ᠬᠣᠰᠢᠭᠤᠨ ‍ᠤ ᠨᠢᠭᠦᠯᠡᠰᠦᠩᠭᠦᠶ ᠶ᠋ᠢᠨ ᠦᠢᠯᠡᠰ ‍ᠦᠨ ᠶᠡᠷᠦᠩᠬᠡᠶ ᠡᠪᠯᠡᠯ ᠡᠴᠡ ᠲᠠᠴᠢᠡᠳᠠᠯ᠎ᠠ ᠪᠠᠯᠭᠠᠰᠣ ᠳ᠋ᠣ ᠦᠨ᠎ᠡ ᠲᠥᠯᠥᠪᠦᠷᠢ ᠦᠭᠡᠢ ᠠᠷᠢᠭᠤᠨ ᠴᠡᠪᠡᠷ ‍ᠤᠨᠲᠡᠷᠭᠡ ᠣᠯᠭᠣᠬᠤ ᠶᠣᠰᠣᠯᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 138     ᠨᠡᠶᠢᠳᠡᠯᠡᠭᠰᠡᠨ ᠴᠠᠭ ᠄ 2019/6/20 15:06:06

 
         6 ᠳ᠋ᠣᠭᠠᠷ ᠰᠠᠷ᠎ᠠ ᠶ᠋ᠢᠨ 14 ‍ᠤ ᠡᠳᠦᠷ ᠂ ᠬᠣᠰᠢᠭᠤᠨ ‍ᠤ ᠨᠢᠭᠦᠯᠡᠰᠦᠩᠭᠦᠶ ᠶ᠋ᠢᠨ ᠶᠡᠷᠦᠩᠬᠡᠶ ᠡᠪᠯᠡᠯ ᠡᠴᠠ ᠲᠠᠴᠢᠨᠲᠠᠯ᠎ᠠ ᠪᠠᠯᠭᠠᠰᠤᠨ ᠳ᠋ᠤ ᠦᠨ᠎ᠡ ᠲᠥᠯᠥᠪᠦᠷᠢ ᠦᠭᠡᠢ ᠠᠷᠢᠭᠤᠨ ᠴᠡᠪᠡᠷ ‍ᠤᠨ ᠲᠡᠷᠭᠡ ᠳᠠᠷᠬᠠᠭᠠᠬᠣ ᠶᠣᠰᠣᠯᠠᠯ ᠲᠠᠴᠢᠡᠳᠠᠯ᠎ᠠ ᠪᠠᠯᠭᠠᠰᠤᠨ ‍ᠤ ᠠᠷᠠᠣᠨ ‍ᠤᠨ ᠵᠠᠰᠠᠭ ‍ᠤᠨ ᠣᠷᠳᠣᠨ ᠳ᠋ᠤ ᠶᠠᠪᠣᠡᠡᠳᠠᠵᠦ ᠂ ᠬᠣᠰᠢᠭᠣᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠭᠠᠴᠠᠭ᠎ᠠ ᠲᠣᠰᠬᠣᠨ ‍ᠤ ᠨᠡᠢᠲᠡ ᠶ᠋ᠢᠨ ᠠᠰᠠᠷᠠᠮᠵᠢ ᠶ᠋ᠢᠨ ᠴᠢᠨᠠᠷᠲᠠᠶ ᠠᠷᠢᠭᠤᠨ ᠴᠡᠪᠡᠷ ‍ᠢ ᠪᠠᠳᠣᠯᠠᠬᠣ ᠠᠵᠢᠯᠲᠠᠨ ‍ᠤ ᠲᠥᠯᠥᠭᠡᠯᠡᠭᠴᠢ ᠳ᠋ᠦ ᠠᠷᠢᠭᠤᠨ ᠴᠡᠪᠡᠷ ‍ᠤᠨ ᠲᠡᠷᠭᠡ ᠪᠡᠯᠡᠭᠯᠡᠨ ᠬᠦᠷᠭᠡᠭᠰᠡᠨ ᠪᠠᠶᠢᠨ᠎ᠠ ᠃
        ᠲᠤᠰ ᠤᠳᠠᠭᠠᠨ ‍ᠤ ᠠᠵᠢᠯᠯᠠᠭ᠎ᠠ ᠳ᠋ᠥ ᠬᠣᠰᠢᠭᠤᠨ ‍ᠤ ᠨᠢᠭᠦᠯᠡᠰᠦᠩᠭᠦᠶ ᠶ᠋ᠢᠨ ᠶᠡᠷᠦᠩᠬᠡᠶ ᠡᠪᠯᠡᠯ ᠡᠴᠠ ᠲᠠᠴᠢᠡᠳᠠᠯ᠎ᠠ ᠪᠠᠯᠭᠠᠰᠤᠨ ᠳ᠋ᠤ ᠨᠡᠢᠲᠡ 15 ᠲᠦᠮᠡᠨ ᠲᠥᠭᠥᠷᠢᠭ ‍ᠦᠨ 100 ᠠᠷᠢᠭᠤᠨ ᠴᠡᠪᠡᠷ ‍ᠤᠨ ᠲᠡᠷᠭᠡ ᠬᠠᠨᠳᠢᠪᠯᠠᠵᠤ ᠂ ᠪᠡᠯᠡᠭᠯᠡᠭᠰᠡᠨ ᠠᠷᠢᠭᠤᠨ ᠴᠡᠪᠡᠷ ‍ᠤᠨ ᠲᠡᠷᠭᠡ ᠶ᠋ᠢ ᠲᠠᠴᠢᠡᠳᠠᠯ᠎ᠠ ᠪᠠᠯᠭᠠᠰᠤᠨ ‍ᠤ 44 ᠵᠠᠰᠠᠭ ᠵᠠᠬᠢᠷᠭᠠᠨ ‍ᠤ ᠭᠠᠴᠠᠭᠠᠨ ᠳ᠋ᠤ ᠲᠠᠷᠬᠠᠭᠠᠨ ᠥᠭᠴᠦ ᠠᠷᠢᠭᠤᠨ ᠴᠡᠪᠡᠷ ‍ᠢ ᠬᠠᠮᠠᠭᠠᠯᠠᠭᠴᠢ ᠳ᠋ᠤ ᠬᠡᠷᠡᠭᠯᠡᠭᠦᠯᠬᠦ ᠶ᠋ᠢᠨ ᠬᠠᠮᠲᠤ ᠂ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠪᠣᠯᠤᠨ ᠬᠠᠮᠢᠶᠠᠷᠤᠯᠲᠠ ᠶ᠋ᠢᠨ ᠠᠷᠭ᠎ᠠ ᠶ᠋ᠢ ᠢᠵᠢ ᠪᠦᠷᠢᠳᠦᠭᠦᠯᠦᠨ ᠲᠣᠭᠲᠠᠭᠠᠵᠠᠶ ᠃ ᠣᠶᠢᠯᠠᠭᠠᠭᠰᠠᠨ ᠢᠶᠠᠷ ᠂ ᠬᠣᠰᠢᠭᠤᠨ ‍ᠤ ᠨᠢᠭᠦᠯᠡᠰᠦᠩᠭᠦᠶ ᠶ᠋ᠢᠨ ᠦᠢᠯᠡᠰ ‍ᠦᠨ ᠶᠡᠷᠦᠩᠬᠡᠶ ᠡᠪᠯᠡᠯ ᠨᠡᠢᠲᠡ 120 ᠲᠦᠮᠡᠨ ᠲᠥᠭᠥᠷᠢᠭ ‍ᠦᠨ ᠪᠠᠯᠠ ᠮᠥᠩᠭᠥ ᠴᠤᠭᠯᠠᠭᠤᠯᠵᠤ ᠂ ᠪᠥᠬᠥ ᠬᠣᠰᠢᠭᠤᠨ ‍ᠤ ᠡᠯ᠎ᠡ ᠭᠠᠴᠠᠭ᠎ᠠ ᠲᠣᠰᠬᠣᠨ ᠳ᠋ᠤ 800 ᠠᠷᠢᠭᠤᠨ ᠴᠡᠪᠡᠷ ‍ᠤᠨ ᠲᠡᠷᠭᠡ ᠬᠤᠳᠠᠯᠳᠤᠨ ᠠᠪᠴᠤ ᠦᠭᠭᠦᠨ ᠂ ᠭᠠᠴᠠᠭ᠎ᠠ ᠲᠣᠰᠬᠣᠨ ‍ᠤ ᠠᠷᠢᠭᠤᠨ ᠴᠡᠪᠡᠷ ‍ᠢ ᠪᠠᠳᠣᠯᠠᠬᠣ ᠠᠵᠢᠯᠲᠠᠨ ‍ᠤ ᠠᠵᠢᠯ ‍ᠤᠨ ᠨᠥᠬᠥᠴᠡᠯ ‍ᠢ ᠰᠠᠶᠢᠵᠢᠷᠠᠭᠣᠯᠬᠣ ᠳ᠋ᠤ  ᠬᠡᠷᠡᠭᠯᠡᠨ ᠂ ᠪᠤᠰᠤᠳ ᠰᠤᠮᠤ ᠰᠢᠶᠠᠩ ᠪᠠᠯᠭᠠᠰᠤ ᠶ᠋ᠢᠨ ᠠᠷᠢᠭᠤᠨ ᠴᠡᠪᠡᠷ ‍ᠤᠨ ᠲᠡᠷᠭᠡ ᠵᠢ ᠣᠶᠢᠷ᠎ᠠ ᠳ᠋ᠤ ᠵᠠᠯᠭᠠᠭ᠎ᠠ ᠪᠠᠷ ᠣᠷᠣᠨ ᠪᠠᠶᠢᠷᠢ ᠳ᠋ᠣᠨᠢ ᠬᠦᠷᠭᠡᠵᠦ ᠂ ᠪᠥᠬᠥ ᠬᠣᠰᠢᠭᠤᠨ ‍ᠤ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠪᠠ ᠣᠷᠣᠰᠢᠨ ᠰᠠᠭᠤᠬᠤ ᠣᠷᠴᠢᠨ ᠲᠣᠭᠣᠷᠢᠨ ‍ᠢ ᠴᠡᠭᠴᠡᠯᠡᠨ ᠵᠠᠰᠠᠬᠤ ᠠᠵᠢᠯ ‍ᠤᠨ ᠥᠷᠨᠢᠯᠲᠡ ᠶ᠋ᠢ ᠪᠦᠲᠦᠮᠵᠢᠲᠡᠶ ᠠᠬᠢᠭᠤᠯᠬᠤ ᠪᠣᠯᠤᠨ᠎ᠠ ᠃
       ᠬᠣᠰᠢᠭᠤᠨ ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠨᠢᠭᠡᠳᠦᠮᠡᠯ ᠹᠷᠣᠨᠲ ‍ᠤᠨ ᠬᠡᠯᠲᠡᠰ ‍ᠦᠨ ᠳᠠᠷᠤᠭ᠎ᠠ ᠴᠢᠦ ᠵᠢᠶᠦ᠋ᠨ ᠂ ᠬᠣᠰᠢᠭᠤᠨ ᠤ ᠨᠢᠭᠦᠯᠡᠰᠦᠩᠭᠦᠶ ᠶ᠋ᠢᠨ ᠶᠡᠷᠦᠩᠬᠡᠶ ᠡᠪᠯᠡᠯ ‍ᠦᠨ ᠳᠠᠷᠤᠭ᠎ᠠ ᠢᠣᠢ ᠯᠢ ᠂ ᠳᠡᠳ᠋ ᠳᠠᠷᠤᠭ᠎ᠠ ᠯᠢᠦ ᠼᠦᠨ ᠴᠧᠩ ᠪᠡᠯᠡᠭᠯᠡᠨ ᠬᠦᠷᠭᠡᠬᠦ ᠶᠣᠰᠣᠯᠠᠯ ᠳ᠋ᠤ ᠰᠠᠭᠠᠳᠠᠭᠰᠠᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ