ᠬᠣᠰᠢᠭᠤᠨ ᠤ ᠠᠷᠪᠠᠨ ᠬᠣᠶᠠᠳᠤᠭᠠᠷ ᠬᠤᠭᠤᠴᠠᠭᠠᠨ ‍ᠤ ᠨᠠᠮ ‍ᠤᠨ ᠬᠣᠷᠢᠶ᠎ᠠ ᠶ᠋ᠢᠨ 113 ᠳ᠋ᠤᠭᠠᠷ ᠤᠳᠠᠭᠠᠨ ‍ᠤ ᠪᠠᠶᠢᠩᠭᠤ ᠶ᠋ᠢᠨ ᠬᠣᠷᠢᠶᠠᠨ ᠤ ( ᠥᠷᠭᠡᠳᠬᠡᠭᠰᠡᠨ ) ᠬᠤᠷᠠᠯ ᠶᠠᠪᠣᠭᠳᠠᠭᠰᠠᠨ

ᠣᠩᠰᠢᠭᠰᠠᠨ ᠤᠳᠠᠭ᠎ᠠ ᠄ 59     ᠨᠡᠶᠢᠳᠡᠯᠡᠭᠰᠡᠨ ᠴᠠᠭ ᠄ 2019/6/20 14:54:34

 
       6 ᠳ᠋ᠤᠭᠠᠷ ᠰᠠᠷ᠎ᠠ ᠶ᠋ᠢᠨ 17 ‍ᠤ ᠡᠳᠦᠷ ᠂ ᠬᠣᠰᠢᠭᠤᠨ ᠤ ᠨᠠᠮ ‍ᠤᠨ ᠬᠣᠷᠢᠶᠠᠨ ᠤ ᠱᠦᠵᠢ ᠵᠠᠩ ᠬᠤᠸᠠ ᠬᠣᠰᠢᠭᠤᠨ ‍ᠤ ᠠᠷᠪᠠᠨ ᠬᠣᠶᠠᠳᠤᠭᠠᠷ ᠬᠤᠭᠤᠴᠠᠭᠠᠨ ‍ᠤ ᠨᠠᠮ ‍ᠤᠨ ᠬᠣᠷᠢᠶ᠎ᠠ ᠶ᠋ᠢᠨ 113 ᠳ᠋ᠤᠭᠠᠷ ᠣᠳᠠᠭᠠᠨ ᠤ ᠪᠠᠶᠢᠩᠭᠤ ᠶ᠋ᠢᠨ ᠬᠣᠷᠢᠶ᠎ᠠ ᠶ᠋ᠢᠨ ( ᠥᠷᠭᠡᠳᠬᠡᠭᠰᠡᠨ ) ᠬᠤᠷᠠᠯ ‍ᠢ ᠡᠷᠬᠢᠯᠡᠨ ᠬᠤᠷᠠᠯᠳᠤᠭᠤᠯᠵᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠴᠢᠬᠤᠯᠠ ᠶᠠᠷᠢᠶᠠᠨ ‍ᠤ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠲᠠᠮᠵᠢᠭᠣᠯᠣᠨ ᠰᠤᠷᠤᠯᠴᠠᠵᠤ ᠂ ᠲᠥᠪ ᠂ ᠣᠷᠣᠨ ᠂ ᠬᠣᠲᠠ ᠶ᠋ᠢᠨ ᠨᠠᠮ ‍ᠤᠨ ᠬᠣᠷᠢᠶ᠎ᠠ ᠶ᠋ᠢᠨ ᠬᠣᠯᠪᠣᠭᠳᠠᠯ ᠪᠦᠬᠦᠢ ᠬᠤᠷᠠᠯ ᠂ ᠪᠢᠴᠢᠭ ᠮᠠᠲ᠋ᠧᠷᠢᠶᠠᠯ ‍ᠤᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠶᠢᠳᠠᠪᠣᠷᠢᠵᠢᠭᠣᠯᠵᠣ ᠂ ᠨᠠᠶᠢᠳᠠᠪᠣᠷᠢᠵᠢᠭᠣᠯᠣᠯᠳᠠ ᠶ᠋ᠢᠨ ᠠᠵᠢᠯ ‍ᠢ ᠰᠤᠳᠤᠯᠤᠨ ᠲᠣᠬᠢᠷᠠᠭᠣᠯᠣᠯᠳᠠ ᠬᠢᠭᠰᠡᠨ ᠪᠠᠶᠢᠨ᠎ᠠ ᠃
      ᠬᠤᠷᠠᠯ ᠡᠴᠠ ᠴᠢᠩᠭᠠᠳᠬᠠᠭᠰᠠᠨ ᠨᠢ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶᠠᠪᠤᠳᠠᠯ ‍ᠢ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠶ ᠲᠡᠮᠡᠴᠡᠯ ᠤᠨ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠤ ᠂ ᠭᠣᠤᠯᠯᠠᠬᠤ ᠴᠢᠬᠤᠯᠠ ᠠᠭᠤᠯᠭ᠎ᠠ ᠶ᠋ᠢ ᠣᠶᠢᠯᠭᠠᠨ ᠂ 《 ᠳᠥᠷᠪᠡᠨ ᠤᠬᠠᠮᠰᠠᠷ 》 ‍ᠢ ᠪᠠᠲᠤ ᠪᠤᠢ ᠪᠣᠯᠭᠠᠵᠤ ᠂ 《 ᠳᠥᠷᠪᠡᠨ ᠢᠲᠡᠭᠡᠯ 》 ᠢᠶᠡᠨ ᠪᠠᠲᠤᠳᠬᠠᠨ ᠂ 《 ᠬᠣᠶᠠᠷ ‍ᠢ ᠬᠠᠮᠠᠭᠠᠯᠠᠬᠤ 》 ᠶ᠋ᠢ ᠪᠡᠶᠡᠯᠡᠭᠦᠯᠵᠦ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ‍ᠤᠨ ᠲᠥᠪ ᠬᠣᠷᠢᠶᠠᠨ ‍ᠤ ᠰᠢᠶ᠋ᠳᠪᠦᠷᠢᠲᠦ ᠲᠣᠬᠢᠷᠠᠭᠣᠯᠣᠯᠳᠠ ᠲᠠᠢ ᠨᠢᠭᠡᠳᠬᠡᠬᠦ ᠬᠡᠷᠡᠭᠲᠡᠶ ᠃ ᠲᠥᠪ ‍ᠦᠨ ᠬᠢᠨᠠᠨ ᠵᠢᠯᠣᠭᠣᠳᠬᠤ ᠳᠤᠭᠤᠢᠯᠠᠩ ‍ᠤᠨ ᠥᠪᠡᠷᠲᠡᠭᠡᠨ ᠵᠠᠰᠠᠬᠤ ᠣᠷᠣᠨ ᠳ᠋ᠤ ᠬᠠᠷᠢᠭᠤ ᠲᠤᠰᠬᠠᠭᠰᠠᠨ 6 ᠲᠠᠯ᠎ᠠ ᠶ᠋ᠢᠨ 22 ᠠᠰᠠᠭᠤᠳᠠᠯ ‍ᠤᠨ ᠲᠣᠭᠣᠷᠢᠨ ᠳ᠋ᠤ ᠂ ᡁᠢ ᠱᠦ ᠫᠢᠩ ᠳᠣᠭᠣᠶᠢᠯᠠᠩ ‍ᠤᠨ ᠳᠠᠷᠣᠭ᠎ᠠ ᠡᠴᠡ ᠲᠦᠩᠯᠢᠶᠣᠤ ᠪᠣᠯᠤᠨ ᠮᠠᠨ ‍ᠤ ᠬᠣᠰᠢᠭᠤᠨ ᠳ᠋ᠤ ᠲᠠᠯᠪᠢᠭᠰᠠᠨ ᠬᠢᠨᠠᠨ ᠵᠢᠯᠣᠭᠣᠳᠬᠤ ᠶᠠᠷᠢᠶᠠᠨ ‍ᠤ ᠱᠠᠭᠠᠷᠳᠠᠯᠭ᠎ᠠ ᠲᠠᠶ ᠬᠠᠷᠢᠴᠠᠭᠣᠯᠵᠣ ᠂ ᠠᠵᠢᠯ ‍ᠤᠨ ᠳᠤᠮᠳᠠᠬᠢ ᠳᠤᠲᠠᠭᠤᠳᠠᠯ ᠪᠣᠯᠤᠨ ᠠᠰᠠᠭᠤᠳᠠᠯ ‍ᠢ ᠭᠦᠨᠵᠡᠭᠡᠢ ᠪᠠᠶᠢᠴᠠᠭᠠᠨ ᠂ ᠴᠡᠭᠴᠡᠯᠡᠨ ᠰᠠᠶᠢᠵᠢᠷᠠᠭᠣᠯᠬᠣ ᠲᠥᠰᠦᠯ ‍ᠢ ᠱᠠᠯᠠᠪᠳᠠᠨ ᠰᠤᠳᠤᠯᠤᠨ ᠲᠣᠭᠲᠠᠭᠠᠵᠤ ᠂ ᠴᠡᠭᠴᠡᠯᠡᠨ ᠰᠠᠶᠢᠵᠢᠷᠠᠭᠣᠯᠬᠣ ᠡᠭᠦᠷᠭᠡ ᠶ᠋ᠢᠨ ᠨᠠᠷᠢᠨ ᠳᠠᠩᠰᠠ ᠪᠣᠯᠤᠨ ᠠᠵᠢᠯ ‍ᠤᠨ ᠡᠬᠡ ᠳᠠᠩᠰᠠ ᠶ᠋ᠢ ᠪᠠᠶᠢᠭᠣᠯᠣᠨ ᠂ ᠴᠡᠭᠴᠡᠯᠡᠨ ᠰᠠᠶᠢᠵᠢᠷᠠᠭᠣᠯᠬᠣ ᠠᠵᠢᠯ ‍ᠤᠨ ᠪᠣᠳᠠᠲᠤ ᠦᠷ᠎ᠡ ᠪᠦᠲᠦᠮᠵᠢ ᠲᠡᠶ ᠪᠠᠶᠢᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃ 《 ᠬᠠᠷ᠎ᠠ ᠪᠦᠯᠦᠭᠳᠡᠨ ᠬᠠᠷᠭᠢᠰ ᠬᠦᠴᠦᠨ ᠤ ᠳᠠᠷᠤᠭᠳᠠᠮᠠᠯ ᠬᠡᠷᠡᠭ ‍ᠢ ᠢᠯᠠ ᠪᠣᠯᠭᠠᠬᠤ ᠂ ᠠᠰᠠᠭᠤᠳᠠᠯ ‍ᠤᠨ ᠰᠦᠪᠡᠭᠴᠢ ᠶ᠋ᠢ ᠳᠡᠭ ᠪᠣᠯᠭᠠᠬᠤ 》 ᠪᠠᠷ ᠬᠠᠷᠠᠯᠲᠠ ᠪᠣᠯᠭᠠᠵᠤ ᠂ ᠴᠣᠬᠢᠯᠲᠠ ᠥᠭᠬᠦ ᠡᠷᠴᠢᠮ ‍ᠢᠶ᠋ᠡᠨ ᠦᠷᠭᠦᠯᠵᠢᠯᠡᠨ ᠴᠢᠩᠭᠠᠷᠠᠭᠤᠯᠵᠤ ᠂ ᠰᠦᠪᠡᠭᠴᠢ ᠶ᠋ᠢ ᠬᠢᠨᠠᠨ ᠪᠠᠶᠢᠴᠠᠭᠠᠬᠣ ᠂ ᠬᠡᠷᠡᠭ ‍ᠢ ᠰᠢᠢᠳᠪᠦᠷᠢᠯᠡᠬᠦ ᠂ ᠶᠡᠷᠦᠩᠬᠡᠶᠢᠯᠡᠨ ᠵᠠᠰᠠᠬᠤ ᠂ ᠦᠨᠳᠦᠰᠦᠨ ᠱᠠᠲᠤᠨ ‍ᠤ ᠵᠣᠬᠢᠶᠠᠨ ᠪᠠᠶᠢᠭᠤᠯᠤᠯᠲᠠ ᠶ᠋ᠢᠨ ᠴᠣᠭᠴᠠᠯᠠᠯᠲᠠ ᠶ᠋ᠢ ᠵᠡᠷᠭᠡᠪᠡᠷ ᠬᠦᠴᠦᠯᠡᠨ ᠵᠡᠷᠭᠡᠪᠡᠷ ᠠᠬᠢᠭᠣᠯᠬᠣ ᠂ ᠴᠣᠬᠢᠯᠲᠠ ᠥᠭᠬᠦ ᠶ᠋ᠢ ᠭᠦᠨᠵᠡᠭᠡᠶᠢᠷᠡᠭᠦᠯᠬᠦ ᠂ ᠭᠦᠨᠵᠡᠭᠡᠢ ᠰᠦᠪᠡᠭᠴᠢᠯᠡᠵᠦ ᠲᠣᠶᠢᠯᠪᠣᠷᠢᠲᠠᠢ ᠪᠠᠶᠢᠴᠠᠭᠠᠬᠣ ᠂ ᠰᠠᠭᠤᠷᠢ ᠶ᠋ᠢ ᠪᠡᠬᠢᠵᠢᠭᠦᠯᠬᠦ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠃ ᠮᠥᠷᠳᠡᠨ ᠪᠠᠶᠢᠴᠠᠭᠠᠵᠣ ᠰᠢᠢᠳᠪᠦᠷᠢᠯᠡᠬᠦ ᠲᠣᠭᠲᠠᠴᠠ ᠶ᠋ᠢ ᠲᠠᠭᠦᠯᠳᠡᠷᠵᠢᠭᠦᠯᠦᠨ ᠂ ᠤᠨᠢᠨ ᠳᠡᠭᠡᠷ᠎ᠡ ᠨᠢ ᠪᠠᠶᠢᠴᠠᠭᠠᠨ ᠵᠢᠯᠣᠭᠣᠳᠬᠣ ᠪᠠᠨ ᠴᠢᠩᠭᠠᠳᠬᠠᠵᠤ ᠂ ᠴᠡᠭᠴᠡᠯᠡᠨ ᠰᠠᠶᠢᠵᠢᠷᠠᠭᠣᠯᠬᠣ ᠠᠵᠢᠯ ᠳᠤᠮᠳᠠᠬᠢ ᠬᠡᠯᠪᠡᠷᠢᠴᠢ ᠦᠵᠡᠯ ᠂ ᠨᠣᠶᠠᠨᠴᠢ ᠰᠤᠷᠲᠠᠯ ‍ᠤᠨ ᠠᠰᠠᠭᠤᠳᠠᠯ ‍ᠢ ᠡᠷᠡᠰ ᠬᠣᠷᠢᠭᠯᠠᠬᠤ ᠬᠡᠷᠡᠭᠲᠡᠢ ᠃ ᠬᠣᠰᠢᠭᠤᠨ ‍ᠤ ᠬᠠᠷ᠎ᠠ ᠪᠦᠯᠦᠭᠲᠡᠨ ‍ᠢ ᠠᠷᠢᠯᠭᠠᠬᠤ ᠠᠵᠢᠯ ‍ᠤᠨ ᠬᠦᠴᠦᠨ ‍ᠢ ᠴᠢᠨᠠᠭᠰᠢᠳᠠ ᠲᠠᠭᠦᠯᠳᠡᠷᠵᠢᠭᠦᠯᠦᠨ ᠂ ᠨᠠᠶᠢᠳᠠᠪᠤᠷᠢᠵᠢᠭᠤᠯᠤᠯᠲᠠ ᠶ᠋ᠢ ᠠᠬᠢᠭᠤᠯᠬᠤ ᠴᠢᠳᠠᠪᠤᠷᠢ ᠪᠣᠯᠤᠨ ᠬᠢᠷᠢ ᠲᠦᠪᠰᠢᠨ ‍ᠢ ᠦᠨᠡᠨᠬᠦ ᠳᠡᠭᠡᠭᠰᠢᠯᠡᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ‍ᠢ ᠠᠷᠢᠯᠭᠠᠬᠤ ᠲᠤᠰᠬᠠᠢ ᠲᠡᠮᠡᠴᠡᠯ ‍ᠤᠨ ᠠᠵᠢᠯ ‍ᠢ ᠯᠠᠪᠳᠠᠭᠤᠨ ᠪᠦᠲᠦᠮᠵᠢᠲᠡᠢ ᠠᠬᠢᠭᠤᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠭᠡᠰᠡᠨ ᠪᠠᠶᠢᠨ᠎ᠠ ᠃
         ᠲᠥᠪ ᠪᠠ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ 《 ᠤᠭ ᠰᠠᠨᠠᠭ᠎ᠠ ᠪᠠᠨ ᠮᠠᠷᠳᠠᠯ ᠦᠭᠡᠢ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳᠦᠪᠲᠦ ᠰᠤᠷᠭᠠᠨ ᠬᠥᠮᠦᠵᠢᠯ ‍ᠦᠨ ᠠᠵᠢᠯ ‍ᠤᠨ ᠬᠤᠷᠠᠯ ᠪᠣᠯᠤᠨ ᠬᠣᠯᠪᠣᠭᠳᠠᠯ ᠪᠦᠬᠦᠢ ᠪᠢᠴᠢᠭ ᠮᠠᠲ᠋ᠸᠷᠢᠶᠠᠯ ‍ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠣᠣᠱᠯᠠᠭᠣᠯᠵᠣ ᠂ 《 ᠤᠭ ᠰᠠᠨᠠᠭ᠎ᠠ ᠪᠠᠨ ᠪᠠᠷᠢᠮᠳᠠᠯᠠᠨ ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠂ ᠵᠥᠷᠢᠢ᠎ᠡ ᠶ᠋ᠢ ᠡᠷᠢᠵᠦ ᠂ ᠨᠠᠶᠢᠳᠠᠪᠤᠷᠢᠵᠢᠭᠤᠯᠤᠯᠲᠠ ᠶ᠋ᠢ ᠠᠳᠬᠤᠬᠤ 》 ᠶᠡᠷᠦᠩᠬᠡᠢ ᠱᠠᠭᠠᠷᠳᠠᠯᠭ᠎ᠠ ᠶ᠋ᠢ ᠪᠠᠲᠤ ᠡᠵᠡᠮᠳᠡᠵᠦ ᠂ ᠰᠣᠷᠭᠠᠨ ᠬᠥᠮᠦᠵᠢᠯ ᠂ ᠪᠠᠶᠢᠴᠠᠭᠠᠨ ᠰᠤᠳᠤᠯᠤᠯᠲᠠ ᠂ ᠠᠰᠠᠭᠤᠳᠠᠯ ‍ᠢ ᠪᠠᠶᠢᠴᠠᠭᠠᠨ ᠦᠵᠡᠬᠦ ᠂ ᠴᠡᠭᠴᠡᠯᠡᠨ ᠰᠠᠶᠢᠵᠢᠷᠠᠭᠣᠯᠬᠣ ᠳᠥᠷᠪᠡᠨ ᠵᠦᠢᠯ ‍ᠦᠨ ᠭᠣᠣᠯᠳᠠᠯᠭ᠎ᠠ ᠲᠠᠢ ᠠᠷᠭ᠎ᠠ ᠬᠡᠮᠵᠢᠶ᠎ᠡ ᠶ᠋ᠢ ᠭᠣᠣᠯ ᠰᠡᠳᠦᠪᠲᠦ ᠰᠤᠷᠭᠠᠨ ᠬᠥᠮᠦᠵᠢᠯ ‍ᠦᠨ ᠪᠦᠬᠦ ᠶᠠᠪᠤᠴᠠ ᠳ᠋ᠤ  ᠲᠣᠣᠱᠯᠠᠭᠣᠯᠣᠨ ᠂ ᠭᠣᠣᠯ ᠰᠡᠳᠦᠪᠲᠦ ᠰᠤᠷᠭᠠᠨ ᠬᠥᠮᠦᠵᠢᠯ ‍ᠦᠨ ᠰᠠᠶᠢᠨ ᠡᠬᠢᠯᠡᠯᠲᠡ ᠶ᠋ᠢ ᠠᠬᠢᠭᠤᠯᠬᠤ ᠳ᠋ᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠃
        ᠰᠢ ᠶ᠋ᠢᠨ ᠫᠢᠩ ᠶᠡᠷᠦᠩᠬᠡᠢ ᠱᠦᠵᠢ ᠶ᠋ᠢᠨ ᠲᠥᠪ ‍ᠦᠨ ᠥᠭᠡᠷᠡᠴᠢᠯᠡᠯᠲᠡ ᠶ᠋ᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ‍ᠦᠨ ᠨᠠᠢᠮᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠣᠣᠱᠯᠠᠭᠣᠯᠵᠣ ᠂ ᠪᠣᠳᠠᠲᠤ ᠪᠠᠶᠢᠳᠠᠯ ᠲᠠᠢ ᠪᠡᠨ ᠣᠶᠠᠯᠳᠣᠭᠣᠯᠣᠨ ᠂ ᠥᠭᠡᠷᠡᠴᠢᠯᠡᠯᠲᠡ ᠶ᠋ᠢᠨ ᠬᠦᠨᠵᠡᠬᠡᠢ ᠬᠦᠭᠵᠢᠯᠳᠡ ᠶ᠋ᠢ ᠲᠠᠰᠤᠷᠠᠯᠲᠠ ᠦᠭᠡᠢ ᠠᠬᠢᠭᠣᠯᠵᠣ ᠂ ᠴᠢᠬᠤᠯᠠ ᠶᠡᠬᠡ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ ᠶ᠋ᠢ ᠭᠤᠶᠢᠪᠢᠰᠢ ᠦᠭᠡᠢ ᠨᠠᠶᠢᠳᠠᠪᠣᠷᠢᠵᠢᠭᠤᠯᠤᠨ ᠂ ᠥᠭᠡᠷᠡᠴᠢᠯᠡᠯᠲᠡ ᠶ᠋ᠢᠨ ᠲᠤᠷᠰᠢᠯᠲᠠ ᠶ᠋ᠢᠨ ᠡᠭᠦᠷᠭᠡ ᠶ᠋ᠢ ᠰᠠᠶᠢᠲᠤᠷ  ᠪᠠᠶᠠᠯᠠᠭᠦᠯᠬᠦ ᠬᠡᠷᠡᠭᠲᠡᠢ ᠃
       ᠰᠢ ᠶ᠋ᠢᠨ ᠫᠢᠩ ᠶᠡᠷᠦᠩᠬᠡᠶ ᠱᠦᠵᠢ ᠶ᠋ᠢᠨ ᠠᠷᠠᠳ ‍ᠤᠨ ᠶᠠᠪᠤᠳᠠᠯ ‍ᠤᠨ ᠠᠵᠢᠯ ‍ᠤᠨ ᠲᠤᠬᠠᠢ ᠴᠢᠬᠤᠯᠠ ᠵᠢᠭᠠᠪᠤᠷᠢ ᠪᠠ ᠪᠥᠬᠥ ᠤᠯᠤᠰ ᠤᠨ ᠠᠷᠠᠳ ‍ᠤᠨ ᠶᠠᠪᠤᠳᠠᠯ ‍ᠤᠨ ᠬᠤᠷᠠᠯ ‍ᠤᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠤᠱᠯᠠᠭᠤᠯᠵᠤ ᠂ ᠠᠷᠠᠳ ᠲᠦᠮᠡᠨ ‍ᠢᠶ᠋ᠡᠷ ᠭᠣᠤᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠪᠠᠲᠤ ᠪᠤᠢ ᠪᠣᠯᠭᠠᠨ ᠂ ᠠᠷᠠᠳ ‍ᠤᠨ ᠶᠠᠪᠤᠳᠠᠯ ‍ᠤᠨ ᠠᠵᠢᠯ ‍ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠡᠨ ᠦᠨᠡᠨᠬᠦ ᠴᠢᠩᠭᠠᠳᠬᠠᠵᠣ ᠂ ᠦᠨᠳᠦᠰᠦᠨ ᠪᠠᠲᠤᠯᠠᠭ᠎ᠠ ᠶ᠋ᠢᠨ ᠬᠣᠷᠢᠭ᠎ᠠ ᠱᠤᠭᠤᠮ ‍ᠢ ᠬᠦᠴᠦᠯᠡᠨ ᠪᠠᠲᠤᠯᠠᠵᠤ ᠂ ᠮᠠᠨ ‍ᠤ ᠬᠣᠰᠢᠭᠤᠨ ‍ᠤ ᠠᠷᠠᠳ ‍ᠤᠨ ᠶᠠᠪᠤᠳᠠᠯ ‍ᠤᠨ ᠦᠢᠯᠡᠰ ‍ᠦᠨ ᠬᠥᠭᠵᠢᠯᠲᠡ ᠶ᠋ᠢᠨ ᠰᠢᠨ᠎ᠡ ᠪᠠᠶᠢᠳᠠᠯ ‍ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠃
       ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠠᠷᠪᠠᠳᠤᠭᠠᠷ ᠬᠤᠭᠤᠴᠠᠭᠠᠨ ‍ᠤ ᠶᠢᠰᠦᠳᠦᠭᠡᠷ ᠪᠦᠭᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠤᠨᠤᠯ ᠰᠤᠷᠤᠯᠴᠠᠬᠤ ᠭᠣᠣᠯ ᠳᠤᠭᠤᠢᠯᠠᠩ ‍ᠤᠨ 2019 ᠣᠨ ᠤ 5 ᠳ᠋ᠤᠭᠠᠷ ᠤᠳᠠᠭ᠎ᠠ ᠶ᠋ᠢᠨ ᠬᠠᠮᠲᠤ ᠶ᠋ᠢᠨ ᠰᠤᠷᠤᠯᠴᠠᠯᠭ᠎ᠠ ᠶ᠋ᠢᠨ ᠬᠤᠷᠠᠯ ‍ᠤᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠣᠣᠱᠯᠠᠭᠣᠯᠵᠣ ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠬᠥᠭᠵᠢᠯᠲᠡ ᠶ᠋ᠢᠨ ᠣᠶᠢᠯᠭᠠᠭᠳᠠᠬᠣᠨ ‍ᠢ ᠪᠠᠲᠤ ᠪᠣᠶ ᠪᠣᠯᠭᠠᠵᠤ ᠂ 《 ᠲᠠᠪᠤᠨ ᠪᠦᠬᠦ ᠠᠵᠤ ᠦᠢᠯᠡᠰ ‍ᠦᠨ  ᠬᠡᠯᠬᠢᠶᠡᠵᠢᠯ 》 ‍ᠤᠨ ᠪᠦᠲᠦᠭᠡᠨ ᠪᠠᠶᠢᠭᠣᠯᠣᠯᠣᠳᠠ ᠳ᠋ᠤ ᠬᠦᠴᠦ ᠪᠡᠨ ᠲᠦᠪᠯᠡᠷᠡᠬᠦᠯᠬᠦ ᠬᠡᠷᠡᠭᠲᠡᠢ ᠃
        ᠪᠦᠬᠦ ᠣᠷᠣᠨ ᠤ ᠰᠤᠷᠭᠠᠨ ᠬᠥᠮᠦᠵᠢᠯ ᠤᠨ ᠶᠡᠬᠡ ᠬᠤᠷᠠᠯ ᠪᠣᠯᠤᠨ ᠬᠤᠳᠠ ᠶ᠋ᠢᠨ ᠨᠠᠮ ᠤᠨ ᠬᠣᠷᠢᠶ᠎ᠠ ᠂ ᠵᠠᠰᠠᠭ ᠤᠨ ᠣᠷᠳᠣᠨ ᠤ ᠬᠣᠯᠪᠣᠭᠳᠠᠯ ᠪᠦᠬᠦᠢ ᠪᠢᠴᠢᠭ ᠮᠠᠲ᠋ᠸᠷᠢᠶᠠᠯ ᠤᠨ ᠵᠣᠷᠢᠭ ᠰᠠᠨᠠᠭ᠎ᠠ ᠶ᠋ᠢ ᠬᠢᠨᠠᠮᠠᠭᠠᠢ ᠰᠤᠷᠤᠯᠴᠠᠨ ᠲᠣᠣᠱᠯᠠᠭᠣᠯᠵᠣ ᠂ ᠰᠤᠷᠭᠠᠨ ᠬᠥᠮᠦᠵᠢᠯ ᠤᠨ ᠪᠠᠶᠢᠭᠣᠯᠣᠯ ᠤᠨ ᠥᠭᠡᠷᠡᠴᠢᠯᠡᠯᠲᠡ ᠶ᠋ᠢ ᠲᠠᠰᠤᠷᠠᠯᠳᠠ ᠥᠬᠡᠶ ᠭᠦᠨᠵᠡᠭᠡᠶᠢᠷᠡᠭᠦᠯᠦᠨ ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶ᠋ᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ‍ᠢ ᠬᠦᠴᠦᠯᠡᠨ ᠰᠢᠢᠳᠪᠦᠷᠢᠯᠡᠵᠦ ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ  ‍ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ ᠃
         ᠮᠣᠵᠢ ᠣᠷᠣᠨ ᠬᠣᠲᠠ ᠶ᠋ᠢᠨ ᠠᠯᠪᠠᠨ ᠭᠡᠷ ‍ᠦᠨ ᠡᠷᠬᠢᠯᠡᠭᠴᠢ ᠶ᠋ᠢᠨ ᠲᠤᠰᠬᠠᠶ ᠰᠡᠳᠦᠪᠲᠦ ᠬᠤᠷᠠᠯ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠶ᠋ᠢᠨ ᠠᠯᠪᠠᠨ ᠲᠢᠩᠬᠢᠮ ᠤᠨ ᠬᠡᠯᠪᠡᠷᠢᠴᠢ ᠦᠵᠡᠯ ‍ᠢ ᠴᠡᠭᠴᠡᠯᠡᠨ ᠵᠠᠰᠠᠵᠣ ᠦᠨᠳᠦᠰᠦᠨ ᠱᠠᠲᠤᠨ ‍ᠤ ᠳᠠᠷᠤᠭᠠᠰᠤ ᠶ᠋ᠢ ᠬᠥᠩᠭᠡᠷᠡᠭᠦᠯᠬᠦ ᠪᠣᠯᠪᠠᠰᠤᠷᠠᠯ ‍ᠤᠨ ᠠᠩᠭᠢ ᠪᠠ ᠪᠥᠬᠥ ᠬᠣᠲᠠ ᠶ᠋ᠢᠨ ᠨᠠᠮ ‍ᠤᠨ ᠬᠣᠷᠢᠶᠠᠨ ᠤ ᠠᠯᠪᠠᠨ ᠭᠡᠷ ‍ᠦᠨ ᠡᠷᠬᠢᠯᠡᠭᠴᠢ ᠶ᠋ᠢᠨ ᠬᠤᠷᠠᠯ ‍ᠤᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠤᠱᠯᠠᠭᠤᠯᠵᠤ ᠂ 《 ᠦᠨᠳᠦᠰᠦᠨ ᠱᠠᠲᠤᠨ ‍ᠤ ᠳᠠᠷᠤᠭᠠᠰᠤ ᠶ᠋ᠢ ᠬᠥᠩᠭᠡᠷᠡᠭᠦᠯᠬᠦ 》 ᠡᠯ᠎ᠡ ᠵᠦᠶ᠋ᠯ ‍ᠦᠨ ᠠᠷᠭ᠎ᠠ ᠬᠡᠮᠵᠢᠶ᠎ᠡ ᠶ᠋ᠢ ᠲᠡᠷᠡ ᠶᠣᠰᠣᠭᠠᠷ ᠨᠢ ᠪᠣᠳᠠᠲᠠᠶ ᠳ᠋ᠤ ᠨᠠᠶᠢᠳᠠᠪᠣᠷᠢᠵᠢᠭᠣᠯᠬᠣ ᠬᠡᠷᠡᠭᠲᠡᠶ ᠃ 《 ᠲᠠᠪᠤ᠋ ᠶ᠋ᠢ ᠪᠠᠷᠢᠮᠲᠠᠯᠠᠬᠤ 》 ᠪᠠᠷ ᠶᠡᠷᠦᠩᠬᠡᠢ ᠵᠢᠷᠤᠮᠯᠠᠯ ᠪᠣᠯᠭᠠᠨ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠠᠵᠢᠯ ‍ᠤᠨ ᠶᠠᠰᠤ ᠴᠢᠨᠠᠷ ᠢᠶᠡᠨ ᠲᠡᠭᠡᠭᠰᠢᠯᠡᠭᠦᠯᠦᠨ ᠂ ᠣᠶᠣᠨ ᠰᠠᠨᠠᠭᠠᠨ ‍ᠤ ᠳᠦᠷᠰᠦ ᠪᠠᠶᠢᠳᠠᠯ ᠢᠶᠡᠨ ᠳᠡᠭᠡᠭᠰᠢᠯᠡᠭᠦᠯᠵᠦ ᠂ ᠨᠠᠮ ‍ᠤᠨ ᠬᠣᠷᠢᠶᠠᠨ ᠤ ᠠᠯᠪᠠᠯᠠᠬᠤ ᠰᠢᠰᠲ᠋ᠧᠮ ‍ᠦᠨ 《 ᠭᠤᠷᠪᠠ ᠳ᠋ᠤ ᠦᠢᠯᠡᠴᠢᠯᠡᠬᠦ 》 ᠠᠵᠢᠯ ‍ᠢ ᠥᠨᠳᠥᠷ ᠪᠠᠷᠢᠮᠵᠢᠶ᠎ᠠ ᠥᠨᠳᠥᠷ ᠦᠷ᠎ᠡ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠭᠡᠰᠡᠨ ᠪᠠᠶᠢᠨ᠎ᠠ ᠃

        ᠬᠤᠷᠠᠯ ᠡᠴᠠ ᠪᠠᠰᠠ ᠪᠤᠰᠤᠳ ᠵᠦᠢᠯ ‍ᠢ ᠰᠣᠳᠣᠯᠣᠭᠰᠠᠨ ᠪᠠᠶᠢᠨ᠎ᠠ ᠃


ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ