ᠨᠠᠢᠮᠠᠨ ᠬᠣᠰᠢᠭᠤ ᠶᠠᠳᠠᠭᠤ ᠬᠦᠴᠢᠷᠳᠡᠯᠲᠡᠢ ᠬᠥᠮᠥᠨ ᠠᠮᠠ ᠳ᠋ᠤ ᠠᠵᠢᠯ ᠣᠯᠭᠣᠨ ᠶᠠᠳᠠᠭᠤ ᠡᠴᠠ ᠠᠩᠭᠢᠵᠢᠷᠠᠭᠤᠯᠬᠤ ᠲᠥᠷᠥᠯ ᠵᠦᠢᠯ ‍ᠦᠨ ᠪᠣᠯᠪᠠᠰᠤᠷᠠᠯ ᠦᠷᠨᠢᠭᠦᠯᠣᠭᠰᠡᠨ

ᠣᠩᠰᠢᠭᠰᠠᠨ ᠤᠳᠠᠭ᠎ᠠ ᠄ 468     ᠨᠡᠶᠢᠳᠡᠯᠡᠭᠰᠡᠨ ᠴᠠᠭ ᠄ 2019/6/24 16:38:59


      6 ᠳ᠋ᠣᠭᠠᠷ ᠰᠠᠷ᠎ᠠ ᠶ᠋ᠢᠨ 19 ‍ᠤ ᠡᠳᠦᠷ ᠂ ᠨᠠᠶ᠋ᠮᠠᠨ ᠬᠣᠰᠢᠭᠤᠨ ‍ᠤ ᠲᠠᠡᠭᠰᠠ ᠳ᠋ᠣ ᠲᠠᠮᠳᠡᠭᠯᠡᠨ ᠺᠠᠷᠲ ᠪᠠᠶᠢᠭᠣᠯᠣᠡᠡᠰᠠᠨ ᠶᠠᠳᠠᠭᠤ ᠬᠦᠴᠢᠷᠳᠡᠯᠲᠡᠶ ᠡᠷᠦᠬᠡ ᠳ᠋ᠥ ᠠᠵᠢᠯ ᠣᠯᠭᠣᠨ ᠶᠠᠳᠠᠭᠤ ᠡᠴᠠ ᠠᠩᠭᠢᠵᠢᠷᠠᠭᠤᠯᠬᠤ ᠲᠥᠷᠥᠯ ᠵᠦᠶ᠋ᠯ ‍ᠦᠨ ᠪᠣᠯᠪᠠᠰᠣᠷᠠᠯ ‍ᠤᠨ ᠬᠤᠷᠠᠯ ᠬᠣᠰᠢᠭᠤᠨ ᠤ ᠨᠠᠮ ‍ᠤᠨ ᠬᠣᠷᠢᠶᠠᠨ ‍ᠤ ᠨᠠᠮ ‍ᠤᠨ ᠰᠤᠷᠭᠠᠭᠤᠯᠢ ᠳ᠋ᠤ ᠬᠣᠷᠠᠯᠳᠣᠵᠦ ᠂ ᠲᠤᠰ ᠤᠳᠠᠭᠠᠨ ‍ᠤ ᠪᠣᠯᠪᠠᠰᠣᠷᠠᠯ ‍ᠢ ᠬᠣᠰᠢᠭᠣᠨ ‍ᠤ ᠬᠤᠳᠠᠯᠳᠤᠭᠠᠨ ‍ᠤ ᠶᠠᠪᠤᠳᠠᠯ ‍ᠤᠨ ᠲᠣᠪᠴᠢᠶ᠎ᠠ ᠡᠴᠠ ᠭᠣᠤᠯᠯᠠᠨ ᠡᠷᠬᠢᠯᠡᠵᠦ ᠂ ᠪᠡᠭᠡᠵᠢᠩ ᠥᠪᠥᠷ ᠮᠣᠩᠭᠣᠯ ‍ᠤᠨ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠲᠥᠷᠥᠯ ᠵᠦᠶ᠋ᠯ ᠳ᠋ᠦ ᠲᠦᠰᠢᠭᠯᠡᠨ ᠂ ᠲᠦᠩᠯᠢᠶᠣᠤ ᠬᠣᠲᠠ ᠶ᠋ᠢᠨ ᠥᠪᠥᠷ ᠮᠣᠩᠭᠣᠯ ‍ᠤᠨ ᠵᠡᠭᠦᠨ ᠬᠡᠰᠡᠭ ‍ᠦᠨ ᠠᠵᠢᠯ ᠮᠡᠷᠭᠡᠵᠢᠯ ‍ᠦᠨ ᠪᠣᠯᠪᠠᠰᠣᠷᠠᠯ ‍ᠤᠨ ᠰᠤᠷᠭᠠᠭᠤᠯᠢ ᠲᠠᠶ ᠬᠠᠮᠲᠤᠷᠠᠨ ᠂ ᠶᠠᠳᠠᠭᠤ ᠬᠦᠴᠢᠷᠳᠡᠯᠲᠡᠶ ᠣᠯᠠᠨ ᠲᠦᠮᠡᠨ ‍ᠦ ᠰᠠᠭᠠᠭ ‍ᠤᠨ ᠭᠣᠯᠢᠷ ‍ᠤᠨ ᠮᠢᠶᠠᠨᠲᠢᠶᠣᠣᠷ ᠬᠡᠷᠴᠢᠬᠦ ᠲᠤᠰᠬᠠᠶ ᠲᠦᠷᠦᠯ ‍ᠦᠨ ᠠᠵᠢᠯ ᠮᠡᠷᠭᠡᠵᠢᠯ ‍ᠦᠨ ᠪᠣᠯᠪᠠᠰᠣᠷᠠᠯ ᠬᠦᠷᠳᠡᠭᠡᠭᠰᠡᠨ ᠪᠠᠶᠢᠨ᠎ᠠ ᠃

        ᠲᠤᠰ ᠤᠳᠠᠭᠠᠨ ‍ᠤ ᠪᠣᠯᠪᠠᠰᠣᠷᠠᠯ ᠳ᠋ᠤ ᠳᠣᠰᠠᠬᠠᠶᠢᠯᠠᠨ ᠲᠦᠩᠯᠢᠶᠣᠤ ᠬᠣᠲᠠ ᠶ᠋ᠢᠨ ᠮᠸᠩ ᠳ᠋ᠦᠩ ᠠᠵᠢᠯ ᠮᠡᠷᠭᠡᠵᠢᠯ ‍ᠦᠨ ᠪᠣᠯᠪᠠᠰᠣᠷᠠᠯ ‍ᠤᠨ ᠰᠤᠷᠭᠠᠭᠤᠯᠢ ᠶ᠋ᠢᠨ ᠯᠧᠺᠲ᠋ᠣᠷ ᠪᠣᠯᠤᠨ ᠳᠤᠮᠳᠠᠳᠤ ᠤᠯᠤᠰ ‍ᠤᠨ ᠭᠠᠯ ᠲᠣᠭᠣᠭᠠᠨ ‍ᠤ ᠣᠷᠠᠯᠢᠭ ‍ᠤᠨ ᠮᠠᠰᠲ᠋ᠸᠷ ᠂ ᠬᠢᠲᠠᠳ ᠮᠠᠶᠢᠭ ‍ᠤᠨ ᠭᠤᠯᠢᠷ ᠬᠣᠭᠣᠯᠠ ᠬᠢᠬᠦ ᠲᠡᠭᠡᠳᠣ ᠵᠡᠷᠭᠡ ᠶ᠋ᠢᠨ ᠮᠡᠷᠭᠡᠵᠢᠯᠲᠡᠨ ‍ᠢ ᠤᠷᠢᠵᠤ ᠂ ᠰᠠᠭᠠᠭ ‍ᠤᠨ ᠭᠤᠯᠢᠷ ‍ᠤᠨ ᠮᠢᠶᠠᠨᠲᠢᠶᠣᠣᠷ ᠬᠢᠬᠦ ᠰᠣᠶᠣᠯ ᠂ ᠰᠢᠮ᠎ᠡ ᠲᠡᠵᠢᠭᠡᠯ ‍ᠤᠨ ᠥᠷᠲᠡᠭ ᠂ ᠠᠵᠢᠯᠯᠠᠬᠤ ᠠᠯᠬᠤᠮ ᠳᠠᠷᠠᠭ᠎ᠠ ᠂ ᠠᠩᠬᠠᠷᠬᠤ ᠵᠦᠶ᠋ᠯ ᠂ ᠡᠮᠦᠨᠡᠬᠢ ᠬᠤᠭᠤᠴᠠᠭᠠᠨ ‍ᠤ ᠮᠠᠲ᠋ᠧᠷᠢᠶᠠᠯ ‍ᠤᠨ ᠪᠡᠯᠡᠳᠬᠡᠯ ᠵᠡᠷᠭᠡ ᠣᠨᠣᠯ ‍ᠤᠨ ᠮᠡᠳᠡᠯᠭᠡ ᠶ᠋ᠢᠨ ᠲᠠᠯ᠎ᠠ ᠪᠠᠷ ᠲᠤᠰ ᠲᠤᠰ ᠬᠢᠴᠢᠶᠡᠯ ᠵᠢᠭᠠᠯᠭᠠᠬᠤ ᠶ᠋ᠢᠨ ᠬᠠᠮᠲᠤ ᠰᠠᠭᠠᠭ ‍ᠤᠨ ᠭᠤᠯᠢᠷ ‍ᠤᠨ ᠭᠠᠷ ᠤᠷᠠᠯᠠᠯ ‍ᠤᠨ ᠴᠤᠪᠤᠷᠠᠯ ᠳ᠋ᠤ ᠲᠤᠬᠠᠶ ᠶ᠋ᠢᠨ ᠲᠠᠯᠠᠪᠤᠷ ‍ᠤᠨ ᠠᠵᠢᠯᠯᠠᠭᠠᠨ ‍ᠤ ᠵᠢᠯᠣᠭᠣᠳᠣᠯᠭ᠎ᠠ ᠬᠢᠭᠰᠡᠨ ᠪᠠᠶᠢᠨ᠎ᠠ ᠃

       ᠬᠤᠷᠠᠯ ᠳᠡᠭᠡᠷ᠎ᠡ ᠂ ᠲᠦᠩᠯᠢᠶᠣᠤ ᠬᠣᠲᠠ ᠶ᠋ᠢᠨ ᠮᠸᠩ ᠳ᠋ᠦᠩ ᠠᠵᠢᠯ ᠮᠡᠷᠭᠡᠵᠢᠯ ‍ᠦᠨ ᠪᠣᠯᠪᠠᠰᠣᠷᠠᠯ ‍ᠤᠨ ᠰᠤᠷᠭᠠᠭᠤᠯᠢ ᠶ᠋ᠢᠨ ᠵᠠᠬᠢᠷᠤᠯ ᠡᠴᠠ ᠲᠤᠰᠬᠠᠶ ᠮᠡᠷᠭᠡᠵᠢᠯ ‍ᠦᠨ ᠴᠢᠳᠠᠪᠤᠷᠢᠲᠠᠨ ᠳ᠋ᠥ ᠠᠵᠢᠯ ᠣᠯᠭᠣᠯᠲᠠ ᠶ᠋ᠢᠨ ᠠᠰᠠᠭᠤᠳᠠᠯ ‍ᠢ ᠲᠠᠨᠢᠯᠴᠠᠭᠤᠯᠤᠭᠰᠠᠨ ᠪᠥᠭᠡᠳ ᠪᠣᠯᠪᠠᠰᠣᠷᠠᠯ ‍ᠤᠨ ᠠᠵᠢᠯ ᠳ᠋ᠥ ᠲᠣᠬᠢᠷᠠᠭᠣᠯᠣᠯᠳᠠ ᠬᠢᠵᠦ ᠂ ᠬᠣᠰᠢᠭᠣᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠬᠣᠰᠢᠭᠤᠨ ‍ᠤ ᠠᠷᠠᠣᠨ ‍ᠤᠨ ᠵᠠᠰᠠᠭ ‍ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠯᠢᠦ ᠨᠢᠡᠭ ᠬᠤᠷᠠᠯ ᠳ᠋ᠤ ᠰᠠᠭᠠᠳᠠᠬᠣ ᠶ᠋ᠢᠨ ᠬᠠᠮᠳᠣ ᠶᠠᠷᠢᠶ᠎ᠠ ᠳᠠᠯᠪᠢᠵᠠᠢ ᠃

         ᠯᠢᠦ ᠨᠢᠡᠭ ᠵᠢᠭᠠᠵᠣ ᠭᠠᠷᠭᠠᠠᠠᠰᠠᠨ ᠨᠢ ᠄ ᠵᠣᠭᠰᠣᠴᠠ ᠪᠠᠨ ᠳᠡᠭᠡᠭᠰᠢᠯᠡᠭᠦᠯᠵᠦ ᠂ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠪᠣᠯᠪᠠᠰᠤᠷᠠᠯ ‍ᠤᠨ ᠴᠢᠬᠤᠯᠠ ᠠᠴᠢ ᠬᠣᠯᠪᠣᠭᠳᠠᠯ ‍ᠢ ᠭᠦᠢᠴᠡᠳ ᠲᠠᠨᠢᠵᠤ ᠂ ᠤᠷᠢᠳᠴᠢᠯᠠᠨ ᠲᠥᠯᠥᠪᠵᠢᠭᠦᠯᠵᠦ ᠂ ᠨᠢᠮᠪᠠᠢ ᠪᠡᠯᠡᠳᠬᠡᠨ ᠂ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠪᠣᠯᠪᠠᠰᠤᠷᠠᠯ ‍ᠢ ᠡᠮᠬᠢ ᠵᠢᠷᠤᠮ ᠲᠠᠶ ᠥᠷᠨᠢᠭᠦᠯᠬᠦ ᠶ᠋ᠢ ᠠᠬᠢᠭᠤᠯᠵᠤ ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠃ ᠰᠤᠷᠤᠭᠴᠢᠳ ᠬᠣᠯᠪᠣᠭᠳᠠᠯ ᠪᠦᠬᠦᠢ ᠤᠷ᠎ᠠ ᠮᠡᠷᠭᠡᠵᠢᠯ ‍ᠢ ᠲᠦᠷᠭᠡᠨ ᠡᠵᠡᠮᠰᠢᠵᠦ ᠂ ᠰᠤᠷᠤᠭᠰᠠᠨ ᠢᠶᠡᠨ ᠬᠡᠷᠡᠭᠯᠡᠬᠦ ᠬᠡᠷᠡᠭᠲᠡᠶ ᠃ ᠬᠤᠳᠠᠯᠳᠤᠭᠠᠨ ‍ᠤ ᠶᠠᠪᠤᠳᠠᠯ ‍ᠤᠨ ᠰᠠᠯᠠᠭ᠎ᠠ ᠮᠥᠴᠢᠷ ᠤᠳ ᠪᠣᠯᠪᠠᠰᠣᠷᠠᠯ ‍ᠤᠨ ᠪᠠᠶᠢᠭᠣᠯᠣᠮᠵᠢ ᠵᠢ ᠮᠥᠷᠳᠡᠬᠦ ᠂ ᠵᠢᠯᠣᠭᠣᠳᠬᠤ ᠂ ᠬᠢᠨᠠᠯᠲᠠ ᠲᠠᠯᠪᠢᠬᠤ ᠪᠠ ᠪᠦᠷᠢᠳᠬᠡᠨ ᠵᠠᠳᠠᠯᠤᠯᠲᠠ ᠬᠢᠵᠦ ᠂ ᠪᠣᠯᠪᠠᠰᠣᠷᠠᠯ ‍ᠤᠨ ᠶᠠᠰᠤ ᠴᠢᠨᠠᠷ ‍ᠢ ᠦᠨᠡᠨᠬᠦ ᠪᠠᠲᠤᠯᠠᠬᠤ ᠬᠡᠷᠡᠭᠲᠡᠢ ᠬᠡᠵᠡᠢ ᠃ ᠲᠡᠷᠡ ᠴᠢᠡᠭᠭᠠᠳᠬᠠᠠᠠᠰᠠᠨ ᠨᠢ ᠂ ᠤᠷ᠎ᠠ ᠮᠡᠷᠭᠡᠵᠢᠯ ‍ᠦᠨ ᠪᠣᠯᠪᠠᠰᠤᠷᠠᠯ ᠢᠶᠠᠷ ᠠᠷᠭ᠎ᠠ ᠪᠠᠷᠢᠯ ᠪᠣᠯᠭᠠᠵᠤ ᠂ ᠶᠠᠳᠠᠭᠤ ᠬᠦᠴᠢᠷᠳᠡᠯᠲᠡᠢ ᠬᠥᠮᠦᠰ ‍ᠦᠨ ᠠᠵᠢᠯ ᠣᠯᠬᠤ ᠴᠢᠳᠠᠪᠤᠷᠢ ᠪᠣᠯᠤᠨ ᠦᠢᠯᠡᠰ ᠪᠣᠰᠬᠠᠵᠤ ᠪᠠᠶᠠᠵᠢᠨ ᠴᠢᠨᠡᠭᠡᠯᠢᠭᠵᠢᠬᠦ ᠴᠢᠳᠠᠪᠤᠷᠢ ᠶ᠋ᠢ ᠳᠡᠭᠡᠭᠰᠢᠯᠡᠭᠦᠯᠬᠦ ᠪᠡᠷ ᠵᠣᠷᠢᠯᠭ᠎ᠠ ᠪᠣᠯᠭᠠᠵᠤ ᠂ ᠪᠦᠬᠦ ᠬᠣᠰᠢᠭᠤᠨ ‍ᠤ ᠠᠵᠢᠯ ᠣᠯᠭᠣᠯᠲᠠ ᠪᠠᠷ ᠶᠠᠳᠠᠭᠤ ᠶ᠋ᠢ ᠲᠡᠳᠬᠦᠬᠦ ᠪᠣᠯᠪᠠᠰᠤᠷᠠᠯ ‍ᠤᠨ ᠠᠵᠢᠯ ‍ᠤᠨ ᠰᠢᠨ᠎ᠡ ᠪᠠᠶᠢᠳᠠᠯ ‍ᠢ ᠴᠢᠷᠮᠠᠶᠢᠨ ᠡᠭᠦᠳᠬᠦ ᠬᠡᠷᠡᠭᠲᠡᠢ ᠭᠡᠵᠡᠢ  ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ