ᠥᠪᠥᠷ ᠮᠣᠩᠭᠣᠯ ‍ᠤᠨ ᠵᠠᠮᠪᠠᠯᠳᠣᠷᠵᠢ ᠮᠣᠩᠭᠣᠯ ᠡᠮ ‍ᠦᠨ ᠮᠠᠲ᠋ᠧᠷᠢᠶᠠᠯ ‍ᠤᠨ ᠬᠣᠲᠠ ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠥᠷᠥᠯ ᠵᠦᠢᠯ ᠤᠷᠤᠭᠰᠢᠲᠠᠶ ᠶᠠᠪᠤᠭᠳᠠᠵᠤ ᠪᠠᠶᠢᠭ᠎ᠠ

ᠣᠩᠰᠢᠭᠰᠠᠨ ᠤᠳᠠᠭ᠎ᠠ ᠄ 7725     ᠨᠡᠶᠢᠳᠡᠯᠡᠭᠰᠡᠨ ᠴᠠᠭ ᠄ 2019/6/24 16:47:22


        ᠡᠨᠡ ᠵᠢᠯ ‍ᠦᠨ 3 ᠳ᠋ᠤᠭᠠᠷ ᠰᠠᠷ᠎ᠠ ᠡᠴᠠ ᠨᠠᠰᠢ ᠂ ᠪᠥᠬᠥ ᠬᠣᠰᠢᠭᠤᠨ ‍ᠤ ᠣᠯᠠᠨ ᠭᠣᠤᠯᠳᠠᠯᠭ᠎ᠠ ᠲᠠᠶ ᠲᠥᠷᠥᠯ ᠵᠦᠢᠯ ᠵᠠᠯᠭᠠᠭ᠎ᠠ ᠵᠠᠯᠭᠠᠭ᠎ᠠ ᠪᠠᠷ ᠠᠵᠢᠯ ᠢᠶᠡᠨ ᠰᠡᠷᠭᠦᠭᠡᠨ ᠪᠦᠲᠦᠭᠡᠨ ᠪᠠᠶᠢᠭᠣᠯᠵᠣ ᠂ ᠥᠪᠥᠷ ᠮᠣᠩᠭᠣᠯ ‍ᠤᠨ ᠵᠠᠮᠪᠠᠯᠳᠣᠷᠵᠢ ᠮᠦᠽᠧᠶ ᠶ᠋ᠢᠨ ᠬᠢᠵᠠᠭᠠᠷᠲᠤ ᠺᠣᠮᠫᠠᠨᠢ ᠡᠴᠡ ᠪᠠᠯᠠ ᠣᠷᠣᠭᠤᠯᠤᠨ ᠪᠦᠲᠦᠭᠡᠨ ᠪᠠᠶᠢᠭᠣᠯᠵᠣ ᠂ ᠾᠧᠨᠠᠨ ᠮᠤᠵᠢ ᠶ᠋ᠢᠨ ᠬᠣᠶᠠᠳᠤᠭᠠᠷ ᠪᠠᠷᠢᠯᠭ᠎ᠠ ᠶ᠋ᠢᠨ ᠢᠨᠵᠧᠨᠧᠷᠢᠩ ᠤᠨ ᠬᠥᠭᠵᠢᠯᠲᠡ ᠶ᠋ᠢᠨ ᠬᠢᠵᠠᠭᠠᠷᠲᠤ ᠺᠣᠮᠫᠠᠨᠢ ᠡᠴᠡ ᠶᠡᠷᠦᠩᠬᠡᠶᠢᠯᠡᠨ ᠲᠠᠭᠠᠴᠢᠯᠠᠵᠣ ᠪᠠᠶᠢᠭᠣᠯᠵᠣ ᠪᠠᠶᠢᠭ᠎ᠠ ᠥᠪᠥᠷ ᠮᠣᠩᠭᠣᠯ ‍ᠤᠨ ᠵᠠᠮᠪᠠᠯᠳᠣᠷᠵᠢ ᠮᠣᠩᠭᠣᠯ ᠡᠮ ‍ᠦᠨ ᠮᠠᠲ᠋ᠧᠷᠢᠶᠠᠯ ‍ᠤᠨ ᠬᠣᠲᠠ ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠥᠷᠥᠯ ᠵᠦᠢᠯ ᠨᠢ ᠭᠣᠣᠯᠳᠠᠯᠭᠠᠳᠣ ᠲᠥᠷᠥᠯ ᠵᠦᠶ᠋ᠯ ‍ᠦᠨ ᠨᠢᠭᠡ ᠪᠠᠶᠢᠵᠣ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶ᠋ᠢᠨ ᠠᠮᠤᠷ ᠲᠦᠪᠰᠢᠨ ᠂ ᠶᠠᠰᠤ ᠴᠢᠨᠠᠷ ᠂ ᠠᠬᠢᠴᠠ ᠶ᠋ᠢ ᠴᠢᠩᠭ᠎ᠠ ᠠᠳᠬᠣᠨ ᠂ ᠲᠥᠷᠥᠯ ᠵᠦᠢᠯ ‍ᠦᠨ ᠠᠬᠢᠴᠠ ᠤᠷᠤᠭᠰᠢᠲᠠᠶ ᠪᠠᠶᠢᠨ᠎ᠠ ᠃
        6 ᠰᠠᠷ᠎ᠠ ᠶ᠋ᠢᠨ 19 ‍ᠤ ᠡᠳᠦᠷ ᠂ ᠰᠤᠷᠪᠤᠯᠵᠢᠯᠠᠭᠴᠢ ᠪᠦᠲᠦᠭᠡᠨ ᠪᠠᠶᠢᠭᠤᠯᠤᠯᠲᠠ ᠶ᠋ᠢᠨ ᠲᠤᠬᠠᠶ ᠶ᠋ᠢᠨ ᠲᠠᠯᠠᠪᠠᠢ ᠳ᠋ᠤ ᠣᠯᠵᠤ ᠬᠠᠷᠠᠭᠰᠠᠨ ᠨᠢ ᠂ ᠥᠪᠥᠷ ᠮᠣᠩᠭᠣᠯ ‍ᠤᠨ ᠵᠠᠮᠪᠠᠯᠳᠣᠷᠵᠢ ᠮᠣᠩᠭᠣᠯ ᠡᠮ ‍ᠦᠨ ᠮᠠᠲ᠋ᠧᠷᠢᠶᠠᠯ ‍ᠤᠨ ᠬᠣᠲᠠ ᠶ᠋ᠢᠨ ᠳᠡᠯᠬᠡᠨ ᠦᠵᠡᠭᠦᠯᠬᠦ ᠲᠥᠪ ‍ᠦᠨ ᠪᠦᠳᠦᠴᠡ ᠶ᠋ᠢᠨ ᠬᠣᠶᠠᠳᠣᠭᠠᠷ ᠳᠠᠪᠬᠤᠷ ‍ᠢ ᠨᠢᠭᠡᠨᠲᠡ ᠳᠡᠭᠡᠪᠦᠷᠯᠡᠵᠦ ᠂ ᠪᠣᠯᠣᠳ ᠪᠦᠳᠦᠴᠡᠳᠦ ᠭᠡᠷ ‍ᠦᠨ ᠣᠷᠣᠢ ᠶ᠋ᠢ ᠶᠠᠭ ᠰᠠᠶᠢᠬᠠᠨ ᠪᠠᠷᠢᠵᠤ ᠂ ᠵᠠᠮᠪᠠᠯᠳᠣᠷᠵᠢ ᠮᠦᠽᠧᠶ ᠶ᠋ᠢᠨ ᠪᠠᠷᠢᠯᠭ᠎ᠠ ᠶ᠋ᠢᠨ ᠰᠠᠭᠤᠷᠢ ᠦᠨᠳᠦᠰᠦᠨ ᠳ᠋ᠡᠭᠡᠨ ᠲᠠᠭᠣᠰᠴᠣ ᠂ ᠡᠮ ‍ᠦᠨ ᠮᠠᠲ᠋ᠧᠷᠢᠶᠠᠯ ‍ᠤᠨ ᠠᠷᠠᠯᠵᠢᠶᠠᠨ ‍ᠤ ᠲᠥᠪ ‍ᠦᠨ ᠬᠣᠶᠠᠳᠤᠭᠠᠷ ᠳᠠᠪᠬᠣᠷᠭᠠᠳᠣ ᠪᠦᠳᠣᠴᠠ ᠶ᠋ᠢᠨ ᠪᠠᠷᠢᠯᠭ᠎ᠠ ᠶᠠᠭ ᠰᠠᠶᠢᠬᠠᠨ ᠪᠠᠷᠢᠵᠣ ᠂ ᠲᠤᠬᠠᠶ ᠶ᠋ᠢᠨ ᠲᠠᠯᠠᠪᠠᠢ ᠳ᠋ᠤ ᠮᠠᠰᠢ ᠶᠠᠭᠠᠷᠠᠯᠳᠠᠢ ᠪᠠᠶᠢᠳᠠᠯ ᠲᠣᠳᠣᠷᠠᠨ᠎ᠠ ᠃ ᠲᠥᠷᠥᠯ ᠵᠦᠢᠯ ‍ᠦᠨ ᠬᠠᠷᠢᠭᠤᠴᠠᠯᠭᠠᠲᠠᠨ ᠰᠤᠷᠪᠤᠯᠵᠢᠯᠠᠭᠴᠢ ᠳ᠋ᠤ ᠶᠠᠷᠢᠭᠰᠠᠨ ᠨᠢ ᠂ ᠲᠤᠰ ᠲᠥᠷᠥᠯ ᠵᠦᠢᠯ ‍ᠢ 2019 ᠣᠨ ᠤ 3 ᠰᠠᠷ᠎ᠠ ᠶ᠋ᠢᠨ 8 ‍ᠤ ᠡᠳᠦᠷ ᠰᠡᠷᠭᠦᠭᠡᠭᠰᠡᠨ ᠡᠴᠡ ᠨᠠᠰᠢ ᠂ ᠪᠠᠷᠢᠯᠭ᠎ᠠ ᠶ᠋ᠢᠨ ᠪᠦᠲᠦᠭᠡᠨ ᠪᠠᠶᠢᠭᠣᠯᠣᠯᠳᠠ ᠳ᠋ᠤ ᠣᠷᠣᠯᠴᠠᠭᠰᠠᠨ 200 ᠭᠠᠷᠤᠢ ᠪᠠᠷᠢᠯᠭ᠎ᠠ ᠶ᠋ᠢᠨ ᠠᠵᠢᠯᠴᠢᠨ ᠡᠳᠦᠷ ᠪᠦᠷᠢ 8 ᠴᠠᠭ ᠡᠴᠠ ᠳᠡᠭᠡᠭᠰᠢ ᠠᠵᠢᠯᠯᠠᠵᠤ ᠪᠠᠶᠢᠨ᠎ᠠ ᠭᠡᠯ᠎ᠡ ᠃
         ᠾᠧᠨᠠᠨ ᠮᠤᠵᠢ ᠶ᠋ᠢᠨ ᠬᠣᠶᠠᠳᠤᠭᠠᠷ ᠪᠠᠷᠢᠯᠭ᠎ᠠ ᠶ᠋ᠢᠨ ᠢᠨᠵᠧᠨᠧᠷᠢᠩ ᠤᠨ ᠬᠥᠭᠵᠢᠯᠲᠡ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶ᠋ᠢᠨ ᠬᠠᠷᠢᠭᠤᠴᠠᠯᠭᠠᠲᠠᠨ ᠴᠧᠨ ᠯᠢ ᠮᠢᠩ ᠶᠠᠷᠢᠬᠰᠠᠨ ᠨᠢ ᠄ ᠲᠤᠰ ᠲᠥᠷᠥᠯ ᠵᠦᠶ᠋ᠯ ‍ᠢ 2018 ᠣᠨ ᠤ 9 ᠰᠠᠷ᠎ᠠ ᠶ᠋ᠢᠨ 27 ‍ᠤ ᠡᠳᠦᠷ ᠡᠴᠡ ᠡᠬᠢᠯᠡᠨ ᠪᠦᠲᠦᠭᠡᠨ ᠪᠠᠶᠢᠭᠤᠯᠤᠭᠰᠠᠨ ᠡᠴᠠ ᠨᠠᠰᠢ ᠂ ᠪᠢᠳᠡ ᠬᠣᠰᠢᠭᠤᠨ ᠤ ᠨᠠᠮ ‍ᠤᠨ ᠬᠣᠷᠢᠶ᠎ᠠ ᠂ ᠵᠠᠰᠠᠭ ᠤᠨ ᠣᠷᠳᠣᠨ ‍ᠤ ᠱᠠᠭᠠᠷᠳᠠᠯᠭ᠎ᠠ ᠶᠣᠰᠣᠭᠠᠷ ᠂ ᠠᠮᠤᠷ ᠲᠦᠪᠰᠢᠨ ‍ᠦ ᠶᠠᠰᠤ ᠴᠢᠨᠠᠷ ᠤᠨ ᠪᠣᠭᠣᠮᠲᠠ ᠶ᠋ᠢ ᠴᠢᠩᠭ᠎ᠠ ᠠᠳᠬᠣᠨ ᠂ ᠲᠣᠭᠳᠠᠭᠠᠭᠰᠠᠨ ᠲᠥᠯᠥᠪᠯᠡᠭᠡ ᠶᠣᠰᠣᠭᠠᠷ ᠡᠮᠬᠢ ᠵᠢᠷᠤᠮ ᠲᠠᠶ ᠪᠠᠷ ᠪᠠᠷᠢᠯᠭ᠎ᠠ ᠪᠠᠷᠢᠵᠤ ᠂ ᠬᠣᠰᠢᠭᠤᠨ ᠤ ᠠᠷᠠᠳ ‍ᠤᠨ ᠵᠠᠰᠠᠭ ᠤᠨ ᠣᠷᠳᠣᠨ ‍ᠤ ᠬᠦᠴᠦᠲᠡᠶ ᠳᠡᠮᠵᠢᠯᠭᠡ ᠳᠣᠤᠷ᠎ᠠ ᠂ ᠪᠠᠷᠢᠯᠭ᠎ᠠ ᠶ᠋ᠢ ᠲᠣᠭᠳᠠᠭᠠᠭᠰᠠᠨ ᠬᠤᠭᠤᠴᠠᠭᠠᠨ ᠳ᠋ᠤ ᠂ ᠴᠢᠨᠠᠷ ‍ᠢ ᠪᠠᠳᠣᠯᠠᠨ ᠂ ᠲᠣᠭ᠎ᠠ ᠶᠣᠰᠣᠭᠠᠷ ᠡᠭᠦᠷᠭᠡ ᠪᠡᠨ ᠪᠡᠶᠡᠯᠡᠭᠦᠯᠬᠦ ᠶ᠋ᠢ ᠦᠨᠡᠨ ᠬᠦ ᠪᠠᠲᠤᠯᠠᠨ᠎ᠠ ᠃ ᠣᠳᠣᠬᠠᠨ ᠳ᠋ᠤ ᠂ ᠨᠢᠭᠡᠳᠦᠭᠡᠷ ᠬᠤᠭᠤᠴᠠᠭᠠᠨ ‍ᠤ ᠬᠡᠰᠡᠭ ᠭᠣᠤᠯ ᠴᠣᠭᠴᠠ ᠶ᠋ᠢᠨ ᠪᠠᠷᠢᠯᠭ᠎ᠠ ᠶ᠋ᠢ ᠦᠨᠳᠦᠰᠦᠨ ᠳ᠋ᠡᠭᠡᠨ ᠳᠠᠭᠤᠰᠬᠠᠵᠤ ᠂ ᠲᠠᠷᠠᠭᠠᠴᠢ ᠶ᠋ᠢᠨ ᠠᠯᠬᠤᠮ ᠳ᠋ᠤ ᠪᠣᠯᠣᠳ ᠪᠦᠲᠦᠴᠡ ᠲᠡᠶ ᠮᠣᠩᠭᠣᠯ ᠭᠡᠷ ‍ᠦᠨ ᠳᠡᠭᠡᠪᠦᠷ ‍ᠢ ᠳᠡᠭᠦᠵᠢᠯᠡᠨ ᠤᠭᠰᠠᠷᠠᠬᠤ ᠪᠠᠷ ᠪᠡᠯᠡᠳᠬᠡᠵᠦ ᠪᠠᠶᠢᠨ᠎ᠠ ᠃ ᠵᠢᠱᠢᠯᠲᠡ ᠪᠡᠷ ᠲᠤᠰ ᠰᠠᠷ᠎ᠠ ᠶ᠋ᠢᠨ ᠰᠡᠭᠦᠯᠴᠢ ᠪᠡᠷ ᠳᠡᠭᠦᠵᠢᠯᠡᠨ ᠤᠭᠰᠠᠷᠠᠬᠤ ᠠᠵᠢᠯ ‍ᠢ ᠪᠡᠶᠡᠯᠡᠭᠦᠯᠵᠦ ᠂ ᠨᠢᠭᠡᠳᠦᠭᠡᠷ ᠬᠤᠭᠤᠴᠠᠭᠠᠨ ‍ᠤ ᠪᠦᠬᠦᠯᠢ ᠴᠣᠭᠴᠠ ᠶ᠋ᠢᠨ ᠢᠨᠵᠧᠨᠧᠷᠢᠩ ‍ᠢ 2019 ᠣᠨ ᠤ 10 ᠰᠠᠷ᠎ᠠ ᠶ᠋ᠢᠨ ᠰᠡᠭᠦᠯᠴᠢ ᠪᠡᠷ ᠠᠵᠢᠯ ᠳᠠᠭᠣᠰᠬᠠᠬᠣ ᠪᠣᠯᠣᠨ᠎ᠠ ᠃

       《 ᠥᠪᠥᠷ ᠮᠣᠩᠭᠣᠯ ‍ᠤᠨ ᠵᠠᠮᠪᠠᠯᠳᠣᠷᠵᠢ ᠮᠣᠩᠭᠣᠯ ᠡᠮ ‍ᠦᠨ ᠮᠠᠲ᠋ᠧᠷᠢᠶᠠᠯ ‍ᠤᠨ ᠬᠣᠲᠠ 》 ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠥᠷᠥᠯ ᠵᠦᠢᠯ ‍ᠢ 313.72 ᠮᠦ ᠭᠠᠵᠠᠷ ᠰᠢᠷᠣᠢ ᠶ᠋ᠢ ᠲᠥᠯᠥᠪᠵᠢᠭᠦᠯᠦᠨ ᠪᠦᠲᠦᠭᠡᠨ ᠪᠠᠶᠢᠭᠣᠯᠵᠣ ᠂ ᠶᠡᠷᠦᠩᠬᠡᠢ ᠪᠠᠷᠢᠯᠭ᠎ᠠ ᠶ᠋ᠢᠨ ᠲᠠᠯᠠᠪᠠᠢ 143552 ᠲᠡᠭᠰᠢ ᠳᠥᠷᠪᠡᠯᠵᠢᠨ ᠮᠸᠲ᠋ᠷ ᠲᠤ ᠬᠦᠷᠴᠦ ᠂ ᠪᠠᠷᠤᠭᠯᠠᠭᠰᠠᠨ ᠶᠡᠷᠦᠩᠬᠡᠢ ᠪᠡᠯᠡ ᠣᠷᠣᠭᠤᠯᠤᠯᠲᠠ 5 ᠳ᠋ᠦᠩᠰᠢᠭᠤᠷ ᠲᠥᠭᠥᠷᠢᠭ ᠲᠦ ᠬᠦᠷᠴᠡᠢ ᠃ ᠲᠥᠷᠥᠯ ᠵᠦᠢᠯ ᠤᠨ ᠭᠣᠣᠯ ᠪᠣᠯᠬᠤ ᠪᠦᠲᠦᠭᠡᠨ ᠪᠠᠶᠢᠭᠣᠯᠣᠯᠳᠠ ᠳ᠋ᠥ ᠭᠣᠣᠯᠳᠠᠭᠣ ᠲᠥᠪᠯᠡᠷᠡᠭᠦᠯᠦᠨ ᠠᠷᠠᠯᠵᠢᠶᠠᠯᠠᠬᠤ ᠣᠷᠣᠨ ᠂ ᠪᠠᠷᠠᠭ᠎ᠠ ᠬᠠᠳᠠᠭᠠᠯᠠᠬᠣ ᠭᠦᠢᠯᠭᠡᠭᠡᠨ ᠤ ᠣᠷᠣᠨ ᠂ ᠤᠭ ᠭᠠᠷᠤᠯᠲᠠ ᠶ᠋ᠢᠨ ᠠᠩᠬ᠎ᠠ ᠡᠳᠡᠰᠢᠭᠦᠯᠬᠦ ᠣᠷᠣᠨ ᠂ ᠤᠭ ᠭᠠᠷᠤᠯᠲᠠ ᠶ᠋ᠢᠨ ᠭᠠᠵᠠᠷ ᠤᠨ ᠲᠥᠷᠥᠯ ᠲᠡᠮᠲᠡᠭ ‍ᠢ ᠳᠡᠯᠭᠡᠨ ᠦᠵᠡᠭᠦᠯᠵᠦ ᠣᠶᠢᠯᠠᠭᠠᠬᠤ ᠣᠷᠣᠨ ᠂ ᠲᠣᠭᠠᠴᠢᠯᠠᠭᠰᠠᠨ ᠠᠷᠠᠯᠵᠢᠶᠠᠨ ᠤ ᠲᠠᠪᠴᠠᠩ ᠂ ᠶᠠᠰᠤ ᠴᠢᠨᠠᠷ ‍ᠢ ᠰᠢᠯᠭᠠᠨ ᠪᠠᠶᠢᠴᠠᠭᠠᠬᠣ ᠲᠥᠪ ᠵᠢᠴᠢ ᠵᠠᠮᠪᠠᠯᠳᠣᠷᠵᠢ ᠶ᠋ᠢᠨ ᠳᠤᠷᠠᠰᠬᠠᠯ ᠤᠨ ᠣᠷᠳᠣᠨ ᠪᠠᠭᠲᠠᠨ᠎ᠠ ᠃ ᠲᠥᠷᠥᠯ ᠵᠦᠢᠯ ‍ᠢ ᠬᠣᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠣᠯᠵᠣ ᠂ ᠨᠢᠭᠡᠳᠦᠭᠡᠷ ᠬᠤᠭᠤᠴᠠᠭᠠᠨ ‍ᠤ ᠪᠠᠯᠠ ᠣᠷᠣᠭᠤᠯᠤᠯᠲᠠ 1.2 ᠳ᠋ᠦᠩᠰᠢᠭᠤᠷ ᠲᠥᠭᠥᠷᠢᠭ ᠂ ᠪᠠᠷᠢᠯᠭ᠎ᠠ ᠶ᠋ᠢᠨ ᠲᠠᠯᠠᠪᠠᠢ 3.2 ᠲᠦᠮᠡᠨ ᠲᠡᠭᠰᠢ ᠳᠥᠷᠪᠡᠯᠵᠢᠨ ᠮᠧᠲ᠋ᠷ ᠪᠠᠶᠢᠵᠣ ᠂ ᠡᠭᠦᠨ ᠳ᠋ᠦ ᠭᠣᠣᠯᠳᠠᠭᠤ ᠲᠡᠯᠭᠡᠨ ᠦᠵᠡᠭᠦᠯᠬᠦ ᠲᠥᠪ ᠂ ᠠᠷᠠᠯᠵᠢᠶᠠᠨ ‍ᠤ ᠲᠥᠪ ᠪᠠ ᠵᠠᠮᠪᠠᠯᠳᠣᠷᠵᠢ ᠮᠦᠽᠧᠶ ᠪᠣᠢ ᠃ ᠣᠳᠣᠬᠠᠨ ᠪᠣᠯᠲᠠᠯ᠎ᠠ ᠂ 6500 ᠲᠦᠮᠡᠨ ᠲᠥᠭᠥᠷᠢᠭ ‍ᠦᠨ ᠪᠠᠯᠠ ᠣᠷᠣᠭᠤᠯᠤᠯᠲᠠ ᠶ᠋ᠢ ᠪᠡᠶᠡᠯᠡᠬᠦᠯᠵᠣ ᠂ ᠲᠤᠰ ᠲᠥᠷᠥᠯ ᠵᠦᠢᠯ  ᠪᠠᠶᠢᠭᠤᠯᠤᠭᠳᠠᠭᠰᠠᠨ ‍ᠤ ᠳᠠᠷᠠᠭ᠎ᠠ ᠂ ᠵᠢᠯ ‍ᠦᠨ ᠮᠣᠩᠭᠣᠯ ᠡᠮ ‍ᠦᠨ ᠮᠠᠲ᠋ᠧᠷᠢᠶᠠᠯ ‍ᠤᠨ ᠠᠷᠠᠯᠵᠢᠶᠠᠨ ‍ᠤ ᠬᠡᠪᠴᠢᠶ᠎ᠡ ᠶ᠋ᠢ 5 ᠲᠦᠮᠡᠨ ᠲᠣᠨ ᠪᠡᠶᠡᠯᠡᠭᠦᠯᠵᠦ ᠂ ᠵᠢᠯ ‍ᠦᠨ ᠠᠷᠠᠯᠵᠢᠶᠠᠨ ‍ᠤ ᠬᠡᠮᠵᠢᠶ᠎ᠡ ᠶ᠋ᠢ 10 ᠳ᠋ᠦᠩᠰᠢᠭᠤᠷ ᠲᠥᠭᠥᠷᠢᠭ ᠡᠴᠡ ᠳᠡᠭᠡᠭᠰᠢ ᠳ᠋ᠦ ᠬᠦᠷᠭᠡᠨ ᠂ ᠭᠠᠶᠢᠯᠢ ᠲᠠᠲᠠᠪᠤᠷᠢ ᠶ᠋ᠢᠨ ᠣᠷᠣᠯᠭ᠎ᠠ ᠶ᠋ᠢ 5000 ᠲᠦᠮᠡᠨ ᠲᠥᠭᠥᠷᠢᠭ ᠡᠴᠡ ᠳᠡᠭᠡᠭᠰᠢ ᠨᠡᠮᠡᠭᠳᠡᠭᠦᠯᠵᠦ ᠂ ᠪᠥᠬᠥ ᠬᠣᠰᠢᠭᠤᠨ ‍ᠤ ᠠᠵᠤ ᠠᠬᠤᠢ ᠶ᠋ᠢᠨ ᠬᠥᠭᠵᠢᠯᠲᠡ ᠂ ᠭᠤᠷᠪᠠᠨ ᠠᠵᠤ ᠦᠢᠯᠡᠰ ‍ᠦᠨ ᠠᠭᠤᠰᠤᠯᠴᠠᠯ ‍ᠢ ᠠᠬᠢᠭᠤᠯᠬᠤ ᠂ ᠠᠵᠢᠯ ᠣᠯᠭᠣᠯᠲᠠ ᠶ᠋ᠢ ᠳᠠᠶᠢᠴᠢᠯᠠᠬᠤ ᠂ ᠶᠠᠳᠠᠭᠤ ᠡᠴᠠ ᠠᠩᠭᠢᠵᠢᠷᠠᠭᠤᠯᠬᠤ ᠰᠢᠪᠲᠤᠯᠤᠯᠲᠠ ᠶ᠋ᠢᠨ ᠭᠣᠤᠯᠳᠠᠯᠭ᠎ᠠ ᠲᠠᠶ ᠲᠤᠯᠭᠠᠭᠤᠷᠢ ᠠᠵᠤ ᠦᠢᠯᠡᠰ ‍ᠦᠨ ᠨᠢᠭᠡ ᠨᠢ ᠪᠣᠯᠵᠣ ᠂ ᠪᠠᠰᠠᠴᠣ ᠡᠮ ᠡᠮᠨᠡᠯᠭᠡ ᠂ ᠨᠠᠰᠣᠳᠠᠨ ᠤ ᠠᠰᠠᠷᠠᠮᠵᠢ ᠂ ᠵᠢᠭᠤᠯᠴᠢᠯᠠᠯ ‍ᠢ ᠨᠢᠭᠡ ᠴᠣᠭᠴᠠᠵᠢᠭᠤᠯᠤᠭᠰᠠᠨ ᠡᠮᠨᠡᠬᠦ ᠰᠤᠪᠢᠯᠠᠬᠤ ᠶ᠋ᠢ ᠤᠶᠠᠯᠳᠤᠭᠤᠯᠤᠭᠰᠠᠨ ᠣᠳᠣᠬᠢᠴᠢᠯᠠᠭᠰᠠᠨ ᠣᠨᠴᠠᠯᠢᠭᠲᠤ ᠵᠢᠵᠢᠭ ᠪᠠᠯᠭᠠᠰᠤ ᠶ᠋ᠢ ᠠᠯᠬᠤᠮ ᠠᠯᠬᠤᠮ ᠢᠶᠠᠷ ᠬᠥᠭᠵᠢᠭᠦᠯᠬᠦ ᠪᠣᠯᠤᠨ᠎ᠠ ᠃ 

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ