ᠪᠤᠭᠤᠲᠤ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠾᠧ ᠵᠢᠶᠦ᠋ᠨ ᠨᠡᠷ ᠮᠠᠨ ‍ᠤ ᠬᠣᠰᠢᠭᠤᠨ ᠳ᠋ᠤ ᠬᠦᠨᠵᠡᠬᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 229     ᠨᠡᠶᠢᠳᠡᠯᠡᠭᠰᠡᠨ ᠴᠠᠭ ᠄ 2019/6/20 15:10:14

 
      6 ᠳ᠋ᠤᠭᠠᠷ ᠰᠠᠷ᠎ᠠ ᠶ᠋ᠢᠨ 14 ‍ᠤ ᠡᠳᠦᠷ ᠂ ᠪᠤᠭᠤᠲᠤ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠾᠧ ᠵᠢᠶᠦ᠋ᠨ ᠨᠡᠷ ᠮᠠᠨ ‍ᠤ ᠬᠣᠰᠢᠭᠤᠨ ᠳ᠋ᠤ ᠬᠦᠨᠵᠡᠬᠡᠶᠢᠷᠡᠨ ᠪᠠᠶᠢᠴᠠᠭᠠᠨ ᠰᠣᠳᠣᠯᠣᠯᠳᠠ ᠬᠢᠵᠦ ᠂ ᠬᠣᠰᠢᠭᠣᠨ ᠤ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠰᠢ ᠡᠷᠬᠢᠮᠪᠠᠶᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃
      ᠾᠧ ᠵᠢᠶᠦ᠋ᠨ ᠨᠡᠷ ᠤᠷᠢᠳ ᠬᠣᠵᠢᠳ ᠥᠪᠥᠷ ᠮᠣᠩᠭᠣᠯ ‍ᠤᠨ ᠵᠠᠮᠪᠠᠯᠳᠣᠷᠵᠢ  ᠮᠣᠩᠭᠣᠯ ᠡᠮ ‍ᠦᠨ ᠮᠠᠲ᠋ᠸᠷᠢᠶᠠᠯ ‍ᠤᠨ ᠬᠣᠲᠠ ᠂ ᠤᠯᠤᠰ ‍ᠤᠨ ᠰᠠᠭᠤᠷᠢ ᠮᠥᠩᠭᠥᠨ ‍ᠦ ᠬᠣᠷᠢᠶ᠎ᠠ ᠶ᠋ᠢᠨ ᠮᠣᠩᠭᠣᠯ ᠬᠢᠲᠠᠳ ᠡᠮ ‍ᠦᠨ ᠮᠠᠲ᠋ᠧᠷᠢᠶᠠᠯ ᠲᠠᠷᠢᠬᠤ ᠠᠵᠤ ᠦᠢᠯᠡᠰ ‍ᠦᠨ ᠶᠠᠳᠠᠭᠤ ᠶ᠋ᠢ ᠲᠡᠳᠬᠦᠬᠦ ᠰᠢᠨᠵᠢᠯᠡᠬᠦ ᠤᠬᠠᠭᠠᠨ ᠮᠡᠷᠭᠡᠵᠢᠯ ‍ᠦᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠂ ᠨᠠᠶ᠋ᠮᠠᠨ ᠤ ᠸᠠᠩ ‍ᠤᠨ ᠣᠷᠳᠣᠨ ᠂ ᠤᠯᠠᠭᠠᠨᠮᠥ᠋ᠴᠢᠷ ᠵᠡᠷᠭᠡ ᠭᠠᠵᠠᠷ ᠭᠦᠨᠵᠡᠭᠡᠶᠢᠷᠡᠨ ᠲᠤᠬᠠᠶ ᠶ᠋ᠢᠨ ᠭᠠᠵᠠᠷ ᠲᠣ ᠪᠠᠶᠢᠴᠠᠭᠠᠨ ᠰᠤᠳᠤᠯᠤᠯᠲᠠ ᠬᠢᠪᠡ ᠃ ᠬᠦᠷᠦᠭᠰᠡᠨ ᠭᠠᠵᠠᠷ ᠪᠦᠬᠦᠨ ᠳ᠋ᠤ ᠂ ᠾᠧ ᠵᠢᠶᠦ᠋ᠨ ᠨᠡᠷ ᠲᠥᠷᠥᠯ ᠵᠦᠢᠯ ‍ᠦᠨ ᠲᠥᠯᠥᠪᠵᠢᠭᠦᠯᠭᠡ ᠶ᠋ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ ᠂ ᠪᠦᠲᠦᠭᠡᠨ ᠪᠠᠶᠢᠭᠤᠯᠤᠯᠲᠠ ᠶ᠋ᠢᠨ ᠬᠡᠪᠴᠢᠶ᠎ᠡ ᠶ᠋ᠢ ᠨᠠᠷᠢᠨ ᠠᠰᠠᠭᠤᠵᠤ ᠂ ᠮᠠᠨ ‍ᠤ ᠬᠣᠰᠢᠭᠤᠨ ‍ᠤ ᠣᠨᠴᠠᠯᠢᠭᠲᠤ ᠰᠣᠶᠣᠯ ᠂ ᠲᠡᠤᠬᠡ ᠶ᠋ᠢᠨ ᠤᠯᠠᠮᠵᠢᠯᠠᠯ ‍ᠢ  ᠣᠶᠢᠯᠭᠠᠡᠡᠰᠠᠨ ᠪᠠᠶᠢᠨ᠎ᠠ ᠃

      ᠲᠤᠬᠠᠶ ᠶ᠋ᠢᠨ ᠭᠠᠵᠠᠷ ᠲᠣ ᠪᠠᠶᠢᠴᠠᠭᠠᠬᠣ ᠪᠡᠷ ᠳᠠᠮᠵᠢᠨ ᠂ ᠾᠧ ᠵᠢᠶᠦ᠋ᠨ ᠨᠡᠷ ᠮᠠᠨ ‍ᠤ ᠬᠣᠰᠢᠭᠤᠨ ‍ᠤ ᠡᠮ ‍ᠦᠨ ᠮᠠᠲ᠋ᠧᠷᠢᠶᠠᠯ ᠲᠠᠷᠢᠬᠤ ᠪᠠ ᠣᠨᠴᠠᠯᠢᠭᠲᠤ ᠵᠢᠵᠢᠭ ᠪᠠᠯᠭᠠᠰᠤᠨ ‍ᠤ ᠪᠦᠲᠦᠭᠡᠨ ᠪᠠᠶᠢᠭᠣᠯᠣᠯᠳᠠ ᠳ᠋ᠥ ᠭᠦᠶ᠋ᠴᠡᠳ ᠦᠨᠡᠯᠡᠯᠳᠡ ᠦᠭᠭᠦ ᠶ᠋ᠢᠨ ᠬᠠᠮᠲᠤ ᠂ ᠮᠠᠨ ‍ᠤ ᠬᠣᠰᠢᠭᠤ ᠵᠢ ᠲᠡᠦᠬᠡ ᠶ᠋ᠢᠨ ᠰᠠᠭᠤᠷᠢ ᠶ᠋ᠢ  ᠠᠭᠣᠳᠠᠯᠠᠬᠣ ᠳ᠋ᠤ ᠰᠠᠭᠤᠷᠢᠯᠠᠨ ᠂ ᠴᠠᠭ ᠦᠶ᠎ᠡ ᠶ᠋ᠢᠨ ᠰᠢᠨ᠎ᠡ ᠬᠦᠴᠦᠨ ᠵᠦᠶ᠋ᠯ ‍ᠢ ᠣᠷᠣᠭᠤᠯᠵᠤ ᠂ ᠥᠪᠡᠷᠮᠢᠴᠡ ᠣᠨᠴᠠᠯᠢᠭᠲᠤ ᠵᠢᠵᠢᠭ ᠪᠠᠯᠭᠠᠰᠤᠨ ‍ᠤ ᠪᠦᠲᠦᠭᠡᠨ ᠪᠠᠶᠢᠭᠣᠯᠣᠯᠳᠠ ᠶ᠋ᠢ ᠪᠥᠬᠥ ᠬᠦᠴᠦᠨ ‍ᠢᠶ᠋ᠡᠷ ‍ᠢᠶ᠋ᠡᠨ ᠪᠠᠶᠢᠭᠤᠯᠬᠤ ᠶ᠋ᠢ ᠬᠦᠰᠡᠵᠦ ᠂ ᠡᠭᠦᠨ ‍ᠦ ᠬᠠᠮᠲᠤ ᠂ ᠡᠮ ‍ᠦᠨ ᠮᠠᠲ᠋ᠧᠷᠢᠶᠠᠯ ‍ᠤᠨ ᠠᠵᠤ ᠦᠶ᠋ᠯᠡᠰ ‍ᠢ ᠨᠠᠷᠢᠯᠢᠭᠵᠢᠭᠤᠯᠤᠨ ᠂ ᠨᠠᠷᠠᠲᠤ  ᠲᠡᠮᠳᠡᠭᠲᠦ ᠶ᠋ᠢᠨ ᠤᠬᠠᠮᠰᠠᠷ ‍ᠢ ᠪᠤᠢ ᠪᠣᠯᠭᠠᠵᠤ ᠂ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠠᠵᠤ ᠦᠢᠯᠡᠰ ‍ᠦᠨ ᠶᠡᠬᠡ ᠬᠥᠭᠵᠢᠯᠲᠡ ᠶ᠋ᠢ ᠪᠥᠬᠥ ᠬᠦᠴᠦᠨ ‍ᠢᠶ᠋ᠡᠷ ‍ᠢᠶ᠋ᠡᠨ ᠠᠬᠢᠭᠤᠯᠬᠤ ᠬᠡᠷᠡᠭᠲᠡᠶ ᠭᠡᠵᠡᠢ ᠃


ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ