ᠳᠤᠮᠳᠠᠳᠤ ᠤᠯᠤᠰ ‍ᠤᠨ ᠡᠪ ᠬᠠᠮᠲᠤ ᠨᠠᠮ ‍ᠤᠨ ᠨᠠᠢᠮᠠᠨ ᠬᠣᠰᠢᠭᠤᠨ ‍ᠤ ᠬᠣᠷᠢᠶᠠᠨ ‍ᠤ ᠬᠢᠨᠠᠨ ᠪᠣᠳᠣᠬᠤ ᠵᠥᠪᠯᠡᠯ ‍ᠦᠨ ᠠᠩᠬᠠᠳᠤᠭᠠᠷ ᠬᠤᠷᠠᠯ ᠬᠣᠷᠠᠯᠳᠣᠭᠰᠠᠨ

ᠣᠩᠰᠢᠭᠰᠠᠨ ᠤᠳᠠᠭ᠎ᠠ ᠄ 152     ᠨᠡᠶᠢᠳᠡᠯᠡᠭᠰᠡᠨ ᠴᠠᠭ ᠄ 2019/6/20 15:12:17

  
       6 ᠳ᠋ᠣᠭᠠᠷ ᠰᠠᠷ᠎ᠠ ᠶ᠋ᠢᠨ 17 ‍ᠤ ᠡᠳᠦᠷ ᠂ ᠬᠣᠰᠢᠭᠤᠨ ‍ᠤ ᠨᠠᠮ ‍ᠤᠨ ᠬᠣᠷᠢᠶᠠᠨ ‍ᠤ ᠱᠦᠵᠢ ᠂ ᠬᠣᠰᠢᠭᠤᠨ ‍ᠤ ᠨᠠᠮ ‍ᠤᠨ ᠬᠣᠷᠢᠶᠠᠨ ‍ᠤ ᠬᠢᠨᠠᠨ ᠪᠣᠳᠣᠬᠤ ᠵᠥᠪᠯᠡᠯ ‍ᠦᠨ ᠡᠷᠬᠢᠯᠡᠭᠴᠢ ᠵᠠᠩ ᠬᠤᠸᠠ ᠳᠤᠮᠳᠠᠳᠤ ᠤᠯᠤᠰ ‍ᠤᠨ ᠡᠪ ᠬᠠᠮᠲᠤ ᠨᠠᠮ ‍ᠤᠨ ᠨᠠᠢᠮᠠᠨ  ᠬᠣᠰᠢᠭᠤᠨ ‍ᠤ ᠬᠣᠷᠢᠶᠠᠨ ‍ᠤ ᠬᠢᠨᠠᠨ ᠪᠣᠳᠣᠬᠤ ᠵᠥᠪᠯᠡᠯ ‍ᠦᠨ ᠠᠩᠬᠠᠳᠤᠭᠠᠷ ᠬᠤᠷᠠᠯ ‍ᠢ ᠡᠷᠬᠢᠯᠡᠨ ᠬᠤᠷᠠᠯᠳᠤᠭᠤᠯᠪᠠ ᠃
       ᠬᠤᠷᠠᠯ ᠡᠴᠠ ᠰᠢ ᠶ᠋ᠢᠨ ᠫᠢᠩ ᠶᠡᠷᠦᠩᠬᠡᠢ ᠱᠦᠵᠢ ᠶ᠋ᠢᠨ ᠲᠥᠪ ‍ᠦᠨ ᠬᠢᠨᠠᠨ ᠪᠣᠳᠣᠬᠤ ᠵᠥᠪᠯᠡᠯ ‍ᠦᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠂ ᠬᠤᠳᠠ ᠶ᠋ᠢᠨ ᠨᠠᠮ ‍ᠤᠨ ᠬᠣᠷᠢᠶ᠎ᠠ ᠶ᠋ᠢᠨ ᠬᠢᠨᠠᠨ ᠪᠣᠳᠣᠬᠤ ᠵᠥᠪᠯᠡᠯ ‍ᠦᠨ ᠠᠩᠬᠠᠳᠤᠭᠠᠷ ᠬᠤᠷᠠᠯ ‍ᠤᠨ ᠵᠣᠷᠢᠭ ᠰᠠᠨᠠᠭ᠎ᠠ ᠶ᠋ᠢ ᠳᠠᠮᠵᠢᠭᠣᠯᠣᠨ ᠰᠤᠷᠤᠯᠴᠠᠵᠤ ᠂ ᠲᠤᠤᠱᠯᠠᠭᠤᠯᠤᠨ ᠨᠠᠶᠢᠳᠠᠪᠣᠷᠢᠵᠢᠭᠣᠯᠬᠣ ᠠᠵᠢᠯ ‍ᠢ ᠰᠤᠳᠤᠯᠤᠨ ᠳᠣᠬᠢᠷᠠᠭᠣᠯᠣᠭᠰᠠᠨ ᠪᠠᠶᠢᠨ᠎ᠠ ᠃
      ᠬᠤᠷᠠᠯ ᠡᠴᠠ ᠴᠢᠩᠭᠠᠳᠬᠠᠭᠰᠠᠨ ᠨᠢ ᠂ ᠨᠢᠭᠡ ᠳ᠋ᠦ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠡᠭᠦᠷᠭᠡᠯᠡᠯ ‍ᠢᠶ᠋ᠡᠨ ᠴᠢᠩᠭᠠᠳᠬᠠᠬᠤ ᠬᠡᠷᠡᠭᠲᠡᠢ ᠃ ᠰᠢ ᠶ᠋ᠢᠨ ᠫᠢᠩ ᠶᠡᠷᠦᠩᠬᠡᠢ ᠱᠦᠵᠢ ᠶ᠋ᠢᠨ ᠬᠢᠨᠠᠨ ᠪᠣᠳᠣᠬᠤ ᠠᠵᠢᠯ ‍ᠤᠨ ᠲᠤᠬᠠᠢ ᠴᠢᠬᠤᠯᠠ ᠥᠭᠦᠯᠡᠯᠲᠡ ᠶ᠋ᠢ ᠭᠦᠨᠵᠡᠭᠡᠢ ᠰᠤᠷᠤᠯᠴᠠᠨ ᠣᠶᠢᠯᠠᠭᠠᠵᠤ ᠂ ᠬᠢᠨᠠᠨ ᠪᠣᠳᠣᠬᠤ ᠠᠵᠢᠯ ‍ᠤᠨ 《 ᠭᠤᠷᠪᠠ ᠶ᠋ᠢ ᠨᠡᠮᠡᠭᠳᠡᠭᠦᠯᠬᠦ 》 ᠂ 《 ᠳᠥᠷᠪᠡ ᠶ᠋ᠢ ᠠᠬᠢᠭᠤᠯᠬᠤ 》 ᠰᠢᠨ᠎ᠡ ᠱᠠᠭᠠᠷᠳᠠᠯᠭ᠎ᠠ ᠶ᠋ᠢ ᠡᠷᠡᠰ ᠨᠠᠶᠢᠳᠠᠪᠣᠷᠢᠵᠢᠭᠣᠯᠣᠨ ᠂ ᠤᠯᠤᠰ ᠲᠥᠷᠥ ᠶ᠋ᠢᠨ ᠤᠬᠠᠮᠰᠠᠷ ᠢᠶᠡᠨ ᠳᠡᠭᠡᠭᠰᠢᠯᠡᠭᠦᠯᠬᠦ ᠥᠨᠳᠥᠷᠴᠡ ᠡᠴᠡ ᠬᠢᠨᠠᠨ ᠪᠣᠳᠣᠬᠤ ᠴᠢᠭᠯᠡᠯ ‍ᠢ ᠡᠵᠡᠮᠳᠡᠵᠦ ᠂ ᠵᠠᠰᠠᠯᠲᠠ ᠶ᠋ᠢᠨ ᠰᠢᠰᠲ᠋ᠧᠮ ‍ᠢ ᠲᠡᠭᠦᠯᠳᠡᠷᠵᠢᠭᠦᠯᠬᠦ ᠭᠦᠨᠴᠡ ᠡᠴᠡ ᠬᠢᠨᠠᠨ ᠪᠣᠳᠣᠬᠤ ᠦᠢᠯᠡᠳᠦᠯ ‍ᠢ ᠠᠵᠢᠭᠯᠠᠵᠤ ᠂ ᠬᠥᠭᠵᠢᠯᠲᠡ ᠳ᠋ᠦ ᠦᠢᠯᠡᠴᠢᠯᠡᠬᠦ ᠶᠡᠬᠡ ᠲᠠᠯ᠎ᠠ ᠶ᠋ᠢᠨ ᠬᠠᠷᠠᠭᠠᠰᠤ ᠡᠴᠡ ᠬᠢᠨᠠᠨ ᠪᠣᠳᠣᠬᠤ ᠡᠭᠦᠷᠭᠡ ᠴᠢᠳᠠᠪᠬᠢ ᠶ᠋ᠢ ᠴᠢᠩᠭᠠᠳᠬᠠᠵᠤ ᠂ ᠬᠢᠨᠠᠨ ᠪᠣᠳᠣᠬᠤ ᠬᠢᠨᠠᠯᠲᠠ ᠲᠠᠯᠪᠢᠬᠤ ᠥᠷᠭᠡᠴᠡ ᠪᠣᠯᠤᠨ ᠭᠦᠨᠴᠡ ᠶ᠋ᠢ ᠲᠠᠰᠤᠷᠠᠯᠲᠠ ᠦᠭᠡᠢ ᠦᠷᠬᠡᠳᠬᠡᠨ ᠂ ᠬᠢᠨᠠᠨ ᠪᠣᠳᠣᠬᠤ ᠴᠢᠬᠤᠯᠠᠲᠠᠢ ᠪᠦᠬᠦᠨ ‍ᠢ ᠬᠢᠨᠠᠨ ᠪᠠᠶᠢᠴᠠᠭᠠᠵᠣ ᠂ ᠠᠯᠢᠪᠠ ᠰᠢᠭᠦᠨ ᠲᠠᠰᠤᠯᠤᠯᠲᠠ ᠶ᠋ᠢ ᠵᠠᠪᠠᠯ ᠴᠢᠩᠭᠠᠳᠬᠠᠨ ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶ᠋ᠢ ᠪᠡᠶᠡᠯᠡᠭᠦᠯᠵᠦ ᠂ ᠴᠢᠨᠠᠷ ᠰᠠᠶᠢᠲᠠᠢ ᠬᠢᠨᠠᠨ ᠪᠣᠳᠣᠯᠳᠠ ᠬᠢᠨᠠᠯᠲᠠ ᠲᠠᠯᠪᠢᠯᠲᠠ ᠪᠠᠷ ᠠᠵᠤ ᠠᠬᠤᠢ ᠨᠡᠶᠢᠬᠡᠮ ‍ᠦᠨ ᠴᠢᠨᠠᠷ ᠰᠠᠶᠢᠲᠠᠢ ᠬᠥᠭᠵᠢᠯᠲᠡ ᠳ᠋ᠦ ᠬᠦᠴᠦᠨ ᠨᠡᠮᠡᠷᠢᠯᠡᠬᠦ ᠬᠡᠷᠡᠭᠲᠡᠢ ᠃ ᠬᠣᠶᠠᠷ ᠲᠤ ᠂ ᠭᠣᠣᠯ ᠬᠠᠷᠢᠭᠤᠴᠠᠯᠭ᠎ᠠ ᠭᠣᠣᠯ ᠠᠵᠢᠯ ᠳ᠋ᠤ ᠠᠩᠬᠠᠷᠤᠯ ᠢᠶᠡᠨ ᠲᠥᠪᠯᠡᠷᠡᠭᠦᠯᠵᠦ ᠂ ᠪᠦᠬᠦ ᠲᠠᠯ᠎ᠠ ᠪᠠᠷ ᠬᠠᠤᠯᠢ ᠶᠣᠰᠣᠭᠠᠷ ᠡᠭᠦᠷᠭᠡ ᠲᠤᠰᠢᠶᠠᠯ ᠢᠶᠡᠨ ᠭᠦᠢᠴᠡᠳᠬᠡᠬᠦ ᠬᠡᠷᠡᠭᠲᠡᠢ ᠃ 《 ᠭᠤᠷᠪᠠᠨ ᠶᠡᠬᠡ ᠪᠣᠭᠣᠮᠲᠠ ᠰᠢᠪᠲᠤᠯᠬᠤ ᠳᠠᠶᠢᠯᠠᠯᠳᠤᠭᠠᠨ 》 ‍ᠢ ᠰᠠᠶᠢᠲᠤᠷ ᠬᠢᠬᠦ ᠲᠣᠭᠣᠷᠢᠨ ᠳ᠋ᠤ ᠂ ᠶᠠᠳᠠᠭᠤ ᠶ᠋ᠢ ᠲᠡᠳᠬᠦᠬᠦ ᠪᠡᠯᠡ ᠮᠥᠩᠭᠥ ᠶ᠋ᠢᠨ ᠬᠡᠷᠡᠭᠯᠡᠯᠲᠡ ᠂ ᠬᠠᠮᠢᠶᠠᠷᠤᠯᠲᠠ ᠪᠣᠯᠤᠨ ᠦᠷ᠎ᠡ ᠠᠰᠢᠭ ‍ᠤᠨ ᠪᠠᠶᠢᠳᠠᠯ ᠳ᠋ᠤ ᠪᠦᠬᠦ ᠶᠠᠪᠤᠴᠠ ᠶ᠋ᠢ ᠮᠥᠷᠳᠡᠨ ᠬᠢᠨᠠᠨ ᠪᠣᠳᠣᠯᠲᠠ ᠬᠢᠨ᠎ᠡ ᠃ ᠵᠠᠰᠠᠭ ‍ᠤᠨ ᠣᠷᠳᠣᠨ ‍ᠤ ᠥᠷᠢ ᠥᠭᠴᠡᠭᠡ ᠶ᠋ᠢ ᠠᠷᠢᠯᠭᠠᠭᠰᠠᠨ ᠪᠠᠶᠢᠳᠠᠯ ᠳ᠋ᠤ ᠬᠥᠳᠡᠯᠦᠩᠭᠦᠶ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠵᠤ ᠂ ᠥᠷᠢ ᠥᠭᠴᠡᠭᠡ ᠶ᠋ᠢᠨ ᠠᠶᠤᠯ ᠲᠦᠭᠰᠢᠭᠦᠷᠢ ᠶ᠋ᠢ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶ᠋ᠢ ᠴᠢᠩᠭᠠᠳᠬᠠᠵᠣ ᠂ ᠠᠷᠠᠳ ‍ᠤᠨ ᠠᠮᠢᠳᠤᠷᠠᠯ ‍ᠢ ᠪᠠᠲᠤᠯᠠᠨ ᠰᠠᠶᠢᠵᠢᠷᠠᠭᠤᠯᠬᠤ ᠲᠠᠶ ᠤᠶᠠᠯᠳᠤᠭᠤᠯᠤᠨ ᠂ ᠪᠠᠲᠤᠯᠠᠭ᠎ᠠ ᠶ᠋ᠢᠨ ᠴᠢᠨᠠᠷᠲᠠᠶ ᠬᠢᠮᠳᠠ ᠣᠷᠣᠨ ᠰᠠᠭᠤᠴᠠ ᠶ᠋ᠢᠨ ᠢᠨᠵᠧᠨᠧᠷᠢᠩ ‍ᠤᠨ ᠪᠡᠯᠡ ᠮᠥᠩᠭᠥ ᠶ᠋ᠢᠨ ᠣᠷᠣᠭᠤᠯᠤᠯᠲᠠ ᠪᠠ ᠬᠡᠷᠡᠭᠯᠡᠯᠲᠡ ᠶ᠋ᠢᠨ ᠠᠮᠵᠢᠯᠲᠠ ᠪᠦᠲᠦᠮᠵᠢ ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠥᠪᠥᠷᠢ ᠶ᠋ᠢᠨ 《 ᠨᠢᠬᠡ ᠺᠠᠷᠲ ᠢᠶᠠᠷ ᠨᠡᠪᠳᠡᠷᠡᠬᠦ 》 ᠬᠠᠮᠢᠶᠠᠷᠤᠯᠲᠠ ᠬᠡᠷᠡᠭᠯᠡᠯᠲᠡ ᠵᠡᠷᠭᠡ ᠵᠦᠢᠯᠡᠰ ‍ᠦᠨ ᠪᠡᠯᠡ ᠮᠥᠩᠭᠥ ᠶ᠋ᠢ ᠴᠢᠩᠭ᠎ᠠ ᠠᠩᠬᠠᠷᠴᠤ ᠂ ᠬᠢᠨᠠᠨ ᠪᠣᠳᠣᠬᠤ ᠬᠢᠨᠠᠯᠲᠠ ᠲᠠᠯᠪᠢᠬᠤ ᠡᠷᠴᠢᠮ ‍ᠢᠶ᠋ᠡᠨ ᠴᠢᠩᠭᠠᠷᠠᠭᠣᠯᠬᠣ ᠬᠡᠷᠡᠭᠳᠡᠢ ᠃ ᠲᠥᠰᠦᠪ ‍ᠦᠨ ᠬᠡᠷᠡᠭᠵᠢᠭᠦᠯᠦᠯᠲᠡ ᠶ᠋ᠢᠨ ᠬᠢᠨᠠᠨ ᠪᠤᠳᠤᠯᠲᠠ ᠶ᠋ᠢ ᠨᠡᠶᠢᠳᠡᠮ ᠬᠠᠮᠤᠷᠤᠭᠤᠯᠬᠤ ᠲᠠᠶ ᠤᠶᠠᠯᠳᠤᠭᠤᠯᠤᠨ ᠂ ᠶᠡᠬᠡ ᠳᠣᠭ᠎ᠠ ᠪᠠᠷᠢᠮᠳᠠ ᠶ᠋ᠢᠨ ᠬᠢᠨᠠᠨ ᠪᠤᠳᠤᠯᠲᠠ ᠶ᠋ᠢ ᠰᠠᠶᠢᠲᠤᠷ ᠬᠡᠷᠡᠭᠯᠡᠵᠦ ᠂ ᠥᠪᠡᠷᠲᠡᠭᠡᠨ ᠵᠠᠰᠠᠬᠤ ᠣᠷᠣᠨ ᠪᠠ ᠬᠣᠲᠠ ᠶ᠋ᠢᠨ ᠲᠥᠰᠦᠪ ‍ᠦᠨ ᠭᠦᠶ᠋ᠴᠡᠳᠬᠡᠯ ‍ᠦᠨ ᠬᠢᠨᠠᠨ ᠪᠣᠳᠣᠯᠳᠠ ᠶ᠋ᠢᠨ 《 ᠭᠤᠷᠪᠠᠨ ᠱᠠᠲᠤ ᠪᠠᠷ ᠬᠣᠯᠪᠣᠭᠠᠯᠠᠨ ᠬᠥᠳᠡᠯᠦᠯᠴᠡᠬᠦ 》 ᠶ᠋ᠢ ᠪᠠᠲᠤᠯᠠᠵᠤ ᠂ ᠣᠯᠠᠨ ᠨᠡᠢᠲᠡ ᠶ᠋ᠢᠨ ᠪᠠᠯᠠ ᠮᠥᠩᠭᠥ ᠵᠢ ᠠᠮᠤᠷ ᠲᠦᠪᠰᠢᠨ ᠥᠨᠳᠥᠷ ᠪᠦᠲᠦᠮᠵᠢᠲᠡᠶ ᠬᠡᠷᠡᠭᠯᠡᠬᠦ ᠶ᠋ᠢ ᠪᠠᠳᠣᠯᠠᠬᠣ ᠬᠡᠷᠡᠭᠳᠡᠢ ᠃ ᠢᠯᠵᠢᠷᠡᠯ ‍ᠢ ᠡᠰᠡᠷᠭᠦᠴᠡᠬᠦ ᠲᠡᠮᠡᠴᠡᠯ ‍ᠤᠨ ᠪᠠᠶᠢᠭᠤᠯᠤᠯᠲᠠ ᠶ᠋ᠢᠨ ᠲᠣᠭᠣᠷᠢᠨ ᠳ᠋ᠤ ᠂ ᠴᠢᠬᠤᠯᠠ ᠬᠦᠷᠢᠶ᠎ᠡ ᠪᠣᠯᠤᠨ ᠵᠠᠩᠭᠢᠯᠠᠭ᠎ᠠ ᠶ᠋ᠢᠨ ᠭᠣᠭᠴᠣᠭᠠᠨ ᠳ᠋ᠤ ᠤᠨᠢᠨ ᠳᠡᠭᠡᠷ᠎ᠡ ᠨᠢ ᠬᠦᠴᠦᠯᠡᠵᠦ ᠂ ᠲᠤᠰᠢᠶᠠᠯ ‍ᠤᠨ ᠳᠤᠮᠳᠠᠬᠢ ᠬᠢᠨᠠᠨ ᠪᠣᠳᠣᠯᠲᠠ ᠂ ᠲᠤᠰᠢᠶᠠᠯ ᠡᠴᠠ ᠪᠠᠨ ᠰᠠᠯᠬᠤ ᠦᠶ᠎ᠡ ᠶ᠋ᠢᠨ ᠬᠢᠨᠠᠨ ᠪᠣᠳᠣᠯᠲᠠ ᠶ᠋ᠢ ᠴᠢᠩᠭᠠᠳᠬᠠᠵᠤ ᠂ ᠡᠷᠬᠡ ᠶ᠋ᠢᠨ ᠠᠵᠢᠯᠯᠠᠭᠠᠨ ‍ᠤ 《 ᠬᠣᠷᠢᠭ᠎ᠠ ᠴᠡᠭᠡᠷ 》 ‍ᠢ ᠰᠠᠶᠢᠲᠤᠷ ᠪᠣᠳᠣᠵᠤ ᠂ ᠤᠳᠤᠷᠢᠳᠬᠤ ᠺᠠᠳ᠋ᠷ ‍ᠤᠨ ᠬᠠᠤᠯᠢ ᠶᠣᠰᠣᠭᠠᠷ ᠡᠷᠬᠡ ᠪᠡᠨ ᠬᠡᠷᠡᠭᠯᠡᠬᠦ ᠂ ᠡᠷᠬᠡ ᠪᠡᠨ ᠭᠣᠣᠯᠴᠢ ᠪᠠᠷ ᠬᠡᠷᠡᠭᠯᠡᠬᠦ ᠂ ᠡᠷᠬᠡ ᠪᠡᠨ ᠠᠷᠢᠭᠤᠨ ᠴᠢᠬᠡᠴᠢ ᠪᠡᠷ ᠬᠡᠷᠡᠭᠯᠡᠬᠦ ᠶ᠋ᠢ ᠠᠨᠬᠢᠭᠣᠯᠬᠣ ᠬᠡᠷᠡᠭᠳᠡᠢ ᠃ ᠭᠤᠷᠪᠠ ᠳ᠋ᠤ ᠂ ᠲᠤᠰ ᠪᠡᠶ᠎ᠡ ᠶ᠋ᠢᠨ ᠪᠠᠶᠢᠭᠤᠯᠤᠯᠲᠠ ᠪᠠᠨ ᠴᠢᠩᠭᠠᠳᠬᠠᠵᠤ ᠂ ᠴᠠᠭ ᠦᠶ᠎ᠡ ᠶ᠋ᠢᠨ ᠱᠠᠭᠠᠷᠳᠠᠯᠭ᠎ᠠ ᠳ᠋ᠤ ᠵᠣᠬᠢᠴᠠᠭᠤᠯᠤᠨ᠎ᠠ ᠃ 《 ᠬᠢᠨᠠᠨ ᠪᠣᠳᠣᠬᠤ ᠵᠣᠷᠢᠭ ᠰᠠᠨᠠᠭ᠎ᠠ ᠪᠠᠷ ᠣᠷᠣᠰᠢᠨ ᠲᠣᠭᠲᠠᠨᠢᠬᠤ ᠂ ᠰᠢᠨ᠎ᠡ ᠶ᠋ᠢ ᠡᠭᠦᠳᠬᠦ ᠪᠡᠷ ᠳᠦᠷᠢᠮᠵᠢᠭᠦᠯᠦᠨ ᠠᠵᠢᠯ ᠦᠢᠯᠡᠰ ᠪᠣᠰᠬᠠᠬᠤ ᠂ ᠲᠤᠰ ᠪᠡᠶ᠎ᠡ ᠶ᠋ᠢᠨ ᠪᠦᠲᠦᠭᠡᠨ ᠪᠠᠢᠭᠤᠯᠤᠯᠲᠠ ᠪᠠᠷ ᠢᠲᠡᠭᠡᠯ ᠪᠢᠰᠢᠷᠡᠯ ‍ᠢ ᠪᠣᠶ ᠪᠣᠯᠭᠠᠬᠤ 》 ᠶ᠋ᠢ ᠪᠠᠷᠢᠮᠲᠠᠯᠠᠵᠤ ᠂ ᠢᠲᠡᠭᠡᠯ ᠪᠢᠰᠢᠷᠡᠯ ᠡᠷᠡᠰ ᠪᠠᠲᠤ ᠂ ᠲᠤᠬᠠᠶᠢᠯᠠᠭᠰᠠᠨ ᠠᠵᠢᠯ ᠳ᠋ᠠᠭᠠᠨ ᠴᠠᠭᠠᠷᠠᠭᠰᠠᠨ ᠂ ᠰᠤᠷᠲᠠᠯ ᠨᠢ ᠪᠣᠳᠠᠲᠠᠢ ᠶ᠋ᠢ ᠡᠷᠬᠢᠮᠯᠡᠭᠰᠡᠨ ᠂ ᠠᠷᠢᠭᠤᠨ ᠴᠢᠬᠡᠴᠢ ᠥᠨᠳᠥᠷ ᠬᠡᠪ ᠪᠣᠯᠪᠠᠰᠤᠷᠠᠯ ᠲᠠᠶ ᠲᠤᠰᠬᠠᠶᠢᠵᠢᠭᠰᠠᠨ ᠬᠢᠨᠠᠨ ᠪᠣᠳᠣᠬᠤ ᠺᠠᠳ᠋ᠷ ‍ᠤᠨ ᠡᠩᠨᠡᠭᠡ ᠶ᠋ᠢ ᠴᠢᠷᠮᠠᠶᠢᠨ ᠪᠠᠶᠢᠭᠣᠯᠬᠣ ᠬᠡᠷᠡᠭᠳᠡᠢ ᠬᠡᠵᠡᠢ ᠃

      ᠬᠤᠷᠠᠯ ᠡᠴᠠ 《 ᠳᠤᠮᠳᠠᠳᠤ ᠤᠯᠤᠰ ‍ᠤᠨ ᠡᠪ ᠬᠠᠮᠲᠤ ᠨᠠᠮ ‍ᠤᠨ ᠨᠠᠢᠮᠠᠨ ᠬᠣᠰᠢᠭᠤᠨ ‍ᠤ ᠬᠣᠷᠢᠶᠠᠨ ‍ᠤ ᠬᠢᠨᠠᠨ ᠪᠣᠳᠣᠬᠤ ᠵᠥᠪᠯᠡᠯ ‍ᠦᠨ ᠠᠵᠢᠯ ‍ᠤᠨ ᠳᠦᠷᠢᠮ 》 ᠂ 《 ᠨᠠᠢᠮᠠᠨ ᠬᠣᠰᠢᠭᠤᠨ ‍ᠤ ᠨᠠᠮ ‍ᠤᠨ ᠬᠣᠷᠢᠶᠠᠨ ‍ᠤ ᠬᠢᠨᠠᠨ ᠪᠣᠳᠣᠬᠤ ᠵᠥᠪᠯᠡᠯ ‍ᠦᠨ ᠠᠯᠪᠠᠨ ᠭᠡᠷ ‍ᠦᠨ ᠠᠵᠢᠯ ‍ᠤᠨ ᠨᠠᠷᠢᠨ ᠳᠦᠷᠢᠮ 》 ᠪᠣᠯᠤᠨ 《 2019 ᠣᠨ ᠤ ᠤᠳᠤᠷᠢᠳᠬᠤ ᠺᠠᠳ᠋ᠷ ‍ᠤᠨ ᠠᠵᠤ ᠠᠬᠤᠢ ᠶ᠋ᠢᠨ ᠬᠠᠷᠢᠭᠤᠴᠠᠯᠭ᠎ᠠ ᠶ᠋ᠢ ᠬᠢᠨᠠᠨ ᠪᠣᠳᠣᠬᠤ ᠲᠥᠯᠥᠪᠯᠡᠭᠡ 》 ᠶ᠋ᠢ ᠬᠢᠨᠠᠨ ᠵᠥᠪᠯᠡᠵᠦ ᠪᠠᠲᠤᠯᠠᠨ ᠂ 2018 ᠣᠨ ᠤ ᠬᠢᠨᠠᠨ ᠪᠣᠳᠣᠬᠤ ᠠᠵᠢᠯ ‍ᠢ ᠥᠷᠨᠢᠭᠦᠯᠦᠭᠰᠡᠨ ᠪᠠᠶᠢᠳᠠᠯ ᠪᠣᠯᠤᠨ 2019 ᠣᠨ ᠤ ᠠᠵᠢᠯ ‍ᠤᠨ ᠲᠣᠬᠢᠷᠠᠭᠤᠯᠤᠯᠲᠠ ᠵᠢᠴᠢ 《 2017 ᠣᠨ ᠤ ᠬᠣᠰᠢᠭᠤᠨ ‍ᠤ ᠲᠤᠰ ᠱᠠᠲᠤᠨ ‍ᠤ ᠲᠥᠰᠦᠪ ‍ᠢ ᠭᠦᠢᠴᠡᠳᠬᠡᠭᠰᠡᠨ ᠪᠠ ᠪᠤᠰᠤᠳ ᠡᠳ᠋ ‍ᠦᠨ ᠵᠠᠰᠠᠭ ‍ᠤᠨ ᠣᠷᠣᠯᠭ᠎ᠠ ᠵᠠᠷᠤᠯᠭ᠎ᠠ ᠶ᠋ᠢ ᠬᠢᠨᠠᠨ ᠪᠣᠳᠣᠵᠤ ᠪᠠᠶᠢᠴᠠᠭᠠᠨ ᠭᠠᠷᠭᠠᠭᠰᠠᠨ ᠠᠰᠠᠭᠤᠳᠠᠯ ‍ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ‍ᠤᠨ ᠲᠤᠬᠠᠢ ᠮᠡᠳᠡᠭᠦᠯᠦᠯᠲᠡ 》 ᠶ᠋ᠢ ᠬᠦᠯᠢᠶᠡᠨ ᠰᠣᠨᠣᠰᠪᠠ ᠃


ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ