ᠰᠢᠷᠠᠬᠣᠭᠣᠯᠠᠢ ᠪᠠᠯᠭᠠᠰᠤᠨ ‍ᠤ 《 ᠵᠠᠭᠤᠨ ᠠᠵᠤ ᠠᠬᠤᠢᠯᠠᠯ ᠵᠠᠭᠤᠨ ᠲᠣᠰᠬᠣᠨ ‍ᠢ ᠬᠠᠪᠰᠤᠷᠬᠤ 》 ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠨᠡᠷ᠎ᠡ ᠬᠦᠨᠳᠦᠲᠦ ᠲᠣᠰᠬᠣᠨ ‍ᠤ ᠡᠷᠬᠢᠯᠡᠭᠴᠢ ᠶ᠋ᠢᠨ ᠵᠠᠯᠭᠠᠭᠣᠯᠬᠣ ᠰᠠᠭᠣᠳᠠᠯ ‍ᠤᠨ ᠬᠣᠷᠠᠯ ᠬᠣᠷᠠᠯᠳᠣᠡᠡᠰᠠᠨ

ᠣᠩᠰᠢᠭᠰᠠᠨ ᠤᠳᠠᠭ᠎ᠠ ᠄ 5142     ᠨᠡᠶᠢᠳᠡᠯᠡᠭᠰᠡᠨ ᠴᠠᠭ ᠄ 2019/6/28 17:54:15


        6 ᠳ᠋ᠣᠭᠠᠷ ᠰᠠᠷ᠎ᠠ ᠶ᠋ᠢᠨ 20 ‍ᠤ ᠡᠳᠦᠷ ᠂ ᠰᠢᠷᠠᠬᠣᠭᠣᠯᠠᠢ ᠪᠠᠯᠭᠠᠰᠤᠨ ‍ᠤ 《 ᠵᠠᠭᠤᠨ ᠠᠵᠤ ᠠᠬᠤᠢᠯᠠᠯ ᠵᠠᠭᠤᠨ ᠲᠣᠰᠬᠣᠨ ‍ᠢ ᠬᠠᠪᠰᠤᠷᠬᠤ 》 ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠨᠡᠷ᠎ᠡ ᠬᠦᠨᠳᠦᠲᠦ ᠲᠣᠰᠬᠣᠨ ‍ᠤ ᠡᠷᠬᠢᠯᠡᠭᠴᠢ ᠶ᠋ᠢᠨ ᠵᠠᠯᠭᠠᠭᠣᠯᠬᠣ ᠰᠠᠭᠣᠳᠠᠯ ‍ᠤᠨ ᠬᠣᠷᠠᠯ ᠶᠠᠪᠣᠭᠳᠠᠵᠣ ᠂ ᠲᠦᠩᠯᠢᠶᠣᠤ ᠬᠣᠲᠠ ᠪᠣᠯᠤᠨ ᠮᠠᠨ ‍ᠤ ᠬᠣᠰᠢᠭᠣ ᠡᠴᠠ ᠢᠷᠡᠭᠰᠡᠨ 14 ᠠᠵᠤ ᠠᠬᠣᠶᠢᠯᠠᠯᠳᠠᠨ ᠨᠡᠷ᠎ᠡ ᠬᠦᠨᠳᠦᠲᠦ ᠲᠣᠰᠬᠣᠨ ‍ᠤ ᠡᠷᠬᠢᠯᠡᠭᠴᠢ ᠪᠡᠷ ᠤᠷᠢᠭᠳᠠᠭᠰᠠᠨ ᠪᠥᠭᠡᠳ ᠤᠷᠢᠯᠭ᠎ᠠ ᠶ᠋ᠢᠨ ᠪᠢᠴᠢᠭ ᠭᠠᠷᠳᠠᠵᠦ ᠂ ᠬᠣᠰᠢᠭᠣᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠵᠣᠬᠢᠶᠠᠨ ᠪᠠᠶᠢᠭᠣᠯᠬᠣ ᠬᠡᠯᠲᠡᠰ ‍ᠦᠨ ᠳᠠᠷᠤᠭ᠎ᠠ ᠪᠣᠣ ᠯᠢᠶᠠᠨ ᠱᠠᠨ ᠰᠠᠭᠣᠳᠠᠯ ‍ᠤᠨ ᠬᠣᠷᠠᠯ ᠳ᠋ᠣ ᠰᠠᠭᠠᠳᠠᠠᠠᠰᠠᠠ ᠪᠠᠶᠢᠨ᠎ᠠ ᠃
          ᠬᠤᠷᠠᠯ ᠳᠡᠭᠡᠷ᠎ᠡ ᠂ 14 ᠨᠡᠷ᠎ᠡ ᠬᠦᠨᠳᠦᠲᠦ ᠲᠣᠰᠬᠣᠨ ‍ᠤ ᠡᠷᠬᠢᠯᠡᠭᠴᠢ ᠪᠦᠬᠦ ᠪᠠᠯᠭᠠᠰᠤᠨ ‍ᠤ ᠡᠯ᠎ᠡ ᠵᠠᠰᠠᠭ ᠵᠠᠬᠢᠷᠭᠠᠨ ‍ᠤ ᠲᠣᠰᠬᠣᠨ ‍ᠤ ᠨᠢᠭᠡᠳᠦᠭᠡᠷ ᠱᠦᠵᠢ ᠂ ᠱᠦᠵᠢ ᠲᠡᠶ ᠵᠠᠯᠭᠠᠭᠣᠯᠵᠦ ᠂ ᠨᠡᠷ᠎ᠡ ᠬᠦᠨᠳᠦᠲᠦ ᠲᠣᠰᠬᠣᠨ ‍ᠤ ᠡᠷᠬᠢᠯᠡᠭᠴᠢ ᠣᠪᠣᠷ ᠢᠶᠡᠨ ᠢᠯᠡᠳᠬᠡᠬᠦ ᠶᠠᠷᠢᠶ᠎ᠠ ᠲᠠᠯᠪᠢᠡᠡᠰᠠᠨ ᠪᠠᠶᠢᠨ᠎ᠠ ᠃ ᠬᠤᠷᠠᠯ ᠡᠴᠠ ᠴᠢᠡᠭᠭᠠᠳᠬᠠᠠᠠᠰᠠᠨ ᠨᠢ ᠂ ᠭᠠᠴᠠᠭ᠎ᠠ ᠲᠣᠰᠬᠣᠨ ‍ᠤ ᠨᠡᠶᠢᠳᠡ ᠶ᠋ᠢᠨ ᠠᠵᠤ ᠠᠬᠤᠢ ᠶ᠋ᠢ ᠪᠤᠵᠠᠭᠠᠶᠢᠷᠠᠭᠤᠯᠵᠤ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠶ᠋ᠢ ᠠᠬᠢᠭᠤᠯᠬᠤ ᠳ᠋ᠤ ᠭᠠᠴᠠᠭ᠎ᠠ ᠲᠣᠰᠬᠣᠨ ‍ᠤ ᠳᠣᠲᠣᠭᠠᠳᠤ ᠬᠥᠳᠡᠯᠭᠡᠬᠦ ᠬᠦᠴᠦᠨ ‍ᠢ ᠬᠥᠭᠵᠢᠭᠡᠬᠦ ᠴᠢᠬᠤᠯᠠᠲᠠᠢ ᠮᠥᠷᠲᠡᠭᠡᠨ ᠪᠠᠰᠠ ᠨᠠᠶᠢᠭᠡᠮ ‍ᠦᠨ ᠬᠦᠴᠦᠨ ‍ᠦ ᠬᠠᠪᠰᠤᠷᠤᠨ ᠲᠡᠳᠬᠦᠬᠦ ᠡᠴᠡ ᠰᠠᠯᠵᠤ ᠴᠢᠳᠠᠬᠤ ᠦᠭᠡᠢ ᠪᠠᠶᠢᠵᠣ ᠂ ᠭᠠᠴᠠᠭᠠᠨ ‍ᠤ ᠺᠠᠳ᠋ᠷᠴᠤᠳ ᠦᠵᠡᠯ ᠰᠠᠨᠠᠭ᠎ᠠ ᠪᠠᠨ ᠴᠢᠯᠥᠭᠡᠯᠡᠨ ᠂ ᠨᠡᠶᠢᠳᠡ ᠶ᠋ᠢᠨ ᠠᠵᠤ ᠠᠬᠤᠶ ᠶ᠋ᠢ ᠤᠷᠢᠳᠠᠪᠠᠷ ᠬᠥᠭᠵᠢᠭᠦᠯᠵᠦ ᠂ ᠪᠤᠰᠤᠳ ᠭᠠᠵᠠᠷ ᠣᠷᠣᠨ ‍ᠤ ᠲᠡᠷᠢᠭᠦᠨ ‍ᠦ ᠲᠤᠷᠰᠢᠯᠭ᠎ᠠ ᠶ᠋ᠢ ᠣᠶᠢᠯᠠᠭᠠᠨ ᠰᠤᠷᠤᠯᠴᠠᠬᠤ ᠬᠡᠷᠡᠭᠲᠡᠶ ᠃ ᠠᠵᠤ ᠠᠬᠤᠢᠯᠠᠯᠲᠠᠳ ᠲᠤᠰ ᠪᠡᠶ᠎ᠡ ᠶ᠋ᠢᠨ ᠳᠠᠪᠠᠭᠤᠯᠢᠭ ᠢᠶᠡᠨ ᠪᠠᠳᠠᠷᠠᠭᠤᠯᠵᠤ ᠂ ᠬᠥᠳᠡᠭᠡ ᠲᠣᠰᠬᠣᠨ ᠳ᠋ᠤ  ᠭᠦᠡᠵᠡᠭᠡᠶᠢᠷᠡᠵᠦ ᠂ ᠦᠨᠳᠦᠰᠦᠨ ᠱᠠᠲᠤᠨ ᠳ᠋ᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠨ ᠂ ᠲᠣᠰᠬᠣᠨ ‍ᠤ ᠠᠷᠠᠳ ‍ᠤᠨ ᠶᠠᠳᠠᠭᠤ ᠡᠴᠠ ᠠᠡᠭᠭᠢᠵᠢᠷᠠᠨ ᠴᠢᠨᠡᠭᠡᠯᠢᠭᠵᠢᠬᠦ ᠶ᠋ᠢ ᠪᠡᠶᠡᠯᠡᠭᠦᠯᠬᠦ ᠳ᠋ᠦ ᠠᠷᠭ᠎ᠠ ᠪᠣᠳᠣᠯᠭ᠎ᠠ ᠭᠠᠷᠭᠠᠬᠤ ᠬᠡᠷᠡᠭᠲᠡᠢ ᠭᠡᠵᠡᠢ ᠃
        ᠬᠤᠷᠠᠯ ‍ᠤᠨ ᠳᠠᠷᠠᠭ᠎ᠠ ᠂ ᠬᠤᠷᠠᠯ ᠳ᠋ᠤ ᠣᠷᠣᠯᠴᠠᠭᠰᠠᠳ ᠰᠢᠷᠠᠬᠣᠭᠣᠯᠠᠢ ᠪᠠᠯᠭᠠᠰᠤᠨ ‍ᠤ  ᠪᠣᠷᠳᠣᠭᠠᠨ ᠬᠣᠨᠢᠨ ‍ᠤ ᠡᠭᠦᠯᠳᠡᠷ ᠰᠠᠶᠢᠵᠢᠷᠠᠭᠣᠯᠬᠣ ᠴᠡᠭ ᠂ ᠬᠦᠬᠡ ᠭᠠᠴᠠᠭ᠎ᠠ ᠶ᠋ᠢᠨ ᠳᠣᠰᠣᠯᠢᠭ ᠭᠦᠢᠯᠡᠰᠦ ᠶ᠋ᠢ ᠵᠠᠯᠭᠠᠬᠤ ᠴᠢᠭ ᠂ ᠭᠦᠸᠧ ᠠᠨ ᠲᠠᠷᠢᠶᠠᠯᠠᠩ ‍ᠢ ᠨᠡᠭᠡᠭᠡᠨ ᠬᠥᠭᠵᠢᠭᠦᠯᠬᠦ ᠡᠮ ‍ᠦᠨ ᠮᠠᠲ᠋ᠧᠷᠢᠶᠠᠯ ‍ᠤᠨ ᠰᠠᠭᠤᠷᠢᠨ ᠭᠠᠵᠠᠷ ᠂ ᠾᠧᠢ ᠢᠦᠢ ᠫᠤᠣᠽᠢ ᠲᠤᠰᠬᠤᠨ ‍ᠤ ᠴᠤᠤ ᠪᠧ ᠭᠧᠤ ᠵᠤᠭᠠᠴᠠᠯ ‍ᠤᠨ ᠦᠵᠡᠮᠵᠢ ᠶ᠋ᠢᠨ ᠣᠷᠣᠨ ᠵᠢᠴᠢ ᠲᠦᠬᠦᠭᠡᠷᠤᠮᠵᠢᠳᠤ ᠲᠠᠷᠢᠶᠠᠯᠠᠩ ‍ᠤᠨ ᠲᠣᠭᠣᠷ ᠲᠡᠭᠦᠬᠦ ᠰᠠᠭᠤᠷᠢᠨ ᠭᠠᠵᠠᠷ ᠬᠦᠷᠴᠦ ᠲᠣᠭᠣᠷᠢᠨ ᠦᠵᠡᠭᠰᠡᠨ ᠪᠥᠭᠡᠳ ᠨᠠᠷᠢᠨ ᠲᠠᠨᠢᠯᠴᠠᠭᠤᠯᠭ᠎ᠠ ᠶ᠋ᠢ ᠨᠠᠷᠢᠨ ᠬᠢᠨᠠᠮᠠᠭᠠᠢ ᠰᠣᠨᠣᠰᠴᠤ ᠂ ᠪᠦᠬᠦ ᠪᠠᠯᠭᠠᠰᠤᠨ ‍ᠤ ᠪᠠᠶᠢᠭᠠᠯᠢ ᠶ᠋ᠢᠨ ᠡᠬᠢ ᠪᠠᠶᠠᠯᠢᠭ ᠪᠣᠯᠤᠨ ᠠᠵᠤ ᠦᠢᠯᠡᠰ ‍ᠦᠨ ᠬᠥᠭᠵᠢᠯᠲᠡ ᠶ᠋ᠢᠨ ᠳᠠᠪᠠᠭᠤᠯᠢᠭ ‍ᠢ ᠣᠶᠢᠯᠭᠠᠠᠠᠰᠠᠨ ᠪᠠᠶᠢᠨ᠎ᠠ ᠃
        ᠰᠢᠷᠠᠬᠣᠭᠣᠯᠠᠢ ᠪᠠᠯᠭᠠᠰᠤᠨ ‍ᠤ ᠨᠠᠮ ‍ᠤᠨ ᠬᠣᠷᠢᠶ᠎ᠠ ᠵᠠᠰᠠᠭ ‍ᠤᠨ ᠣᠷᠳᠣᠨ ‍ᠤ ᠬᠣᠯᠪᠣᠭᠳᠠᠯ ᠪᠦᠬᠦᠢ ᠤᠳᠤᠷᠢᠳᠤᠯᠭ᠎ᠠ ᠂ ᠪᠦᠬᠦ ᠪᠠᠯᠭᠠᠰᠤᠨ ‍ᠤ ᠡᠯ᠎ᠡ ᠭᠠᠴᠠᠭ᠎ᠠ ᠲᠣᠰᠬᠣᠨ ‍ᠤ ᠨᠢᠭᠡᠳᠦᠭᠡᠷ ᠱᠦᠵᠢ ᠂ ᠱᠦᠵᠢ ᠂ ᠳᠠᠭᠠᠭᠠᠴᠢᠯᠠᠭᠰᠠᠨ ᠭᠠᠴᠠᠭᠠᠨ ‍ᠤ ᠺᠠᠳ᠋ᠷ ᠬᠤᠷᠠᠯ ᠳ᠋ᠤ ᠣᠷᠣᠯᠴᠠᠪᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ