ᠬᠣᠰᠢᠭᠣᠨ ᠤ ᠨᠠᠮ ‍ᠤᠨ ᠬᠣᠷᠢᠶᠠᠨ ‍ᠤ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠤᠳᠤᠷᠢᠳᠬᠤ ᠳᠤᠭᠤᠢᠯᠠᠩ ‍ᠤᠨ ᠬᠤᠷᠠᠯ ᠶᠠᠪᠣᠭᠳᠠᠭᠰᠠᠨ

ᠣᠩᠰᠢᠭᠰᠠᠨ ᠤᠳᠠᠭ᠎ᠠ ᠄ 475     ᠨᠡᠶᠢᠳᠡᠯᠡᠭᠰᠡᠨ ᠴᠠᠭ ᠄ 2019/6/24 16:19:08

  
          6 ᠳ᠋ᠤᠭᠠᠷ ᠰᠠᠷ᠎ᠠ ᠶ᠋ᠢᠨ 17 ‍ᠤ ᠡᠳᠦᠷ ᠂ ᠬᠣᠰᠢᠭᠣᠨ ᠤ ᠨᠠᠮ ‍ᠤᠨ ᠬᠣᠷᠢᠶᠠᠨ ᠤ ᠱᠦᠵᠢ ᠂ ᠬᠣᠰᠢᠭᠣᠨ ᠤ ᠨᠠᠮ ‍ᠤᠨ ᠬᠣᠷᠢᠶ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠤᠳᠤᠷᠢᠳᠬᠤ ᠳᠤᠭᠤᠢᠯᠠᠩ ‍ᠤᠨ ᠳᠠᠷᠤᠭ᠎ᠠ ᠵᠠᠩ ᠬᠤᠸᠠ ᠬᠣᠰᠢᠭᠣᠨ ᠤ ᠨᠠᠮ ‍ᠤᠨ ᠬᠣᠷᠢᠶ᠎ᠠ ᠶ᠋ᠢᠨ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠤᠳᠤᠷᠢᠳᠬᠤ ᠳᠤᠭᠤᠢᠯᠠᠩ ‍ᠤᠨ ᠬᠤᠷᠠᠯ ‍ᠢ ᠡᠷᠬᠢᠯᠡᠨ ᠬᠤᠷᠠᠯᠳᠤᠭᠤᠯᠪᠠ ᠃
         ᠬᠤᠷᠠᠯ ᠡᠴᠠ ᠂ ᠨᠠᠮ ‍ᠢ ᠬᠠᠮᠢᠶᠠᠷᠴᠤ ᠨᠠᠮ ‍ᠢ ᠵᠠᠰᠠᠬᠤ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠴᠢᠨᠠᠭᠰᠢᠳᠠ ᠪᠠᠲᠤᠳᠬᠠᠵᠤ ᠂ ᠰᠢᠨ᠎ᠡ ᠴᠠᠭ ᠦᠶ᠎ᠡ ᠶ᠋ᠢᠨ ᠨᠠᠮ ‍ᠤᠨ ᠪᠠᠶᠢᠭᠤᠯᠤᠯᠲᠠ ᠶ᠋ᠢᠨ ᠶᠡᠷᠦᠩᠬᠡᠢ ᠱᠠᠭᠠᠷᠳᠠᠯᠭ᠎ᠠ ᠶ᠋ᠢ ᠪᠦᠬᠦ ᠲᠠᠯ᠎ᠠ ᠪᠠᠷ ᠨᠠᠶᠢᠳᠠᠪᠣᠷᠢᠵᠢᠭᠣᠯᠣᠨ ᠂ ᠨᠠᠮ ‍ᠤᠨ ᠤᠯᠤᠰ ᠲᠥᠷᠥ ᠶ᠋ᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠣᠭᠣᠳᠤᠭᠤᠯᠵᠤ ᠨᠠᠮ ‍ᠤᠨ ᠡᠯ᠎ᠡ ᠵᠦᠢᠯ ‍ᠦᠨ ᠪᠠᠶᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠬᠠᠨ ᠂ 《 ᠳᠥᠷᠪᠡᠨ ᠤᠬᠠᠮᠰᠠᠷ 》 ‍ᠢ ᠴᠢᠩᠭᠠᠳᠬᠠᠵᠤ ᠂ 《 ᠳᠥᠷᠪᠡᠨ ᠢᠲᠡᠭᠡᠯ 》 ‍ᠢ ᠪᠠᠳᠣᠳᠬᠠᠨ ᠂ 《 ᠬᠣᠶᠠᠷ ‍ᠢ ᠬᠠᠮᠠᠭᠠᠯᠠᠬᠤ 》 ᠶ᠋ᠢ ᠪᠡᠶᠡᠯᠡᠭᠦᠯᠵᠦ ᠂ ᠦᠨᠳᠦᠰᠦᠨ ᠱᠠᠲᠤᠨ ‍ᠤ ᠨᠠᠮ ‍ᠤᠨ ᠪᠠᠶᠢᠭᠤᠯᠤᠯᠲᠠ ᠶ᠋ᠢᠨ ᠠᠵᠢᠯ ‍ᠢ ᠠᠳᠬᠤᠬᠤ ᠪᠦᠬᠦ ᠶᠠᠪᠤᠴᠠ ᠳ᠋ᠤ ᠢᠯᠡᠷᠡᠭᠦᠯᠬᠦ ᠬᠡᠷᠡᠭᠲᠡᠢ ᠃ 《 ᠤᠭ ᠰᠠᠨᠠᠭ᠎ᠠ ᠪᠠᠨ ᠮᠠᠷᠳᠠᠯ ᠦᠬᠡᠢ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳᠦᠪᠲᠦ ᠬᠥᠮᠦᠵᠢᠯ ‍ᠢ ᠨᠠᠷᠢᠨ ᠬᠢᠨᠠᠮᠠᠭᠠᠢ ᠵᠣᠬᠢᠶᠠᠨ ᠪᠠᠶᠢᠭᠣᠯᠣᠨ ᠥᠷᠨᠢᠭᠦᠯᠵᠦ ᠂ ᠰᠢ ᠶ᠋ᠢᠨ ᠫᠢᠩ ‍ᠦᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠡᠴᠠ ᠣᠨᠴᠠᠯᠢᠭ ᠲᠠᠶ ᠨᠡᠶᠢᠬᠡᠮ ᠵᠢᠷᠤᠮ ‍ᠤᠨ ᠦᠵᠡᠯ ᠰᠠᠨᠠᠭ᠎ᠠ ᠶ᠋ᠢ ᠰᠡᠳᠬᠢᠯ ᠳ᠋ᠡᠭᠡᠨ ᠬᠠᠳᠠᠩᠰᠢᠭᠤᠯᠵᠤ ᠂ ᠪᠣᠳᠠᠲᠠᠢ ᠳ᠋ᠤ ᠨᠠᠶᠢᠳᠠᠪᠤᠷᠢᠵᠢᠭᠤᠯᠬᠤ ᠶ᠋ᠢ ᠠᠬᠢᠭᠤᠯᠬᠤ ᠬᠡᠷᠡᠭᠲᠡᠢ ᠃ ᠲᠥᠷᠥᠯ ᠬᠤᠪᠢᠶᠠᠨ ᠵᠢᠯᠣᠭᠣᠳᠴᠣ ᠂ ᠬᠠᠶᠢᠨ ᠰᠦᠪᠡᠭᠴᠢᠯᠡᠵᠦ ᠰᠢᠨ᠎ᠡ ᠶ᠋ᠢ ᠡᠭᠦᠳᠬᠦ ᠶ᠋ᠢ ᠴᠢᠩᠭᠠᠳᠬᠠᠵᠤ ᠂ ᠬᠥᠳᠡᠭᠡ ᠲᠣᠰᠬᠣᠨ ᠂ ᠠᠯᠪᠠᠨ ᠪᠠᠶᠢᠭᠤᠯᠤᠯᠭ᠎ᠠ ᠂ ᠠᠵᠢᠯ ᠦᠢᠯᠡᠰ ‍ᠦᠨ ᠨᠢᠭᠡᠴᠡ ᠂ ᠨᠡᠶᠢᠬᠡᠮ ᠲᠣᠭᠣᠷᠢᠭ ᠂ ᠠᠵᠤ ᠠᠬᠤᠢᠯᠠᠯ ᠵᠡᠷᠭᠡ ᠡᠯ᠎ᠡ ᠬᠦᠷᠢᠶᠡᠨ ‍ᠦ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠪᠣᠳᠠᠲᠤ ᠪᠠᠶᠢᠳᠠᠯ ᠡᠴᠠ ᠡᠭᠦᠰᠴᠦ ᠂ ᠨᠠᠩ ᠬᠦᠴᠦᠷᠬᠡᠭ ᠳᠣᠭᠳᠠᠮᠠᠯ ᠬᠦᠴᠦᠨ ᠂ ᠨᠠᠩ ᠪᠣᠳᠠᠲᠠᠢ ᠠᠷᠭ᠎ᠠ ᠬᠡᠮᠵᠢᠶ᠎ᠡ ᠪᠡᠷ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠪᠦᠬᠦ ᠲᠠᠯ᠎ᠠ ᠪᠠᠷ ᠳᠠᠪᠰᠢᠬᠤ ᠂ ᠪᠦᠬᠦ ᠲᠠᠯ᠎ᠠ ᠪᠠᠷ ᠴᠠᠭᠠᠷᠠᠬᠤ ᠶ᠋ᠢ ᠲᠠᠰᠤᠷᠠᠯᠲᠠ ᠦᠭᠡᠢ ᠠᠬᠢᠭᠤᠯᠵᠤ ᠂ ᠪᠦᠬᠦ ᠬᠣᠰᠢᠭᠤᠨ ‍ᠤ ᠭᠠᠴᠠᠭ᠎ᠠ ᠲᠣᠰᠬᠣᠨ ‍ᠤ ᠨᠡᠶᠢᠳᠡ ᠶ᠋ᠢᠨ ᠠᠵᠤ ᠠᠬᠤᠢ ᠶ᠋ᠢᠨ ᠠᠵᠢᠯ ᠪᠠᠶᠢᠷᠢ ᠶ᠋ᠢᠨ ᠬᠤᠷᠠᠯ ‍ᠢ ᠬᠤᠷᠠᠯᠳᠤᠭᠤᠯᠬᠤ ᠪᠠᠷ ᠪᠡᠯᠡᠳᠬᠡᠬᠦ ᠬᠡᠷᠡᠭᠲᠡᠢ ᠃ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠬᠢᠨᠠᠨ ᠰᠢᠯᠭᠠᠬᠤ ᠬᠠᠮᠢᠶᠠᠷᠤᠯᠲᠠ ᠶ᠋ᠢᠨ ᠰᠢᠰᠲ᠋ᠧᠮ ‍ᠦᠨ ᠪᠠᠶᠢᠭᠤᠯᠤᠯᠲᠠ ᠶ᠋ᠢ ᠴᠢᠩᠭᠠᠳᠬᠠᠵᠤ ᠂ ᠬᠢᠨᠠᠨ ᠰᠢᠯᠭᠠᠬᠤ ᠬᠠᠮᠢᠶᠠᠷᠤᠯᠲᠠ ᠶ᠋ᠢᠨ ᠠᠷᠭ᠎ᠠ ᠶ᠋ᠢ ᠪᠦᠷᠢᠨ ᠪᠣᠯᠭᠠᠨ ᠲᠡᠭᠦᠯᠳᠡᠷᠵᠢᠭᠦᠯᠵᠦ ᠂ ᠬᠢᠨᠠᠨ ᠰᠢᠯᠭᠠᠬᠤ ᠬᠠᠮᠢᠶᠠᠷᠤᠯᠲᠠ ᠶ᠋ᠢᠨ ᠭᠦᠢᠴᠡᠳᠬᠡᠬᠦ ᠲᠣᠭ᠎ᠠ ᠶ᠋ᠢᠨ ᠡᠭᠦᠷᠭᠡ ᠶ᠋ᠢ ᠨᠠᠷᠢᠯᠢᠭᠵᠢᠭᠤᠯᠤᠨ ᠬᠡᠮᠵᠢᠶᠡᠵᠢᠭᠦᠯᠵᠦ ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶ᠋ᠢ ᠬᠡᠷᠡᠭᠵᠢᠬᠦᠯᠦᠨ ᠂ ᠬᠠᠷᠢᠭᠤᠴᠠᠯᠭ᠎ᠠ ᠡᠭᠦᠷᠭᠡᠯᠡᠬᠦ ᠶ᠋ᠢ ᠵᠣᠷᠢᠭᠵᠢᠭᠤᠯᠬᠤ ᠬᠡᠷᠡᠭᠲᠡᠢ ᠬᠡᠯ᠎ᠡ ᠃

      ᠬᠤᠷᠠᠯ ᠡᠴᠠ 《ᠨᠠᠢᠮᠠᠨ ᠬᠣᠰᠢᠭᠤᠨ ‍ᠤ ᠨᠠᠮ ‍ᠤᠨ ᠬᠣᠷᠢᠶᠠᠨ ‍ᠤ ᠨᠠᠮ ‍ᠤᠨ ᠪᠠᠶᠢᠭᠤᠯᠤᠯᠲᠠ ᠶ᠋ᠢᠨ ᠠᠵᠢᠯ ‍ᠤᠨ ᠤᠳᠤᠷᠢᠳᠬᠤ ᠳᠤᠭᠤᠢᠯᠠᠩ ‍ᠤᠨ 2019 ᠣᠨ ᠤ ᠠᠵᠢᠯ ‍ᠤᠨ ᠭᠣᠤᠯᠳᠠᠯᠭ᠎ᠠ 》 ᠵᠡᠷᠭᠡ ᠪᠢᠴᠢᠭ ᠮᠠᠲ᠋ᠧᠷᠢᠶᠠᠯ ‍ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠡᠨ ᠪᠠᠲᠤᠯᠠᠵᠤ ᠂ ᠪᠤᠰᠤᠳ ᠵᠦᠶ᠋ᠯᠡᠰ ‍ᠢ ᠰᠤᠳᠤᠯᠪᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ