ᠠᠵᠤ ᠠᠬᠣᠶᠢᠯᠠᠯ ‍ᠤᠨ ᠡᠵᠡᠩᠨᠡᠯᠲᠡ ᠬᠠᠮᠢᠶᠠᠷᠤᠯᠲᠠ ᠶ᠋ᠢᠨ ᠮᠡᠳᠡᠯᠭᠡ ᠶ᠋ᠢᠨ ᠲᠠᠶᠢᠯᠤᠮᠵᠢ ᠵᠢᠴᠢ ᠬᠣᠶᠠᠳᠤᠭᠠᠷ ᠤᠳᠠᠭᠠᠨ ‍ᠤ ᠭᠡᠰᠢᠭᠦᠳ ‍ᠦᠨ ᠪᠣᠯᠪᠠᠰᠤᠷᠠᠯ ‍ᠤᠨ ᠬᠣᠷᠠᠯ ᠶᠠᠪᠣᠡᠡᠳᠠᠠᠠᠰᠠᠨ

ᠣᠩᠰᠢᠭᠰᠠᠨ ᠤᠳᠠᠭ᠎ᠠ ᠄ 62     ᠨᠡᠶᠢᠳᠡᠯᠡᠭᠰᠡᠨ ᠴᠠᠭ ᠄ 2019/6/20 15:08:03

     6 ᠳ᠋ᠣᠭᠠᠷ ᠰᠠᠷ᠎ᠠ ᠶ᠋ᠢᠨ 13 ‍ᠤ ᠡᠳᠦᠷ ᠂ ᠬᠣᠰᠢᠭᠤᠨ ‍ᠤ ᠮᠥᠩᠭᠥᠨ ᠭᠦᠢᠯᠭᠡᠭᠡᠨ ‍ᠦ ᠦᠢᠯᠡᠴᠢᠯᠡᠭᠡᠨ ‍ᠦ ᠲᠥᠪ ᠡᠴᠠ ᠠᠵᠤ ᠠᠬᠣᠶᠢᠯᠠᠯ ‍ᠤᠨ ᠡᠵᠡᠩᠨᠡᠯᠲᠡ ᠬᠠᠮᠢᠶᠠᠷᠤᠯᠲᠠ ᠶ᠋ᠢᠨ ᠮᠡᠳᠡᠯᠭᠡ ᠶ᠋ᠢᠨ ᠲᠠᠶᠢᠯᠤᠮᠵᠢ ᠵᠢᠴᠢ ᠬᠣᠶᠠᠳᠣᠭᠠᠷ ᠤᠳᠠᠭᠠᠨ ‍ᠤ ᠭᠡᠰᠢᠭᠦᠳ ‍ᠦᠨ ᠪᠣᠯᠪᠠᠰᠤᠷᠠᠯ ‍ᠤᠨ ᠬᠤᠷᠠᠯ ᠶᠠᠪᠣᠭᠳᠠᠭᠣᠯᠵᠣ ᠂ ᠶᠠᠨᠲᠠᠢ ᠵᠢᠨ ᠦᠢᠯᠡᠴᠢᠯᠡᠭᠡᠨ ‍ᠦ ᠲᠥᠪ ‍ᠦᠨ ᠬᠡᠷᠡᠭ ᠮᠡᠳᠡᠭᠴᠢᠳ ‍ᠦᠨ ᠳᠠᠷᠤᠭ᠎ᠠ ᠸᠠᠩ ᠺᠧ ᠴᠢᠤᠸᠠᠨ ᠵᠢᠴᠢ ᠳ᠋ᠠ ᠬᠤᠸᠠ ᠨᠢᠭᠲᠠᠯᠠᠨ ᠪᠣᠳᠣᠬᠤ ᠬᠠᠤᠯᠢᠴᠢ ᠶ᠋ᠢᠨ ᠬᠡᠷᠡᠭ ᠡᠷᠬᠢᠯᠡᠬᠦ ᠭᠠᠵᠠᠷ ‍ᠤᠨ ᠲᠡᠭᠡᠳᠣ ᠵᠡᠷᠭᠡ ᠶ᠋ᠢᠨ ᠬᠣᠷᠰᠢᠭᠴᠢ ᠰᠦᠩ ᠴᠦᠨ ᠯᠧᠢ ᠶ᠋ᠢ ᠤᠷᠢᠵᠤ ᠬᠤᠷᠠᠯ ᠳ᠋ᠤ ᠣᠷᠣᠯᠴᠠᠭᠰᠠᠳ ᠲᠤ ᠪᠣᠯᠪᠠᠰᠤᠷᠠᠯ ᠬᠦᠷᠲᠡᠭᠡᠪᠡ ᠃
     ᠪᠣᠯᠪᠠᠰᠤᠷᠠᠯ ‍ᠤᠨ ᠬᠤᠷᠠᠯ ᠳᠡᠭᠡᠷ᠎ᠡ ᠂ ᠳᠤᠮᠳᠠ ᠵᠢᠵᠢᠭ ᠠᠵᠤ ᠠᠬᠣᠶᠢᠯᠠᠯ ‍ᠤᠨ ᠣᠳᠣᠬᠠᠨ ‍ᠤ ᠪᠤᠳᠤᠯᠢᠶᠠᠨᠲᠠᠶ ᠣᠷᠴᠢᠨ ᠨᠥᠬᠥᠴᠡᠯ ᠳᠣᠣᠷ᠎ᠠ ᠬᠡᠷᠬᠢᠨ ᠣᠷᠣᠰᠢᠨ ᠲᠣᠭᠲᠠᠨᠢᠵᠤ ᠪᠤᠵᠠᠭᠠᠶᠢᠷᠠᠨ ᠂ ᠳᠤᠮᠳᠠ ᠵᠢᠵᠢᠭ ᠠᠵᠤ ᠠᠬᠣᠶᠢᠯᠠᠯ ‍ᠤᠨ ᠵᠣᠭᠣᠰ ᠮᠥᠩᠭᠥ ᠡᠳ᠋ ᠪᠣᠳᠠᠰ ᠂ ᠭᠠᠶᠢᠯᠢ ᠶ᠋ᠢᠨ ᠶᠠᠪᠤᠳᠠᠯ ‍ᠤᠨ ᠬᠠᠮᠢᠶᠠᠷᠤᠯᠲᠠ ᠵᠢᠴᠢ ᠠᠵᠤ ᠠᠬᠣᠶᠢᠯᠠᠯ ‍ᠤᠨ ᠡᠵᠡᠩᠨᠡᠯᠲᠡ ᠬᠠᠮᠢᠶᠠᠷᠤᠯᠲᠠ ᠳ᠋ᠤ ᠣᠯᠠᠨ ᠲᠠᠯ᠎ᠠ ᠡᠴᠠ ᠭᠦᠨᠵᠡᠭᠡᠶ ᠵᠠᠳᠠᠯᠤᠯᠲᠠ ᠬᠢᠵᠦ ᠂ ᠪᠣᠯᠪᠠᠰᠤᠷᠠᠯ ᠳ᠋ᠤ ᠣᠷᠣᠯᠴᠠᠭᠰᠠᠳ ᠲᠤ ᠲᠤᠰᠬᠠᠶ ᠮᠡᠷᠭᠡᠵᠢᠯ ‍ᠦᠨ ᠣᠨᠣᠯ ‍ᠤᠨ ᠵᠢᠯᠣᠭᠣᠳᠣᠯᠭ᠎ᠠ ᠣᠯᠭᠣᠵᠤ ᠂ ᠲᠥᠪ ‍ᠦᠨ ᠪᠡᠯᠡ ᠮᠦᠡᠭᠬᠦ ᠶ᠋ᠢᠨ ᠲᠣᠬᠢᠷᠠᠭᠤᠯᠭ᠎ᠠ ᠶ᠋ᠢᠨ ᠲᠥᠷᠥᠯ ‍ᠦᠨ ᠭᠡᠰᠢᠭᠦᠳ ‍ᠢ ᠬᠠᠪᠰᠤᠷᠤᠨ ᠬᠣᠪᠢ ᠪᠡᠶ᠎ᠡ ᠳ᠋ᠦ᠋ᠨᠢ ᠣᠷᠣᠰᠢᠵᠤ ᠪᠠᠶᠢᠭ᠎ᠠ ᠠᠰᠠᠭᠤᠳᠠᠯ ‍ᠢ ᠢᠯᠡᠷᠡᠭᠦᠯᠣᠨ ᠂ ᠠᠵᠤ ᠠᠬᠤᠢᠯᠠᠯ ‍ᠤᠨ ᠨᠠᠩ ᠡᠷᠡᠭᠦᠯ ᠨᠠᠩ ᠯᠠᠪᠳᠠᠭᠤᠨ ᠴᠢᠭᠯᠡᠯ ‍ᠢᠶ᠋ᠡᠷ ᠬᠥᠭᠵᠢᠬᠦ ᠶ᠋ᠢ ᠠᠬᠢᠭᠤᠯᠤᠭᠰᠠᠨ ᠪᠠᠢᠨ᠎ᠠ ᠃
        ᠲᠤᠰ ᠤᠳᠠᠭᠠᠨ ‍ᠤ ᠪᠣᠯᠪᠠᠰᠣᠷᠠᠯ ‍ᠤᠨ ᠬᠣᠷᠠᠯ ᠨᠢ ᠭᠣᠤᠯᠳᠠᠭᠤ ᠵᠢᠵᠢᠭ ᠠᠵᠤ ᠠᠬᠣᠶᠢᠯᠠᠯ ‍ᠤᠨ ᠡᠳ᠋ ‍ᠦᠨ ᠶᠠᠪᠤᠳᠠᠯ ᠬᠢᠭᠡᠳ ᠭᠠᠶᠢᠯᠢ ᠶ᠋ᠢᠨ ᠶᠠᠪᠤᠳᠠᠯ ‍ᠤᠨ ᠬᠠᠮᠢᠶᠠᠷᠤᠯᠲᠠ ᠂ ᠳᠤᠮᠳᠠ ᠵᠢᠵᠢᠭ ᠠᠵᠤ ᠠᠬᠣᠶᠢᠯᠠᠯ ‍ᠤᠨ ᠪᠠᠯᠠ ᠮᠦᠡᠭᠬᠦ ᠶ᠋ᠢᠨ ᠲᠣᠬᠢᠷᠠᠭᠤᠯᠭ᠎ᠠ ᠬᠢᠭᠡᠳ ᠮᠥᠩᠭᠥᠨ ᠭᠦᠶ᠋ᠯᠭᠡᠭᠡᠨ ‍ᠦ ᠦᠶ᠋ᠯᠡᠴᠢᠯᠡᠭᠡᠨ ‍ᠦ ᠲᠥᠪ ‍ᠦᠨ ᠡᠵᠡᠩᠨᠡᠯᠲᠡ ᠳ᠋ᠦ ᠴᠢᠭᠯᠡᠭᠦᠯᠦᠨ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠭᠰᠠᠨ ᠨᠠᠷᠢᠯᠢᠭ ᠣᠨᠣᠪᠴᠢᠳᠡᠢ ᠪᠣᠯᠪᠠᠰᠣᠷᠠᠯ ᠬᠠᠩᠭᠠᠵᠤ ᠂ ᠳᠤᠮᠳᠠ ᠵᠢᠵᠢᠭ ᠠᠵᠤ ᠠᠬᠣᠶᠢᠯᠠᠯ ‍ᠤᠨ ᠭᠡᠷ ᠪᠦᠯᠢ ᠶ᠋ᠢᠨ ᠬᠠᠮᠢᠶᠠᠷᠤᠯᠲᠠ ᠶ᠋ᠢᠨ ᠬᠢᠷᠢ ᠬᠡᠮᠵᠢᠶ᠎ᠡ ᠶ᠋ᠢ ᠬᠦᠴᠦᠯᠡᠨ ᠴᠢᠩᠭᠠᠷᠠᠭᠤᠯᠬᠤ ᠪᠣᠯᠤᠨ᠎ᠠ ᠃ ᠬᠣᠰᠢᠭᠤᠨ ‍ᠤ ᠬᠠᠮᠢᠶ᠎ᠠ ᠪᠦᠬᠦᠢ ᠤᠳᠤᠷᠢᠳᠤᠯᠭ᠎ᠠ ᠂ ᠡᠯ᠎ᠡ ᠮᠥᠩᠭᠥᠨ ᠭᠦᠶ᠋ᠯᠭᠡᠭᠡᠨ ‍ᠦ ᠪᠠᠶᠢᠭᠤᠯᠤᠮᠵᠢ ᠶ᠋ᠢᠨ ᠭᠣᠤᠯ ᠬᠠᠷᠢᠭᠤᠴᠠᠯᠭᠠᠲᠠᠨ ᠂ ᠪᠠᠯᠠ ᠮᠦᠡᠭᠬᠦ ᠲᠣᠬᠢᠷᠠᠭᠤᠯᠭ᠎ᠠ ᠶ᠋ᠢᠨ ᠲᠥᠷᠥᠯ ‍ᠦᠨ ᠭᠡᠰᠢᠭᠦᠨ ᠵᠢᠴᠢ ᠳᠤᠮᠳᠠ ᠵᠢᠵᠢᠭᠠᠵᠤ ᠠᠬᠣᠶᠢᠯᠠᠯ ᠵᠡᠷᠭᠡ ᠬᠤᠷᠠᠯ ᠳ᠋ᠤ ᠣᠷᠣᠯᠴᠠᠠᠠᠰᠠᠨ ᠪᠠᠶᠢᠨ᠎ᠠ ᠃
      ᠪᠣᠯᠪᠠᠰᠤᠷᠠᠯ ‍ᠤᠨ ᠬᠤᠷᠠᠯ ‍ᠤᠨ ᠳᠠᠷᠠᠭ᠎ᠠ ᠂ ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠂ ᠬᠣᠰᠢᠭᠤᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠠᠯᠪᠠᠨ ᠭᠡᠷ ‍ᠦᠨ ᠡᠷᠬᠢᠯᠡᠭᠴᠢ ᠱᠢ ᠮᠢᠡᠭ ᠰᠢᠶᠠᠨ ᠂ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠡᠦ ᠵᠢᠶᠦ᠋ᠨ ᠮᠢᠩ ᠵᠡᠷᠭᠡ ᠤᠳᠤᠷᠢᠳᠤᠯᠭ᠎ᠠ ᠠᠶᠢᠯᠴᠢᠯᠠᠬᠣ ᠪᠡᠷ ᠢᠷᠡᠭᠰᠡᠨ ᠪᠡᠭᠡᠵᠢᠩ ‍ᠦᠨ ᠦᠶ᠋ᠯᠡᠳᠪᠦᠷᠢ ᠬᠤᠳᠠᠯᠳᠤᠭᠠᠨ ‍ᠤ ᠶᠡᠬᠡ ᠰᠤᠷᠭᠠᠭᠤᠯᠢ ᠶ᠋ᠢᠨ ᠣᠷᠣᠨ ᠪᠦᠰᠡ ᠶ᠋ᠢᠨ ᠮᠥᠩᠭᠥᠨ ᠭᠦᠶ᠋ᠯᠭᠡᠭᠡᠨ ‍ᠦ ᠢᠨᠵᠧᠨᠧᠷᠢᠩ ‍ᠤᠨ ᠰᠤᠳᠤᠯᠭᠠᠨ ‍ᠤ ᠲᠥᠪ ‍ᠦᠨ ᠡᠷᠬᠢᠯᠡᠭᠴᠢ ᠶᠠᠩ ᠳ᠋ᠧ ᠶᠦᠩ ᠫᠷᠣᠹᠧᠰᠰᠣᠷ ᠨᠠᠷ ᠲᠠᠢ ᠰᠠᠭᠣᠳᠠᠯ ‍ᠤᠨ ᠬᠤᠷᠠᠯ ᠬᠣᠷᠠᠯᠳᠣᠭᠣᠯᠵᠣ ᠂ ᠬᠣᠶᠠᠷ ᠡᠳᠡᠬᠡᠳ ᠢᠶᠠᠷ ᠢᠶᠡᠨ ᠣᠳᠣᠬᠠᠨ ᠤ ᠪᠠᠶᠢᠳᠡᠯ ᠳᠣᠤᠷᠠᠬᠢ ᠠᠵᠤ ᠠᠬᠤᠢ ᠶ᠋ᠢᠨ ᠪᠠᠶᠢᠳᠡᠯ ‍ᠤᠨ ᠬᠤᠪᠢᠷᠠᠯᠲᠠ ᠂ ᠠᠷᠭᠠᠴᠠᠬᠤ ᠠᠰᠠᠭᠤᠳᠠᠯ ᠪᠣᠯᠤᠨ ᠬᠥᠭᠵᠢᠯᠲᠡ ᠶ᠋ᠢᠨ ᠴᠢᠭᠯᠡᠯ ‍ᠤᠨ ᠲᠤᠬᠠᠢ ᠰᠣᠳᠣᠯᠣᠨ ᠶᠠᠷᠢᠯᠴᠠᠠᠠᠰᠠᠨ ᠪᠠᠶᠢᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ