ᠶ᠋ᠢᠨ ᠲᠠᠰᠤᠯᠤᠯᠲᠠ ᠶ᠋ᠢ ᠢᠯᠡ ᠪᠡᠷ ᠵᠠᠷᠯᠠᠪᠠ ᠃
         ᠡᠯ᠎ᠡ ᠬᠠᠷ᠎ᠠ ᠪᠦᠯᠦᠭᠳᠡᠨ ᠬᠠᠷᠭᠢᠰ ᠬᠦᠴᠦᠨ ᠵᠠᠯᠭᠠᠭ᠎ᠠ ᠵᠠᠯᠭᠠᠭ᠎ᠠ ᠪᠠᠷ ᠪᠠᠷᠢᠪᠴᠢᠯᠠᠭᠳᠠᠵᠣ ᠂ ᠬᠠᠷ᠎ᠠ ᠪᠦᠯᠦᠭᠳᠡᠨ ᠬᠠᠷᠭᠢᠰ ᠬᠦᠴᠦᠨ ᠳ᠋ᠦ ᠬᠣᠯᠪᠣᠭᠳᠠᠭᠰᠠᠨ ᠬᠡᠷᠡᠭ ‍ᠢ ᠵᠠᠯᠭᠠᠭ᠎ᠠ ᠵᠠᠯᠭᠠᠭ᠎ᠠ ᠪᠠᠷ ᠢᠯᠡᠷᠡᠭᠦᠯᠵᠦ ᠂ ᠡᠨᠡ ᠬᠦ ᠴᠢᠬᠤᠯᠠ ᠶᠡᠬᠡ ᠲᠣᠬᠢᠷᠠᠭᠣᠯᠣᠯᠳᠠ ᠳᠤᠮᠳᠠ ᠂ ᠮᠠᠨ ‍ᠤ ᠬᠣᠰᠢᠭᠤᠨ ‍ᠤ ᠬᠠᠷ᠎ᠠ ᠪᠦᠯᠦᠭᠳᠡᠨ ᠬᠠᠷᠭᠢᠰ ᠬᠦᠴᠦᠨ ᠳ᠋ᠦ ᠬᠣᠯᠪᠣᠭᠳᠠᠭᠰᠠᠨ ᠢᠯᠵᠢᠷᠡᠯ ‍ᠢ ᠵᠠᠯᠬᠠᠭᠠᠨ ᠰᠢᠢᠳᠬᠡᠵᠦ ᠂ 《 ᠬᠠᠮᠠᠭᠠᠯᠠᠭᠴᠢ 》 ᠳ᠋ᠥ ᠡᠷᠡᠰ ᠴᠣᠬᠢᠯᠳᠠ ᠦᠭᠴᠦ ᠂ ᠬᠠᠷ᠎ᠠ ᠪᠦᠯᠦᠭᠳᠡᠨ ᠬᠠᠷᠭᠢᠰ ᠬᠦᠴᠦᠨ ‍ᠢ ᠴᠡᠪᠡᠷᠯᠡᠨ ᠠᠷᠢᠯᠭᠠᠵᠤ ᠂ ᠱᠠᠳᠣ ᠦᠶᠡᠴᠢ ᠴᠢᠨᠠᠷᠲᠠᠢ ᠦᠷ᠎ᠡ ᠪᠦᠲᠦᠭᠡᠯ ᠣᠯᠵᠤ ᠂ ᠠᠷᠠᠳ ᠣᠯᠠᠨ ‍ᠤ ᠠᠮᠤᠷ ᠲᠦᠪᠰᠢᠨ ‍ᠦ ᠲᠥᠷᠥᠭᠳᠡᠯ ‍ᠢ ᠲᠡᠭᠡᠭᠰᠢᠯᠡᠭᠦᠯᠦᠭᠰᠡᠨ ᠪᠠᠶᠢᠨ᠎ᠠ ᠃

        ᠰᠢᠨ ᠵᠧᠨ ᠪᠠᠯᠭᠠᠰᠤᠨ ‍ᠤ ᠱᠢ ᠪᠧᠢ ᠲᠣᠰᠬᠣᠨ ᠵᠠᠩ ᠣᠪᠣᠭᠲᠤ ᠄ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠭᠰᠠᠨ ᠡᠴᠠ ᠨᠠᠰᠢ ᠮᠠᠰᠢ ᠶᠡᠬᠡ ᠲᠥᠬᠥᠮ ᠦᠵᠡᠭᠦᠯᠦᠭᠰᠡᠨ ᠪᠠᠶᠢᠨ᠎ᠠ ᠂ ᠮᠠᠨ ‍ᠤ ᠭᠡᠷ ᠪᠣᠯᠭᠠᠨ ᠳ᠋ᠥ ᠨᠢᠭᠡ ᠬᠠᠭᠤᠳᠠᠰᠤ ᠴᠠᠭᠠᠰᠤ ᠲᠠᠷᠬᠠᠭᠠᠵᠤ ᠂ ᠳᠣᠲᠣᠷ᠎ᠠ ᠨᠢ ᠢᠯᠡᠴᠢᠯᠡᠨ ᠮᠡᠳᠡᠭᠦᠯᠬᠦ ᠤᠲᠠᠰᠤ ᠵᠡᠷᠭᠡ ᠨᠢ ᠪᠦᠷ ᠪᠠᠶᠢᠨ᠎ᠠ ᠃

       ᠠᠷᠠᠳ ᠣᠯᠠᠨ ‍ᠤ ᠬᠠᠮᠤᠭ ‍ᠤᠨ ᠴᠢᠩᠭ᠎ᠠ ᠲᠤᠰᠬᠠᠯ ᠲᠠᠢ ᠠᠰᠠᠭᠤᠳᠠᠯ ᠡᠴᠠ ᠭᠠᠷᠳᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ‍ᠦ ᠶᠠᠯᠠᠲᠤ ᠠᠵᠢᠯᠯᠠᠭ᠎ᠠ ᠂ ᠬᠠᠷ᠎ᠠ ᠪᠦᠯᠦᠭᠲᠡᠨ ᠬᠠᠷᠭᠢᠰ ᠬᠦᠴᠦᠨ ᠳ᠋ᠦ ᠬᠣᠯᠪᠣᠭᠳᠠᠭᠰᠠᠨ ᠢᠯᠵᠢᠷᠡᠯ ᠪᠠ 《 ᠬᠠᠮᠠᠭᠠᠯᠠᠭᠴᠢ 》 ᠵᠢᠨ ᠠᠰᠠᠭᠤᠳᠠᠯ ‍ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ ᠂ ᠲᠥᠪ ᠡᠴᠡ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ‍ᠢ ᠲᠣᠬᠢᠷᠠᠭᠣᠯᠣᠭᠰᠠᠨ ᠡᠴᠠ ᠨᠠᠰᠢ ᠂ ᠬᠣᠰᠢᠭᠤᠨ ᠤ ᠳᠣᠲᠣᠭᠠᠳᠤ ᠶ᠋ᠢ ᠬᠠᠮᠠᠭᠠᠯᠠᠬᠤ ᠪᠠᠶᠢᠭᠤᠯᠤᠯᠭ᠎ᠠ ᠡᠴᠦᠰ ᠲᠦ᠋ᠨᠢ ᠲᠤᠯᠲᠠᠯ᠎ᠠ ᠪᠠᠶᠢᠴᠠᠭᠠᠵᠤ ᠂ ᠶᠠᠭᠠᠬᠢᠭᠰᠠᠨ ᠴᠤ ᠢᠯᠳᠠᠷ ᠬᠠᠶᠠᠬᠤ ᠦᠭᠡᠢ ᠪᠠᠶᠢᠵᠣ ᠂ ᠬᠠᠷ᠎ᠠ ᠪᠦᠯᠦᠭᠲᠡᠨ ᠬᠠᠷᠭᠢᠰ ᠬᠦᠴᠦᠨ ‍ᠦ ᠡᠭᠦᠰᠦᠭᠰᠡᠨ ᠬᠥᠷᠥᠰᠥ ᠰᠢᠷᠣᠢ ᠶ᠋ᠢ ᠪᠦᠬᠦ ᠬᠦᠴᠦᠨ ‍ᠢᠶ᠋ᠡᠷ ‍ᠢᠶ᠋ᠡᠨ  ᠠᠷᠢᠯᠭᠠᠭᠰᠠᠨ ᠪᠠᠶᠢᠨ᠎ᠠ ᠃

       ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠲᠣᠪᠴᠢᠶᠠᠨ ‍ᠤ ᠡᠷᠡᠭᠦᠦ ᠶ᠋ᠢᠨ ᠬᠡᠷᠡᠭ ‍ᠢ ᠪᠠᠶᠢᠴᠠᠭᠠᠬᠣ ᠲᠣᠪᠴᠢᠶᠠᠨ ‍ᠤ ᠳᠡᠳ᠋ ᠳᠠᠷᠤᠭ᠎ᠠ ᠸᠠᠩ ᠯᠢ ᠮᠢᠩ ᠄ ᠡᠨᠡ ᠤᠳᠠᠭᠠᠨ ‍ᠤ ᠲᠤᠰᠬᠠᠶ ᠲᠡᠮᠡᠴᠡᠯ ᠪᠣᠯ ᠦᠨᠳᠦᠰᠦᠨ ᠱᠠᠲᠤᠨ ᠳ᠋ᠤ ᠢᠯᠡᠷᠡᠭᠰᠡᠨ ᠡᠳᠡᠭᠡᠷ ᠬᠠᠤᠯᠢ ᠶ᠋ᠢ ᠵᠥᠷᠢᠴᠡᠭᠰᠡᠨ ᠶᠠᠯᠠᠲᠤ ᠠᠵᠢᠯᠯᠠᠭ᠎ᠠ ᠶ᠋ᠢ ᠪᠦᠬᠦᠨ ‍ᠢ ᠪᠠᠶᠢᠴᠠᠭᠠᠨ ᠭᠠᠷᠭᠠᠵᠤ ᠂ ᠰᠢᠢᠳᠪᠦᠷᠢᠯᠡᠬᠦ ᠪᠣᠯᠤᠨ᠎ᠠ ᠃

        2019 ᠣᠨ ᠤ 5 ᠰᠠᠷ᠎ᠠ ᠶ᠋ᠢᠨ ᠰᠡᠭᠦᠯᠴᠢ ᠪᠣᠯᠲᠠᠯ᠎ᠠ ᠂ ᠬᠣᠰᠢᠭᠤᠨ ᠤ ᠳᠣᠲᠣᠭᠠᠳᠤ ᠶ᠋ᠢ ᠬᠠᠮᠠᠭᠠᠯᠠᠬᠤ ᠪᠠᠶᠢᠭᠣᠯᠣᠯᠭ᠎ᠠ ᠲᠦᠩᠯᠢᠶᠣᠤ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠵᠢᠭᠠᠵᠣ ᠲᠣᠭᠲᠠᠭᠠᠭᠰᠠᠨ ᠬᠠᠷᠢᠶᠠᠨ ᠳ᠋ᠠᠬᠢ ᠬᠠᠷ᠎ᠠ ᠪᠦᠯᠦᠭᠳᠡᠨ ᠳ᠋ᠦ ᠬᠣᠯᠪᠣᠭᠳᠠᠭᠰᠠᠨ 1 ᠵᠣᠬᠢᠶᠠᠨ ᠪᠠᠶᠢᠭᠣᠯᠣᠯᠳᠠ ᠳ᠋ᠥ ᠴᠣᠬᠢᠯᠳᠠ ᠦᠭᠴᠦ ᠂ 11 ᠶᠠᠯᠠᠲᠤ ᠪᠦᠯᠦᠭ ‍ᠢ ᠴᠡᠪᠡᠷᠯᠡᠨ ᠠᠷᠢᠯᠭᠠᠵᠤ ᠂ ᠬᠠᠷ᠎ᠠ ᠪᠦᠯᠦᠭᠳᠡᠨ ᠬᠠᠷᠭᠢᠰ ᠬᠦᠴᠦᠨ ᠳ᠋ᠦ ᠬᠣᠯᠪᠣᠭᠳᠠᠭᠰᠠᠨ 174 ᠶᠠᠯ᠎ᠠ ᠬᠢᠭᠰᠡᠨ ᠰᠡᠵᠢᠭᠳᠡᠨ ‍ᠢ ᠪᠠᠷᠢᠪᠴᠢᠯᠠᠵᠤ ᠂ 112 ᠡᠯ᠎ᠡ ᠲᠥᠷᠥᠯ ‍ᠦᠨ ᠡᠷᠡᠭᠦᠦ ᠶ᠋ᠢᠨ ᠬᠡᠷᠡᠭ ‍ᠢ ᠢᠯᠡᠷᠡᠬᠦᠯᠦᠨ ᠂ ᠬᠠᠷᠭᠢᠰ ᠬᠦᠴᠦᠨ ᠳ᠋ᠦ ᠬᠣᠯᠪᠣᠭᠳᠠᠭᠰᠠᠨ 148 ᠠᠮᠤᠷ ‍ᠢ ᠬᠠᠮᠠᠭᠠᠯᠠᠬᠤ ᠬᠡᠷᠡᠭ ‍ᠢ ᠢᠯᠡᠷᠡᠭᠦᠯᠵᠦ ᠂ 211 ᠬᠥᠮᠦᠨ ‍ᠢ ᠰᠢᠢᠳᠭᠡᠭᠰᠡᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ