ᠪᠦᠬᠦ ᠬᠣᠰᠢᠭᠤᠨ ‍ᠤ ᠮᠣᠩᠭᠣᠯ ᠬᠢᠲᠠᠳ ᠬᠣᠶᠠᠷ ᠵᠦᠢᠯ ‍ᠦᠨ ᠦᠰᠦᠭ ᠪᠢᠴᠢᠭ ‍ᠢ ᠵᠡᠷᠭᠡ ᠪᠡᠷ ᠬᠡᠷᠡᠭᠯᠡᠬᠦ ᠠᠵᠢᠯ ‍ᠢ ᠠᠬᠢᠭᠤᠯᠬᠤ ᠬᠤᠷᠠᠯ ᠶᠠᠪᠣᠭᠳᠠᠭᠰᠠᠨ

ᠣᠩᠰᠢᠭᠰᠠᠨ ᠤᠳᠠᠭ᠎ᠠ ᠄ 418     ᠨᠡᠶᠢᠳᠡᠯᠡᠭᠰᠡᠨ ᠴᠠᠭ ᠄ 2019/6/13 17:47:54

   

        6 ᠳ᠋ᠣᠭᠠᠷ ᠰᠠᠷ᠎ᠠ ᠶ᠋ᠢᠨ 12 ‍ᠤᠨ ᠡᠳᠦᠷ ᠂ ᠪᠥᠬᠥ ᠬᠣᠰᠢᠭᠤᠨ ‍ᠤ ᠮᠣᠩᠭᠣᠯ ᠬᠢᠲᠠᠳ ᠬᠣᠶᠠᠷ ᠵᠦᠢᠯ ‍ᠦᠨ ᠥᠰᠥᠭ ᠪᠢᠴᠢᠭ ‍ᠢ ᠵᠡᠷᠭᠡ ᠪᠡᠷ ᠬᠡᠷᠡᠭᠯᠡᠬᠦ ᠠᠵᠢᠯ ‍ᠢ ᠠᠬᠢᠭᠤᠯᠬᠤ ᠬᠤᠷᠠᠯ ᠬᠤᠷᠠᠯᠳᠤᠭᠤᠯᠵᠤ ᠂ ᠪᠥᠬᠥ ᠬᠣᠰᠢᠭᠤᠨ ‍ᠤ ᠮᠣᠩᠭᠣᠯ ᠬᠢᠲᠠᠳ ᠬᠣᠶᠠᠷ ᠵᠦᠶ᠋ᠯ ‍ᠦᠨ ᠥᠰᠥᠭ ᠪᠢᠴᠢᠭ ‍ᠢ ᠵᠡᠷᠭᠡ ᠪᠡᠷ ᠬᠡᠷᠡᠭᠯᠡᠬᠦ ᠠᠵᠢᠯ ‍ᠢ ᠥᠷᠨᠢᠭᠦᠯᠬᠦ ᠳ᠋ᠦ ᠲᠣᠬᠢᠷᠠᠭᠤᠯᠤᠯᠲᠠ ᠬᠢᠵᠦ ᠂ 6 ᠰᠠᠷ᠎ᠠ ᠶ᠋ᠢᠨ 12 ‍ᠤᠨ ᠡᠳᠦᠷ ᠡᠴᠡ 7 ᠰᠠᠷ᠎ᠠ ᠶ᠋ᠢᠨ 12 ‍ᠤᠨ ᠡᠳᠦᠷ ᠪᠣᠯᠲᠠᠯ᠎ᠠ ᠂ 《 ᠨᠠᠢᠮᠠᠨ ᠬᠣᠰᠢᠭᠤᠨ ‍ᠤ ᠨᠡᠶᠢᠬᠡᠮ ᠳᠡᠬᠡᠷᠡᠬᠢ ᠬᠡᠷᠡᠭᠯᠡᠭᠡᠨ ‍ᠦ ᠪᠢᠴᠢᠭ ᠲᠥ ᠮᠣᠩᠭᠣᠯ ᠬᠢᠲᠠᠳ ᠥᠰᠥᠭ ᠪᠢᠴᠢᠭ ‍ᠢ ᠵᠡᠷᠭᠡ ᠪᠡᠷ ᠬᠡᠷᠡᠭᠯᠡᠬᠦ ᠠᠵᠢᠯ ‍ᠢ ᠠᠬᠢᠭᠤᠯᠬᠤ ᠰᠠᠷ᠎ᠠ 》 ᠶ᠋ᠢᠨ ᠠᠵᠢᠯᠯᠠᠭ᠎ᠠ ᠶ᠋ᠢ ᠥᠷᠨᠢᠭᠦᠯᠵᠦ ᠂ ᠣᠶᠤᠨ ᠴᠢᠳᠠᠯ ᠢᠶᠡᠨ ᠲᠥᠪᠯᠡᠷᠡᠭᠦᠯᠦᠨ ᠠᠰᠠᠭᠤᠳᠠᠯ ‍ᠢ ᠣᠨᠣᠪᠴᠢᠲᠠᠶ ᠡᠷᠢᠨ ᠣᠯᠵᠤ ᠂ ᠱᠠᠭᠠᠷᠳᠠᠯᠭ᠎ᠠ ᠵᠢ ᠳᠣᠳᠣᠷᠬᠠᠢ ᠳᠤᠷᠠᠳᠴᠤ ᠂ ᠴᠡᠭᠴᠡᠯᠡᠨ ᠰᠠᠶᠢᠵᠢᠷᠠᠭᠤᠯᠬᠤ ᠶ᠋ᠢ ᠴᠢᠩᠭ᠎ᠠ ᠠᠳᠬᠣᠨ ᠂ ᠪᠥᠬᠥ ᠬᠣᠰᠢᠭᠤᠨ ‍ᠤ ᠨᠡᠶᠢᠬᠡᠮ ᠳᠡᠬᠡᠷᠡᠬᠢ ᠮᠣᠩᠭᠣᠯ ᠬᠢᠲᠠᠳ ᠬᠣᠶᠠᠷ ᠵᠦᠢᠯ ‍ᠦᠨ ᠥᠰᠥᠭ ᠪᠢᠴᠢᠭ ‍ᠢ ᠬᠡᠷᠡᠭᠯᠡᠬᠦ ᠠᠵᠢᠯ ‍ᠤᠨ ᠳᠠᠪᠰᠢᠯᠲᠠ ᠶ᠋ᠢᠨ ᠵᠢᠷᠤᠮᠵᠢᠯᠲᠠ ᠂ ᠳᠦᠷᠢᠮᠵᠢᠯᠲᠡ ᠶ᠋ᠢ ᠠᠬᠢᠭᠣᠯᠬᠣ ᠪᠣᠯᠣᠨ᠎ᠠ ᠃

        ᠬᠤᠷᠠᠯ ᠡᠴᠠ ᠱᠠᠭᠠᠷᠳᠠᠭᠰᠠᠨ ᠨᠢ ᠂ ᠪᠦᠬᠦ ᠬᠣᠰᠢᠭᠤᠨ ‍ᠤ ᠡᠯ᠎ᠡ ᠰᠠᠯᠠᠭ᠎ᠠ ᠮᠥᠴᠢᠷ ᠨᠢᠭᠡᠴᠡ ᠶ᠋ᠢᠨ ᠡᠭᠦᠳᠡᠨ ᠫᠠᠶᠢᠰᠠ ᠢᠯᠡᠷᠬᠡᠶᠢᠯᠡᠯ ᠂ ᠵᠢᠷᠤᠭ ‍ᠤᠨ ᠨᠢᠭᠤᠷ ᠂ ᠤᠬᠠᠭᠤᠯᠭ᠎ᠠ ᠶ᠋ᠢᠨ ᠰᠠᠮᠪᠠᠷ᠎ᠠ ᠂ ᠠᠯᠪᠠᠨ ᠵᠠᠷ ‍ᠤᠨ ᠰᠠᠮᠪᠠᠷ᠎ᠠ ᠂ ᠡᠯᠸᠺᠲ᠋ᠷᠣᠨ ᠳᠡᠯᠭᠡᠴᠡ ᠵᠡᠷᠬᠡ ᠳ᠋ᠥ ᠮᠣᠩᠭᠣᠯ ᠬᠢᠲᠠᠳ ᠦᠰᠦᠭ ᠪᠢᠴᠢᠭ ‍ᠢ ᠵᠡᠷᠭᠡ ᠪᠡᠷ ᠬᠡᠷᠡᠭᠯᠡᠵᠦ ᠂ ᠬᠣᠰᠢᠭᠤᠨ ‍ᠤ ᠳᠣᠳᠣᠨᠠᠬᠢ ᠡᠯ᠎ᠡ ᠰᠠᠯᠠᠭ᠎ᠠ ᠮᠥᠴᠢᠷ ᠨᠢᠭᠡᠴᠡ ᠶ᠋ᠢᠨ ᠬᠤᠷᠠᠯ ‍ᠤᠨ ᠲᠡᠮᠳᠡᠭ ᠂ ᠰᠠᠭᠤᠳᠠᠯ ‍ᠤᠨ ᠲᠡᠮᠳᠡᠭ ᠵᠡᠷᠭᠡ ᠶ᠋ᠢ ᠡᠷᠬᠡᠪᠰᠢ ᠮᠣᠩᠭᠣᠯ ᠬᠢᠲᠠᠳ ᠦᠰᠦᠭ ᠪᠢᠴᠢᠭ ᠵᠢ ᠵᠡᠷᠭᠡ ᠪᠡᠷ ᠬᠡᠷᠡᠭᠯᠡᠵᠦ ᠂ ᠡᠯ᠎ᠡ ᠪᠠᠶᠢᠭᠤᠯᠭ᠎ᠠ ᠨᠢᠭᠡᠴᠡ ᠶ᠋ᠢᠨ ᠵᠠᠷ ᠮᠡᠳᠡᠭᠡ ᠂ ᠤᠬᠠᠭᠤᠯᠭ᠎ᠠ ᠶ᠋ᠢᠨ ᠳᠡᠪᠲᠡᠷ ᠂ ᠤᠬᠠᠭᠤᠯᠭ᠎ᠠ ᠶ᠋ᠢᠨ ᠬᠠᠭᠤᠳᠠᠰᠤ ᠂ ᠡᠯᠭᠦᠭᠡ ᠪᠢᠴᠢᠭᠡᠰᠦ ᠵᠡᠷᠭᠡ ᠶ᠋ᠢ  ᠮᠣᠩᠭᠣᠯ ᠬᠢᠲᠠᠳ ᠦᠰᠦᠭ ᠪᠢᠴᠢᠭ ‍ᠢ ᠵᠡᠷᠭᠡ ᠪᠡᠷ ᠬᠡᠷᠡᠭᠯᠡᠵᠦ ᠂ ᠮᠣᠩᠭᠣᠯ ᠬᠢᠲᠠᠳ ᠦᠰᠦᠭ ᠪᠢᠴᠢᠭ ‍ᠢ ᠵᠡᠷᠭᠡ ᠪᠡᠷ ᠬᠡᠷᠡᠭᠯᠡᠵᠦ ᠡᠰᠡ ᠴᠢᠳᠠᠭᠰᠠᠨ ᠬᠣᠰᠢᠭᠤᠨ ‍ᠤ ᠳᠣᠳᠣᠨᠠᠬᠢ ᠡᠯ᠎ᠡ ᠲᠥᠷᠥᠯ ‍ᠤᠨ ᠠᠰᠠᠷ ‍ᠤᠨ ᠣᠷᠣᠢ ᠶ᠋ᠢᠨ ᠤᠬᠠᠭᠤᠯᠭ᠎ᠠ ᠶ᠋ᠢᠨ ᠵᠠᠷ ᠮᠡᠳᠡᠭᠡ ᠂ ᠭᠡᠷᠡᠯᠲᠤ ᠦᠰᠦᠭ ᠵᠡᠷᠭᠡ ᠶ᠋ᠢ ᠴᠡᠪᠡᠷᠯᠡᠨ ᠴᠡᠭᠴᠡᠯᠡᠬᠦ ᠠᠵᠢᠯ ‍ᠢ ᠪᠡᠶᠡᠯᠡᠭᠦᠯᠬᠦ ᠬᠡᠷᠡᠭᠲᠡᠶ ᠃ ᠬᠣᠰᠢᠭᠤᠨ ᠤ ᠳᠣᠳᠣᠨᠠᠬᠢ ᠡᠯ᠎ᠡ ᠦᠶ᠋ᠯᠡᠴᠢᠯᠡᠭᠡᠨ ‍ᠦ ᠴᠣᠩᠬᠣᠪᠴᠢ ᠨᠢᠭᠡᠴᠡ ᠳ᠋ᠦ ᠬᠣᠤᠰ ᠬᠡᠯᠡᠨ ‍ᠦ ᠦᠶ᠋ᠯᠡᠴᠢᠯᠡᠭᠡᠨ ‍ᠦ ᠠᠵᠢᠯ ‍ᠤᠨ ᠪᠠᠶᠢᠷᠢ ᠲᠣᠬᠢᠷᠠᠭᠤᠯᠬᠤ ᠪᠠ ᠮᠣᠩᠭᠣᠯ ᠬᠢᠲᠠᠳ ᠬᠣᠶᠠᠷ ᠬᠡᠯᠡᠨ ᠳ᠋ᠦ ᠨᠡᠪᠲᠡᠷᠡᠭᠰᠡᠨ ᠬᠥᠮᠦᠰ ᠲᠦ ᠵᠣᠬᠢᠬᠤ ᠠᠵᠢᠯ ᠲᠣᠬᠢᠷᠠᠭᠤᠯᠵᠤ ᠂ ᠡᠯ᠎ᠡ ᠰᠠᠯᠠᠭ᠎ᠠ ᠮᠥᠴᠢᠷ ᠨᠢᠭᠡᠴᠡ ᠡᠴᠡ ᠪᠠᠭᠤᠯᠭᠠᠭᠰᠠᠨ ᠴᠥᠭᠡᠨ ᠲᠣᠭᠠᠲᠤ ᠦᠨᠳᠦᠰᠦᠲᠡᠨ ‍ᠦ ᠣᠯᠠᠨ ᠲᠦᠮᠡᠨ ‍ᠦ ᠲᠤᠰ ᠪᠡᠶ᠎ᠡ ᠶ᠋ᠢᠨ ᠠᠰᠢᠭ ᠲᠤᠰᠠ ᠲᠠᠶ ᠰᠢᠭᠤᠳ ᠬᠣᠯᠪᠣᠭ᠎ᠠ ᠲᠠᠶ ᠪᠢᠴᠢᠭ ᠮᠠᠲ᠋ᠧᠷᠢᠶᠠᠯ ‍ᠢ ᠮᠣᠩᠭᠣᠯ ᠬᠢᠲᠠᠳ ᠬᠣᠤᠰ ᠬᠡᠯᠡ ᠪᠡᠷ ᠵᠡᠷᠭᠡ ᠪᠡᠷ ᠬᠡᠷᠡᠭᠯᠡᠬᠦ ᠶ᠋ᠢ ᠪᠡᠶᠡᠯᠡᠭᠦᠯᠵᠦ ᠂ ᠬᠣᠰᠢᠭᠤᠨ ᠤ ᠳᠣᠳᠣᠨᠠᠬᠢ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ‍ᠤ ᠡᠷᠦᠬᠡ ( ᠠᠵᠤ ᠠᠬᠤᠢᠯᠠᠯ ) ᠶ᠋ᠢᠨ ᠵᠠᠷ ‍ᠤᠨ ᠢᠯᠡᠷᠬᠡᠶᠢᠯᠡᠯ ‍ᠢ ᠮᠣᠩᠭᠣᠯ ᠬᠢᠲᠠᠳ ᠦᠰᠦᠭ ‍ᠢᠶ᠋ᠡᠷ ᠵᠡᠷᠭᠡ ᠪᠡᠷ ᠬᠡᠷᠡᠭᠯᠡᠬᠦ ᠶ᠋ᠢ ᠪᠡᠶᠡᠯᠡᠬᠦᠯᠬᠦ ᠬᠡᠷᠡᠭᠳᠡᠢ ᠃ ᠮᠣᠩᠭᠣᠯ ᠦᠭᠡ ᠬᠡᠯᠡ ᠥᠰᠥᠭ ᠪᠢᠴᠢᠭ ‍ᠢ ᠬᠡᠷᠡᠭᠯᠡᠭᠰᠡᠨ ᠥᠬᠡᠶ ᠪᠤᠶᠤ ᠵᠢᠷᠤᠮᠵᠢᠯ ᠲᠠᠶ ᠬᠡᠷᠡᠭᠯᠡᠭᠰᠡᠨ ᠥᠬᠡᠶ ᠭᠠᠵᠠᠷ ‍ᠤᠨ ᠨᠡᠷ᠎ᠡ ᠶ᠋ᠢᠨ ᠲᠡᠮᠳᠡᠭ ᠫᠠᠶᠢᠰᠠ ᠂ ᠵᠠᠮ ‍ᠤᠨ ᠲᠡᠮᠳᠡᠭ ᠂ ᠵᠢᠭᠠᠯᠲᠠ ᠫᠠᠶᠢᠰᠠ ᠵᠢ ᠴᠡᠭᠴᠡᠯᠡᠨ ᠰᠠᠶᠢᠵᠢᠷᠠᠭᠣᠯᠬᠣ ᠶ᠋ᠢᠨ ᠬᠠᠮᠳᠣ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠵᠢ ᠪᠠᠶᠢᠭᠣᠯᠣᠨ ᠳᠡᠬᠦᠯᠳᠡᠷᠵᠢᠬᠦᠯᠵᠦ ᠂ ᠪᠦᠬᠦ ᠬᠣᠰᠢᠭᠣᠨ ᠤ ᠨᠡᠶᠢᠬᠡᠮ ᠳᠡᠬᠡᠷᠡᠬᠢ ᠬᠡᠷᠡᠭᠯᠡᠭᠡᠨ ‍ᠦ ᠪᠢᠴᠢᠭ ᠲᠣ ᠮᠣᠩᠭᠣᠯ ᠬᠢᠲᠠᠳ ᠦᠰᠦᠭ ‍ᠢ ᠵᠡᠷᠭᠡ ᠳ᠋ᠥ ᠨᠢ ᠬᠡᠷᠡᠭᠯᠡᠬᠦ ᠠᠵᠢᠯ ‍ᠢ ᠦᠷᠭᠦᠯᠵᠢᠯᠡᠨ ᠂ ᠵᠢᠷᠤᠮᠵᠢᠯ ᠲᠠᠶ ᠂ ᠡᠮᠬᠢ ᠵᠢᠷᠤᠮ ᠲᠠᠶ ᠬᠥᠭᠵᠢᠭᠦᠯᠬᠦ ᠵᠢ ᠦᠨᠡᠨᠬᠦ ᠪᠠᠳᠣᠯᠠᠬᠣ ᠬᠡᠷᠡᠭᠳᠡᠢ ᠬᠡᠵᠡᠢ ᠃

       ᠬᠣᠰᠢᠭᠤᠨ ᠤ ᠠᠷᠠᠳ ‍ᠤᠨ ᠵᠠᠰᠠᠭ ‍ᠤᠨ ᠣᠷᠳᠣᠨ ‍ᠤ ᠳᠡᠳ᠋ ᠬᠣᠰᠢᠭᠣᠨ ᠳᠠᠷᠣᠭ᠎ᠠ ᠦ᠋ ᠵᠢᠶᠦ᠋ᠨ ᠮᠢᠩ ᠬᠤᠷᠠᠯ ᠳ᠋ᠤ ᠰᠠᠭᠠᠳᠠᠵᠣ ᠂ ᠬᠣᠰᠢᠭᠤᠨ ᠤ ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠂ ᠵᠡᠭᠡᠯᠢ ᠭᠤᠳᠤᠮᠵᠢ ᠂ ᠬᠣᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠂ ᠨᠢᠭᠡᠴᠡ ᠶ᠋ᠢᠨ ᠬᠠᠮᠢᠶ᠎ᠠ ᠪᠦᠬᠦᠢ ᠬᠥᠮᠦᠰ ᠬᠤᠷᠠᠯ ᠳ᠋ᠤ ᠣᠷᠣᠯᠴᠠᠪᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ