ᠬᠣᠰᠢᠭᠤᠨ ‍ᠤ ᠶᠠᠳᠠᠭᠤ ᠶ᠋ᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠣᠭᠣᠶᠢᠯᠠᠩ ᠡᠴᠠ ᠪᠦᠬᠦ ᠬᠣᠰᠢᠭᠤᠨ ‍ᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠴᠡᠭᠴᠡᠯᠡᠨ ᠨᠠᠶᠢᠳᠠᠪᠣᠷᠢᠵᠢᠭᠣᠯᠣᠯᠳᠠ ᠶ᠋ᠢᠨ ᠲᠤᠬᠠᠶ ᠶ᠋ᠢᠨ ᠲᠠᠯᠠᠪᠠᠢ ᠶ᠋ᠢᠨ ᠠᠬᠢᠭᠤᠯᠬᠤ ᠬᠤᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 208     ᠨᠡᠶᠢᠳᠡᠯᠡᠭᠰᠡᠨ ᠴᠠᠭ ᠄ 2019/7/6 15:25:13

  

      6 ᠳ᠋ᠤᠭᠠᠷ ᠰᠠᠷ᠎ᠠ ᠶ᠋ᠢᠨ 27 ᠂ 28 ‍ᠦ ᠡᠳᠦᠷ ᠂ ᠬᠣᠰᠢᠭᠤᠨ ‍ᠤ ᠶᠠᠳᠠᠭᠤ ᠶ᠋ᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠣᠭᠣᠶᠢᠯᠠᠩ ᠡᠴᠠ ᠪᠦᠬᠦ ᠬᠣᠰᠢᠭᠤᠨ ‍ᠤ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠴᠡᠭᠴᠡᠯᠡᠨ ᠨᠠᠶᠢᠳᠠᠪᠣᠷᠢᠵᠢᠭᠣᠯᠣᠯᠳᠠ ᠶ᠋ᠢᠨ ᠲᠤᠬᠠᠶ ᠶ᠋ᠢᠨ ᠲᠠᠯᠠᠪᠠᠢ ᠶ᠋ᠢᠨ ᠠᠬᠢᠭᠤᠯᠬᠤ ᠬᠤᠷᠠᠯ ᠶᠠᠪᠣᠭᠳᠠᠭᠣᠯᠣᠭᠰᠠᠨ ᠪᠠᠶᠢᠨ᠎ᠠ ᠃

      ᠬᠤᠷᠠᠯ ᠨᠢ ᠲᠤᠬᠠᠶ ᠶ᠋ᠢᠨ ᠲᠠᠯᠠᠪᠠᠢ ᠳ᠋ᠤ ᠪᠠᠶᠢᠴᠠᠭᠠᠨ ᠦᠵᠡᠬᠦ ᠂ ᠬᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠶ᠋ᠢ ᠠᠪᠴᠤ ᠂ ᠤᠷᠢᠳ ᠬᠣᠵᠢᠳ ᠮᠢᠩ ᠷᠧᠨ ᠰᠤᠮᠤ ᠶ᠋ᠢᠨ ᠲᠠᠢ ᠫᠢᠩ ᠲᠦᠨ ᠲᠣᠰᠬᠣᠨ ᠂ ᠲᠠᠴᠢᠨᠲᠠᠯ᠎ᠠ ᠪᠠᠯᠭᠠᠰᠤ ᠶ᠋ᠢᠨ ᠬᠣᠶᠢᠳᠣ ᠬᠠᠰᠢᠶᠠᠲᠤ ᠲᠣᠰᠬᠣᠨ ᠂ ᠰᠢᠨ ᠵᠧᠨ ᠪᠠᠯᠭᠠᠰᠤ ᠶ᠋ᠢᠨ  ᠶᠠᠭᠡᠳᠠᠯ᠎ᠠ ᠭᠠᠴᠠᠭ᠎ᠠ ᠂  ᠰᠢᠷᠠᠬᠣᠭᠣᠯᠠᠢ ᠪᠠᠯᠭᠠᠰᠤ ᠶ᠋ᠢᠨ ᠪᠠᠷᠠᠭᠣᠨ ᠰᠢᠷᠠᠬᠣᠭᠣᠯᠠᠢ ᠲᠣᠰᠬᠣᠨ ᠳ᠋ᠤ ᠬᠦᠷᠴᠦ 《 ᠬᠣᠶᠠᠷ ᠲᠤ ᠵᠣᠪᠠᠬᠤ ᠥᠬᠡᠶ ᠭᠤᠷᠪᠠ ᠶ᠋ᠢ ᠪᠠᠲᠤᠯᠠᠬᠤ 》 ᠂ 《 ᠪᠦᠬᠦᠨ ‍ᠢ ᠠᠷᠢᠯᠭᠠᠨ ᠪᠠᠷᠢᠮᠵᠢᠶ᠎ᠠ ᠳ᠋ᠤ ᠬᠦᠷᠭᠡᠬᠦ 》 ᠠᠵᠢᠯ ‍ᠢ ᠲᠤᠬᠠᠶ ᠶ᠋ᠢᠨ ᠲᠠᠯᠠᠪᠠᠢ ᠳ᠋ᠤ ᠠᠬᠢᠭᠤᠯᠪᠠ ᠃

       ᠬᠤᠷᠠᠯ ᠡᠴᠠ ᠴᠢᠩᠭᠠᠳᠬᠠᠭᠰᠠᠨ ᠨᠢ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠶᠠᠳᠠᠭᠤ ᠶ᠋ᠢ ᠲᠡᠳᠬᠦᠬᠦ ᠠᠵᠢᠯ ‍ᠤᠨ ᠲᠤᠬᠠᠶ ᠴᠢᠬᠤᠯᠠ ᠥᠭᠦᠯᠡᠯᠲᠡ ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠣᠣᠱᠯᠠᠭᠣᠯᠵᠣ ᠂ 《 ᠬᠣᠶᠠᠷ ᠲᠤ ᠵᠣᠪᠠᠬᠤ ᠥᠬᠡᠶ ᠭᠤᠷᠪᠠ ᠶ᠋ᠢ ᠪᠠᠲᠤᠯᠠᠬᠤ 》 ᠬᠠᠷᠠᠯᠲᠠ ᠶ᠋ᠢ ᠪᠠᠷᠢᠮᠲᠠᠯᠠᠨ ᠂ ᠲᠥᠪ ‍ᠦᠨ ᠰᠢᠶ᠋ᠳᠪᠦᠷᠢᠲᠦ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠂ ᠬᠣᠲᠠ ᠶ᠋ᠢᠨ ᠨᠠᠮ ‍ᠤᠨ ᠬᠣᠷᠢᠶᠠᠨ ᠤ ᠡᠯ᠎ᠡ ᠵᠦᠢᠯ ‍ᠦᠨ ᠪᠣᠳᠠᠲᠠᠶ ᠱᠠᠭᠠᠷᠳᠠᠯᠭ᠎ᠠ ᠶ᠋ᠢ ᠳᠣᠭᠣᠰᠢᠯᠠᠭᠣᠯᠣᠨ ᠨᠠᠶᠢᠳᠠᠪᠣᠷᠢᠵᠢᠭᠣᠯᠵᠣ ᠂ 《 ᠳᠥᠷᠪᠡᠨ ᠤᠬᠠᠮᠰᠠᠷ 》 ᠢᠶᠡᠨ ᠴᠢᠩᠭᠠᠳᠬᠠᠨ ᠂ 《 ᠳᠥᠷᠪᠡᠨ ᠢᠲᠡᠭᠡᠯ 》 ᠢᠶᠡᠨ ᠪᠠᠲᠤᠳᠬᠠᠵᠤ ᠂ 《 ᠬᠣᠶᠠᠷ ‍ᠢ ᠬᠠᠮᠠᠭᠠᠯᠠᠬᠤ 》 ᠵᠢ ᠪᠡᠶᠡᠯᠡᠭᠦᠯᠦᠨ ᠂ ᠤᠨᠢᠨ ᠳᠡᠭᠡᠷ᠎ᠡ ᠨᠢ ᠶᠠᠳᠠᠭᠤ ᠶ᠋ᠢ ᠲᠡᠳᠬᠦᠵᠦ ᠤᠨᠢᠨ ᠳᠡᠭᠡᠷ᠎ᠡ ᠨᠢ ᠶᠠᠳᠠᠭᠤ ᠡᠴᠠ ᠠᠩᠭᠢᠵᠢᠷᠠᠭᠤᠯᠬᠤ ᠪᠣᠳᠠᠲᠠᠶ ᠦᠷ᠎ᠡ ᠪᠦᠲᠦᠮᠵᠢ ᠪᠡᠷ ᠨᠠᠮ ᠳ᠋ᠠᠭᠠᠨ ᠦᠨᠡᠨᠴᠢ ᠰᠢᠳᠤᠷᠭᠤ ᠪᠠᠶᠢᠬᠤ ᠪᠠᠨ ᠲᠣᠳᠣᠷᠬᠠᠶᠢᠯᠠᠬᠤ ᠬᠡᠷᠡᠭᠲᠡᠶ ᠃ ᠤᠨᠢᠨ ᠳᠡᠭᠡᠷ᠎ᠡ ᠨᠢ ᠶᠠᠳᠠᠭᠤ ᠶ᠋ᠢ ᠲᠡᠳᠬᠦᠬᠦ ᠡᠯ᠎ᠡ ᠵᠦᠶ᠋ᠯ ‍ᠦᠨ ᠲᠥᠷᠦ ᠶ᠋ᠢᠨ ᠪᠣᠳᠣᠯᠭ᠎ᠠ ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠂ ᠲᠥᠷᠦ ᠶ᠋ᠢᠨ ᠪᠣᠳᠣᠯᠭ᠎ᠠ ᠶ᠋ᠢ ᠰᠤᠷᠤᠯᠴᠠᠬᠤ ᠪᠠᠷ ᠳᠠᠮᠵᠢᠨ ᠲᠡᠭᠡᠳᠦ ᠱᠠᠲᠤᠨ ‍ᠤ ᠪᠠᠶᠢᠳᠠᠯ ‍ᠢ ᠨᠡᠪᠲᠡᠷᠡᠲᠡᠯ᠎ᠡ ᠣᠶᠢᠯᠠᠭᠠᠨ ᠂ ᠳᠣᠣᠷᠠᠳᠤ ᠱᠠᠲᠤᠨ ‍ᠤ ᠪᠠᠶᠢᠳᠠᠯ ‍ᠢ ᠡᠵᠡᠮᠳᠡᠬᠦ ᠬᠡᠷᠡᠭᠲᠡᠶ ᠃ ᠳᠠᠷᠤᠤ ᠬᠢᠴᠢᠶᠡᠩᠭᠦᠶ ᠪᠡᠷ ᠣᠯᠠᠨ ᠲᠦᠮᠡᠨ ᠡᠴᠡ ᠰᠣᠷᠣᠯᠴᠠᠨ ᠂ ᠦᠶ᠋ᠯᠡᠳᠦᠯᠭᠡ ᠡᠴᠡ ᠰᠤᠷᠤᠯᠴᠠᠵᠤ ᠂ ᠶᠠᠳᠠᠭᠤ ᠶ᠋ᠢ ᠲᠡᠳᠬᠦᠬᠦ ᠠᠵᠢᠯ ‍ᠢ ᠨᠠᠶᠢᠳᠠᠪᠤᠷᠢᠵᠢᠭᠤᠯᠬᠤ ᠂ ᠲᠥᠷᠦ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠬᠤ ᠶᠠᠪᠤᠴᠠ ᠳ᠋ᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ‍ᠢ ᠴᠠᠭ ᠲᠤᠬᠠᠶ ᠳ᠋ᠤᠨᠢ ᠢᠯᠡᠷᠡᠭᠦᠯᠦᠨ ᠰᠠᠶᠢᠲᠤᠷ ᠰᠢᠶ᠋ᠳᠪᠦᠷᠢᠯᠡᠵᠦ ᠂ ᠶᠠᠳᠠᠭᠤ ᠶ᠋ᠢ ᠲᠡᠳᠬᠦᠬᠦ ᠬᠦᠷᠢᠶᠡᠨ ᠳ᠋ᠡᠬᠢ 《 ᠡᠪᠡᠷᠰᠢᠶᠡᠯ 》 ‍ᠢ ᠴᠡᠭᠴᠡᠯᠡᠨ ᠵᠠᠰᠠᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ 《 ᠬᠦᠴᠢᠷ ᠠᠰᠠᠭᠤᠳᠠᠯ 》 ‍ᠢ ᠰᠢᠢᠳᠪᠦᠷᠢᠯᠡᠨ ᠂ ᠲᠥᠷᠦ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠬᠤ 《 ᠲᠦᠭᠵᠢᠷᠡᠯ 》 ‍ᠢ ᠰᠢᠯᠤᠭᠤᠳᠬᠠᠵᠤ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠡᠯ᠎ᠡ ᠵᠦᠶ᠋ᠯ ‍ᠦᠨ ᠠᠷᠭ᠎ᠠ ᠬᠡᠮᠵᠢᠶ᠎ᠡ ᠶ᠋ᠢ ᠪᠣᠳᠠᠲᠠᠶ ᠳ᠋ᠤ ᠨᠠᠶᠢᠳᠠᠪᠤᠷᠢᠵᠢᠭᠤᠯᠬᠤ ᠬᠡᠷᠡᠭᠲᠡᠶ ᠭᠡᠰᠡᠨ ᠪᠠᠶᠢᠨ᠎ᠠ ᠃

      ᠬᠤᠷᠠᠯ ᠡᠴᠠ ᠴᠢᠩᠭᠠᠳᠬᠠᠭᠰᠠᠨ ᠨᠢ ᠂ ᠲᠥᠷᠥ ᠶ᠋ᠢᠨ ᠪᠣᠳᠣᠯᠭ᠎ᠠ ᠶ᠋ᠢ ᠪᠣᠳᠠᠲᠠᠶ ᠰᠠᠶᠢᠲᠤᠷ ᠂ ᠭᠦᠶ᠋ᠴᠡᠳ ᠠᠮᠢᠳᠤᠯᠢᠭ ᠬᠡᠷᠡᠭᠯᠡᠵᠦ ᠂ ᠲᠥᠷᠥ ᠶ᠋ᠢᠨ ᠪᠣᠳᠣᠯᠭ᠎ᠠ ᠶ᠋ᠢᠨ ᠬᠢᠵᠠᠭᠠᠷ ‍ᠤᠨ ᠦᠶ᠋ᠯᠡᠳᠦᠯ ‍ᠢ ᠪᠠᠳᠠᠷᠠᠭᠣᠯᠣᠨ ᠂ 《 ᠬᠣᠶᠠᠷ ᠲᠤ ᠵᠣᠪᠠᠬᠤ ᠥᠬᠡᠶ ᠭᠤᠷᠪᠠ ᠶ᠋ᠢ ᠪᠠᠲᠤᠯᠠᠬᠤ 》 ᠂ 《 ᠪᠦᠬᠦᠨ ‍ᠢ ᠠᠷᠢᠯᠭᠠᠨ ᠪᠠᠷᠢᠮᠵᠢᠶ᠎ᠠ ᠳ᠋ᠤ ᠬᠦᠷᠭᠡᠬᠦ 》 ᠶᠠᠰᠤ ᠴᠢᠨᠠᠷ ‍ᠢ ᠦᠨᠡᠯᠡᠨ ᠵᠢᠱᠢᠭᠰᠡᠨ ᠦᠷ᠎ᠡ ᠪᠦᠲᠦᠭᠡᠯ ‍ᠢ ᠪᠡᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ ᠃ 《 ᠠᠷᠪᠠᠨ ᠵᠦᠶ᠋ᠯ ‍ᠦᠨ ᠲᠥᠷᠥ ᠶ᠋ᠢᠨ ᠪᠣᠳᠣᠯᠭ᠎ᠠ 》 ᠵᠡᠷᠭᠡ ᠶᠠᠳᠠᠭᠤ ᠶ᠋ᠢ ᠲᠡᠳᠬᠦᠬᠦ ᠡᠯ᠎ᠡ ᠵᠦᠶ᠋ᠯ ‍ᠦᠨ ᠲᠥᠷᠥ ᠶ᠋ᠢᠨ ᠪᠣᠳᠣᠯᠭ᠎ᠠ ᠶ᠋ᠢᠨ ᠨᠠᠶᠢᠳᠠᠪᠤᠷᠢᠵᠢᠭᠤᠯᠤᠯᠲᠠ ᠶ᠋ᠢᠨ ᠲᠣᠭᠣᠷᠢᠨ ᠳ᠋ᠤ ᠂ ᠲᠡᠭᠡᠳᠦ ᠱᠠᠲᠤᠨ ‍ᠤ ᠬᠢᠨᠠᠨ ᠪᠠᠶᠢᠴᠠᠭᠠᠵᠤ ᠢᠯᠡᠷᠡᠭᠦᠯᠦᠭᠰᠡᠨ ᠡᠯ᠎ᠡ ᠲᠥᠷᠥᠯ ‍ᠦᠨ ᠠᠰᠠᠭᠤᠳᠠᠯ ᠲᠠᠶ ᠤᠶᠠᠯᠳᠤᠭᠤᠯᠤᠨ ᠂ ᠴᠡᠭᠴᠡᠯᠡᠨ ᠰᠠᠶᠢᠵᠢᠷᠠᠭᠣᠯᠬᠣ ᠶ᠋ᠢᠨ ᠳᠠᠭᠠᠤ 《 ᠡᠷᠭᠢᠴᠡᠭᠦᠯᠦᠨ ᠦᠵᠡᠭᠦ 》 ᠠᠵᠢᠯ ᠥᠷᠨᠢᠭᠦᠯᠬᠦ ᠶ᠋ᠢ ᠪᠠᠷᠢᠮᠲᠠᠯᠠᠵᠤ ᠂ ᠠᠯᠢᠪᠠ ᠠᠰᠠᠭᠤᠳᠠᠯ ‍ᠢ ᠪᠠᠶᠢᠴᠠᠭᠠᠨ ᠳᠡᠯᠬᠡᠵᠦ ᠂ ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶ᠋ᠢ ᠦᠨᠡᠨᠬᠦ ᠪᠠᠲᠤᠯᠠᠵᠤ ᠂ ᠲᠥᠷᠥ ᠶ᠋ᠢᠨ ᠪᠣᠳᠣᠯᠭ᠎ᠠ ᠶ᠋ᠢᠨ ᠨᠠᠶᠢᠳᠠᠪᠤᠷᠢᠵᠢᠭᠤᠯᠤᠯᠲᠠ ᠳ᠋ᠥ ᠨᠢᠭᠡ ᠬᠥᠮᠦᠨ ‍ᠢ ᠴᠦ ᠣᠷᠬᠢᠭᠳᠠᠭᠤᠯᠬᠤ ᠥᠬᠡᠶ ᠪᠠᠶᠢᠬᠤ ᠶ᠋ᠢ ᠦᠨᠡᠨᠬᠦ ᠪᠠᠲᠤᠯᠠᠵᠤ ᠂ ᠶᠠᠳᠠᠭᠤ ᠬᠦᠴᠢᠷᠳᠡᠯᠲᠡᠶ ᠣᠯᠠᠨ ᠲᠦᠮᠡᠨ ᠳ᠋ᠦ ᠦᠨᠡᠨ ᠪᠣᠳᠠᠲᠠᠶ ᠠᠰᠢᠭ ᠬᠦᠷᠲᠡᠭᠰᠡᠨ ᠲᠥᠷᠥᠭᠳᠡᠯ ᠣᠯᠭᠣᠬᠣ ᠬᠡᠷᠡᠭᠲᠡᠢ ᠃ ᠨᠢᠭᠡᠨᠲᠡ ᠨᠠᠶᠢᠳᠠᠪᠤᠷᠢᠵᠢᠭᠤᠯᠤᠭᠰᠠᠨ 《 ᠠᠷᠪᠠᠨ ᠵᠦᠶ᠋ᠯ ‍ᠦᠨ ᠲᠥᠷᠥ ᠶ᠋ᠢᠨ ᠪᠣᠳᠣᠯᠭ᠎ᠠ 》 ᠵᠢᠴᠢ ᠵᠣᠷᠢᠭ ᠰᠠᠨᠠᠭ᠎ᠠ ᠪᠠᠷ ᠶᠠᠳᠠᠭᠤ ᠶ᠋ᠢ ᠲᠡᠳᠬᠦᠬᠦ ᠂ ᠠᠮᠢ ᠠᠬᠤᠶ ᠪᠠᠷ ᠶᠠᠳᠠᠭᠤ ᠶ᠋ᠢ ᠲᠡᠳᠬᠦᠬᠦ ᠂ ᠡᠯᠧᠺᠲ᠋ᠷᠣᠨ ᠬᠤᠳᠠᠯᠳᠤᠭ᠎ᠠ ᠪᠠᠷ ᠶᠠᠳᠠᠭᠤ ᠶ᠋ᠢ ᠲᠡᠳᠬᠦᠬᠦ ᠂ ᠭᠠᠵᠠᠷ ᠰᠢᠷᠣᠶ ᠪᠠᠷ ᠶᠠᠳᠠᠭᠤ ᠶ᠋ᠢ ᠲᠡᠳᠬᠦᠬᠦ ᠂ ᠥᠭᠡᠷᠡᠴᠢᠯᠡᠯᠲᠡ ᠪᠡᠷ ᠶᠠᠳᠠᠭᠤ ᠶ᠋ᠢ ᠲᠡᠳᠬᠦᠬᠦ ᠵᠡᠷᠭᠡ ᠠᠵᠢᠯ ᠳ᠋ᠤ ᠡᠯ᠎ᠡ ᠵᠦᠶ᠋ᠯ ‍ᠦᠨ ᠭᠡᠷᠡᠴᠢ ᠮᠠᠲ᠋ᠧᠷᠢᠶᠠᠯ ᠬᠠᠩᠭᠠᠵᠤ ᠂ ᠡᠯ᠎ᠡ ᠱᠠᠲᠤᠨ ‍ᠤ ᠡᠯ᠎ᠡ ᠲᠥᠷᠥᠯ ‍ᠦᠨ ᠬᠢᠨᠠᠨ ᠪᠠᠶᠢᠴᠠᠭᠠᠬᠤ ᠰᠢᠯᠭᠠᠯᠲᠠ ᠶ᠋ᠢ ᠳᠠᠭᠠᠭᠠᠵᠤ ᠳᠡᠶᠢᠯᠬᠦ ᠶ᠋ᠢ ᠦᠨᠡᠨᠬᠦ ᠪᠠᠲᠤᠯᠠᠬᠤ ᠬᠡᠷᠡᠭᠲᠡᠶ ᠃ ᠠᠵᠤ ᠦᠶ᠋ᠯᠡᠰ ‍ᠢᠶ᠋ᠡᠷ ᠶᠠᠳᠠᠭᠤ ᠶ᠋ᠢ ᠲᠡᠳᠬᠦᠬᠦ ᠂ ᠮᠥᠩᠭᠥᠨ ᠭᠦᠶ᠋ᠯᠭᠡᠭᠡᠨ ‍ᠢᠶ᠋ᠡᠷ ᠶᠠᠳᠠᠭᠤ ᠶ᠋ᠢ ᠲᠡᠳᠬᠦᠬᠦ ᠶ᠋ᠢ ᠪᠦᠬᠦᠨ ‍ᠢ ᠪᠦᠷᠬᠦᠭᠦᠯᠬᠦ ᠶ᠋ᠢ ᠦᠷᠭᠦᠯᠵᠢᠯᠡᠨ ᠠᠬᠢᠭᠤᠯᠵᠤ ᠂ ᠬᠥᠳᠡᠯᠮᠦᠷᠢᠯᠡᠬᠦ ᠴᠢᠳᠠᠪᠤᠷᠢ ᠲᠠᠶ ᠶᠠᠳᠠᠭᠤ ᠬᠦᠴᠢᠷᠳᠡᠯᠲᠡᠶ ᠡᠷᠦᠬᠡ ᠶ᠋ᠢᠨ ᠠᠵᠤ ᠦᠶ᠋ᠯᠡᠰ ᠲᠡᠶ ᠂ ᠵᠢᠭᠡᠯᠡᠯᠭᠡ ᠲᠡᠶ ᠂ ᠣᠷᠣᠯᠭ᠎ᠠ ᠲᠠᠶ ᠪᠠᠶᠢᠬᠣ ᠵᠢ ᠪᠠᠳᠣᠯᠠᠵᠣ ᠂ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠶ ᠡᠷᠦᠬᠡ ᠳ᠋ᠥ ᠰᠢᠨ᠎ᠡ ᠬᠡᠯᠪᠡᠷᠢ ᠶ᠋ᠢᠨ ᠡᠵᠡᠩᠨᠡᠯᠲᠡ ᠶ᠋ᠢᠨ ᠭᠣᠤᠯ ᠴᠣᠭᠴᠠ ᠶ᠋ᠢ ᠵᠣᠯᠭᠠᠭᠤᠯᠬᠤ ᠂ ᠦᠷ᠎ᠡ ᠬᠡᠦᠬᠡᠳ ‍ᠢᠶ᠋ᠡᠷ ᠨᠢ ᠬᠠᠪᠰᠤᠷᠤᠨ ᠳᠡᠳᠬᠦᠬᠦᠯᠬᠦ ᠵᠡᠷᠭᠡ ᠠᠷᠭ᠎ᠠ ᠵᠠᠮ ᠢᠶᠠᠷ ᠲᠠᠮᠵᠢᠨ ᠂ ᠶᠠᠳᠠᠭᠤ ᠡᠴᠠ ᠠᠩᠭᠢᠵᠢᠷᠠᠭᠤᠯᠵᠤ ᠣᠷᠣᠯᠭ᠎ᠠ ᠶ᠋ᠢ ᠨᠢ ᠨᠡᠮᠡᠭᠳᠡᠭᠦᠯᠬᠦ ᠶ᠋ᠢ ᠪᠡᠶᠡᠯᠡᠭᠦᠯᠬᠦ ᠬᠡᠷᠡᠭᠲᠡᠶ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠠᠶᠤᠯ ᠲᠦᠭᠰᠢᠭᠦᠷᠢ ᠶ᠋ᠢᠨ ᠤᠬᠠᠮᠰᠠᠷ ‍ᠢ ᠪᠣᠶ ᠪᠣᠯᠭᠠᠨ ᠂ ᠶᠠᠳᠠᠭᠤ ᠶ᠋ᠢ ᠲᠡᠳᠬᠦᠬᠦ ᠲᠥᠷᠥᠯ ᠵᠦᠶ᠋ᠯ ‍ᠦᠨ ᠪᠡᠯᠡ ᠮᠥᠩᠭᠥ ᠂ ᠤᠳᠠᠭᠠᠨ ᠴᠢᠨᠠᠷᠲᠠᠶ ᠡᠪᠡᠳᠴᠢᠨ ‍ᠢ ᠡᠮᠨᠡᠯᠭᠡ ᠳ᠋ᠦ ᠬᠦᠷᠭᠡᠬᠦ ᠂ ᠣᠨᠳᠣᠤ ᠭᠠᠵᠠᠷ ᠲᠤ ᠨᠡᠭᠦᠯᠭᠡᠬᠦ ᠂ ᠨᠤᠷᠠᠬᠤ ᠠᠶᠤᠯᠲᠠᠶ ᠭᠡᠷ ᠪᠠᠶᠢᠰᠢᠩ ‍ᠢ ᠥᠭᠡᠷᠡᠴᠢᠯᠡᠨ ᠰᠢᠨᠡᠳᠬᠡᠬᠦ ᠵᠡᠷᠭᠡ ᠭᠣᠤᠯᠳᠠᠯᠭ᠎ᠠ ᠲᠠᠶ ᠠᠵᠢᠯ ᠂ ᠶᠠᠳᠠᠭᠤ ᠶ᠋ᠢ ᠲᠡᠳᠬᠦᠬᠦ ᠲᠥᠷᠦ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶ᠋ᠢᠨ ᠠᠰᠠᠭᠣᠳᠠᠯ ‍ᠢ ᠴᠠᠭ ᠲᠤᠬᠠᠶ ᠳ᠋ᠤᠨᠢ ᠰᠢᠢᠳᠪᠦᠷᠢᠯᠡᠵᠣ ᠂ ᠲᠥᠷᠥᠯ ᠵᠦᠶ᠋ᠯ ‍ᠦᠨ ᠠᠮᠤᠷ ᠲᠦᠪᠰᠢᠨ ᠂ ᠪᠡᠯᠡ ᠮᠥᠩᠭᠥ ᠶ᠋ᠢᠨ ᠠᠮᠤᠷ ᠲᠦᠪᠰᠢᠨ ᠂ ᠺᠠᠳ᠋ᠷ ‍ᠤᠨ ᠠᠮᠤᠷ ᠲᠦᠪᠰᠢᠨ ‍ᠢ ᠪᠠᠲᠤᠯᠠᠬᠤ ᠬᠡᠷᠡᠭᠲᠡᠶ ᠬᠡᠵᠡᠢ ᠃

     ᠬᠤᠷᠠᠯ ᠡᠴᠠ ᠴᠢᠩᠭᠠᠳᠬᠠᠭᠰᠠᠨ ᠨᠢ ᠂ ᠦᠨᠳᠦᠰᠦᠨ ᠱᠠᠲᠤᠨ ‍ᠤ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠤᠯᠤᠰ ᠲᠥᠷᠦ ᠶ᠋ᠢᠨ ᠳᠠᠪᠠᠭᠤᠯᠢᠭ ‍ᠢ ᠭᠦᠶ᠋ᠴᠡᠳ ᠲᠠᠶᠢᠴᠢᠯᠠᠨ ᠰᠠᠶᠢᠲᠤᠷ ᠪᠠᠳᠠᠷᠠᠭᠤᠯᠵᠤ ᠂ ᠭᠤᠷᠪᠠᠨ ᠱᠠᠲᠤᠨ ‍ᠤ ᠱᠦᠵᠢ ᠶᠠᠳᠠᠭᠤ ᠶ᠋ᠢ ᠲᠡᠳᠬᠦᠬᠦ ᠶ᠋ᠢ ᠠᠳᠬᠤᠬᠤ ᠶ᠋ᠢ ᠪᠠᠷᠢᠮᠲᠠᠯᠠᠵᠤ ᠂ ᠭᠣᠤᠯ ᠴᠣᠭᠴᠠ ᠶ᠋ᠢᠨ ᠬᠠᠷᠢᠭᠤᠴᠠᠯᠭ᠎ᠠ ᠪᠠ ᠱᠦᠵᠢ ᠶ᠋ᠢᠨ 《 ᠨᠢᠭᠡᠳᠦᠭᠡᠷ ᠬᠠᠷᠢᠭᠤᠴᠠᠯᠭᠠᠲᠠᠨ 》 ‍ᠦ ᠬᠠᠷᠢᠭᠤᠴᠠᠯᠭ᠎ᠠ ᠶ᠋ᠢ ᠪᠣᠳᠠᠲᠠᠶᠢᠵᠢᠭᠤᠯᠵᠤ ᠂ ᠣᠶᠤᠨ ᠤᠬᠠᠭᠠᠨ ᠬᠦᠴᠦᠨ ᠴᠢᠳᠠᠯ ᠢᠶᠡᠨ ᠨᠢᠭᠳᠠᠷᠠᠭᠣᠯᠣᠨ ᠂ ᠠᠯᠬᠤᠭ᠎ᠠ ᠪᠠᠨ ᠨᠢᠭᠡᠳᠬᠡᠵᠦ ᠂ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠬᠠᠷᠢᠭᠤᠴᠠᠯᠭ᠎ᠠ ᠂ ᠲᠥᠷᠦ ᠶ᠋ᠢᠨ ᠪᠣᠳᠣᠯᠭ᠎ᠠ ᠂ ᠠᠵᠢᠯ ‍ᠢ ᠨᠠᠶᠢᠳᠠᠪᠤᠷᠢᠵᠢᠭᠤᠯᠬᠤ ᠶ᠋ᠢ ᠪᠦᠬᠦ ᠬᠦᠴᠦᠨ ‍ᠢᠶ᠋ᠡᠷ ‍ᠢᠶ᠋ᠡᠨ ᠠᠬᠢᠭᠤᠯᠬᠤ ᠬᠡᠷᠡᠭᠲᠡᠶ ᠃ 《 ᠲᠠᠪᠤᠨ ᠤᠯᠠᠭᠠᠨ ᠳᠣᠭᠳᠣ ᠭᠠᠴᠠᠭ᠎ᠠ ᠲᠣᠰᠬᠣᠨ 》 ᠂ ᠠᠮᠤᠷ ᠠᠮᠤᠭᠤᠯᠠᠩ ᠬᠠᠤᠯᠢ ᠪᠠᠷ ᠵᠠᠰᠠᠬᠤ ᠭᠠᠴᠠᠭ᠎ᠠ ᠲᠣᠰᠬᠣᠨ ‍ᠢ ᠡᠭᠦᠳᠦᠨ ᠪᠠᠶᠢᠭᠤᠯᠬᠤ ᠠᠵᠢᠯ ‍ᠢ ᠦᠷᠭᠦᠯᠵᠢᠯᠡᠨ ᠭᠦᠨᠵᠡᠭᠡᠶᠢᠷᠡᠭᠦᠯᠵᠦ ᠂ ᠪᠠᠷᠢᠮᠵᠢᠶ᠎ᠠ ᠶ᠋ᠢ ᠳᠡᠭᠡᠭᠰᠢᠯᠡᠭᠦᠯᠦᠨ ᠬᠡᠪᠴᠢᠶ᠎ᠡ ᠶ᠋ᠢ ᠥᠷᠭᠡᠳᠬᠡᠵᠦ ᠂ ᠱᠠᠩᠨᠠᠬᠤ ᠲᠣᠭᠲᠠᠴᠠ ᠪᠠ ᠠᠷᠭ᠎ᠠ ᠶ᠋ᠢ ᠨᠠᠶᠢᠳᠠᠪᠤᠷᠢᠵᠢᠭᠤᠯᠤᠨ ᠂ ᠭᠠᠴᠠᠭ᠎ᠠ ᠲᠣᠰᠬᠣᠨ ‍ᠤ 《 ᠬᠣᠶᠠᠷ ᠵᠥᠪᠯᠡᠯ 》 ‍ᠤᠨ ᠪᠠᠭ ‍ᠤᠨ ᠪᠦᠷᠢᠯᠳᠦᠬᠦᠨ ‍ᠦ ᠢᠳᠡᠪᠬᠢᠵᠢᠯ ᠪᠦᠲᠦᠭᠡᠯᠴᠢ ᠴᠢᠨᠠᠷ ‍ᠢ ᠵᠣᠷᠢᠭᠵᠢᠭᠤᠯᠬᠤ ᠬᠡᠷᠡᠭᠲᠡᠶ ᠃ ᠤᠨᠢᠨ ᠳᠡᠭᠡᠷ᠎ᠡ ᠨᠢ ᠨᠠᠷᠢᠯᠢᠭ ᠬᠢᠬᠦ ᠳᠡᠭᠡᠷ᠎ᠡ ᠬᠦᠴᠦ ᠲᠠᠯᠪᠢᠵᠤ ᠂ ᠠᠷᠭ᠎ᠠ ᠤᠬᠠᠭᠠᠨ ᠭᠠᠷᠭᠠᠨ ᠂ ᠬᠠᠷᠢᠯᠴᠠᠨ ᠰᠠᠶᠢᠨᠲᠠᠶ ᠲᠠᠯ᠎ᠠ ᠶ᠋ᠢ ᠨᠢ ᠠᠪᠴᠤ ᠳᠤᠲᠠᠭᠳᠠᠯ ᠲᠠᠶ ᠲᠠᠯ᠎ᠠ ᠪᠠᠨ ᠨᠥᠬᠥᠪᠥᠷᠢᠯᠡᠵᠦ ᠂ ᠰᠣᠷᠣᠯᠴᠠᠨ ᠰᠣᠯᠢᠯᠴᠠᠵᠤ ᠲᠣᠯᠢ ᠪᠣᠯᠭᠠᠬᠤ ᠰᠠᠶᠢᠨ ᠲᠤᠷᠰᠢᠯᠭ᠎ᠠ ᠠᠷᠭ᠎ᠠ ᠬᠢᠳᠡᠯ ‍ᠢ ᠰᠤᠷᠤᠯᠴᠠᠵᠤ ᠂ ᠣᠶᠤᠨᠴᠢ ᠵᠠᠳᠠᠯᠤᠯᠲᠠ ᠬᠢᠬᠦ ᠠᠵᠢᠯ ‍ᠤᠨ ᠳᠤᠮᠳᠠᠬᠢ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠶ᠋ᠢ ᠨᠢ ᠵᠠᠳᠠᠯᠵᠤ ᠂ ᠠᠵᠢᠯ ‍ᠤᠨ ᠬᠥᠳᠡᠯᠭᠡᠬᠦ ᠬᠦᠴᠦᠨ ‍ᠢ ᠪᠣᠳᠠᠲᠠᠶ ᠡᠷᠢᠵᠦ ᠂ ᠶᠠᠳᠠᠭᠤ ᠶ᠋ᠢ ᠲᠡᠳᠬᠦᠬᠦ ᠡᠯ᠎ᠡ ᠵᠦᠶ᠋ᠯ ‍ᠦᠨ ᠲᠥᠷᠦ ᠶ᠋ᠢᠨ ᠪᠣᠳᠣᠯᠭ᠎ᠠ ᠶ᠋ᠢ ᠨᠢᠭᠡᠳ ᠨᠢᠭᠡ ᠪᠡᠷ ᠨᠠᠶᠢᠳᠠᠪᠤᠷᠢᠵᠢᠭᠤᠯᠬᠤ ᠶ᠋ᠢ ᠠᠬᠢᠭᠣᠯᠣᠨ ᠂ ᠶᠠᠳᠠᠭᠤ ᠡᠴᠠ ᠠᠩᠭᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠤ ᠢᠯᠠᠯᠲᠠ ᠶ᠋ᠢ ᠣᠯᠬᠤ ᠬᠡᠷᠡᠭᠲᠡᠶ ᠭᠡᠰᠡᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ