2019 ᠣᠨ ᠤ ᠪᠥᠬᠥ ᠬᠣᠰᠢᠭᠤᠨ ‍ᠤ ᠪᠠᠷᠢᠯᠭ᠎ᠠ ᠶ᠋ᠢᠨ ᠰᠢᠰᠲ᠋ᠧᠮ ‍ᠦᠨ ᠪᠠᠴᠢᠮ ‍ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠣᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 732     ᠨᠡᠶᠢᠳᠡᠯᠡᠭᠰᠡᠨ ᠴᠠᠭ ᠄ 2019/7/6 15:32:17

  

       6 ᠳ᠋ᠣᠭᠠᠷ ᠰᠠᠷ᠎ᠠ ᠶ᠋ᠢᠨ 28 ‍ᠦ ᠡᠳᠦᠷ ᠂ ᠲᠦᠭᠰᠢᠭᠦᠷᠢ ᠶ᠋ᠢ ᠰᠡᠷᠬᠡᠶᠢᠯᠡᠨ ᠂ ᠳᠠᠯᠳᠠ ᠬᠡᠮ ‍ᠢ ᠠᠷᠢᠯᠭᠠᠵᠣ ᠂ ᠡᠨᠳᠡᠯ ‍ᠢ ᠬᠣᠷᠢᠭᠯᠠᠬᠤ 2019 ᠣᠨ ᠤ ᠪᠥᠬᠥ ᠬᠣᠰᠢᠭᠤᠨ ‍ᠤ ᠪᠠᠷᠢᠯᠭ᠎ᠠ ᠶ᠋ᠢᠨ ᠰᠢᠰᠲ᠋ᠧᠮ ‍ᠦᠨ 《 ᠠᠶᠤᠯᠭᠦᠶ ᠦᠢᠯᠡᠳᠪᠦᠷᠢᠯᠡᠯ ‍ᠦᠨ ᠰᠠᠷ᠎ᠠ ᠶ᠋ᠢᠨ ᠠᠵᠢᠯᠯᠠᠭ᠎ᠠ 》 ᠵᠢᠴᠢ 《 ᠭᠠᠯ ‍ᠢ ᠤᠨᠲᠠᠷᠠᠭᠠᠬᠤ ᠂ ᠴᠠᠬᠢᠯᠭᠠᠨ ᠳ᠋ᠤ ᠴᠣᠬᠢᠭᠳᠠᠬᠤ ᠂ ᠭᠢᠰᠬᠢᠭᠦᠷ ᠶᠡᠭᠦᠷᠡᠬᠦ ᠡᠨᠳᠡᠭᠳᠡᠯ 》 ‍ᠤᠨ ᠪᠠᠴᠢᠮ ‍ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠣᠷᠠᠯ ᠢᠦᠢ ᠶᠤᠸᠠᠢ ᠮᠢᠩ ᠴᠸᠩ ᠰᠠᠭᠣᠭᠠᠯᠢ ᠪᠠᠭ᠎ᠠ ᠲᠣᠭᠣᠷᠢᠭ ‍ᠤᠨ ᠪᠠᠷᠢᠯᠭ᠎ᠠ ᠶ᠋ᠢᠨ ᠲᠤᠬᠠᠶ ᠶ᠋ᠢᠨ ᠲᠠᠯᠠᠪᠠᠢ ᠳ᠋ᠤ ᠶᠠᠪᠣᠭᠳᠠᠵᠣ ᠂ ᠬᠣᠰᠢᠭᠤᠨ ‍ᠤ ᠨᠠᠮ ‍ᠤᠨ ᠬᠣᠷᠢᠶᠠᠨ ‍ᠤ ᠪᠠᠶᠢᠩᠭᠤ ᠶ᠋ᠢᠨ ᠭᠡᠰᠢᠭᠦᠨ ᠂ ᠬᠣᠰᠢᠭᠤᠨ ‍ᠤ ᠠᠷᠠᠳ ‍ᠤᠨ ᠵᠠᠰᠠᠭ ‍ᠤᠨ ᠣᠷᠳᠣᠨ ᠤ ᠪᠠᠶᠢᠩᠭᠤ ᠶ᠋ᠢᠨ ᠳᠡᠳ᠋ ᠬᠣᠰᠢᠭᠤᠨ ᠳᠠᠷᠤᠭ᠎ᠠ ᠭᠦᠸᠧ ᠶᠦᠩ ᠠᠵᠢᠯᠯᠠᠭ᠎ᠠ ᠳ᠋ᠤ ᠣᠷᠣᠯᠴᠠᠬᠣ ᠶ᠋ᠢᠨ ᠬᠠᠮᠳᠣ ᠶᠠᠷᠢᠶ᠎ᠠ ᠳᠠᠯᠪᠢᠭᠰᠠᠨ ᠪᠠᠶᠢᠨ᠎ᠠ ᠃

       ᠭᠦᠸᠧ ᠶᠦᠩ ᠵᠢᠭᠠᠵᠤ ᠭᠠᠷᠭᠠᠭᠰᠠᠨ ᠨᠢ ᠂ ᠪᠠᠴᠢᠮ ‍ᠢ ᠠᠷᠭᠠᠴᠠᠬᠤ ᠪᠣᠯᠪᠠᠰᠣᠷᠠᠯ ‍ᠤᠨ ᠠᠵᠢᠯᠯᠠᠭ᠎ᠠ ᠥᠷᠨᠢᠭᠦᠯᠬᠦ ᠪᠣᠯ ᠬᠣᠰᠢᠭᠤᠨ ‍ᠤ ᠨᠠᠮ ‍ᠤᠨ ᠬᠣᠷᠢᠶ᠎ᠠ ᠂ ᠵᠠᠰᠠᠭ ‍ᠤᠨ ᠣᠷᠳᠣᠨ ‍ᠤ ᠠᠶᠤᠯᠭᠦᠶ ᠦᠢᠯᠡᠳᠪᠦᠷᠢᠯᠡᠯ ‍ᠦᠨ ᠴᠢᠬᠤᠯᠠ ᠠᠵᠢᠯ ‍ᠤᠨ ᠲᠤᠬᠠᠶ ᠪᠠᠶᠢᠷᠢᠯᠠᠭᠤᠯᠤᠯᠲᠠ ᠶ᠋ᠢ ᠲᠤᠤᠱᠯᠠᠭᠤᠯᠤᠨ ᠨᠠᠶᠢᠳᠠᠪᠣᠷᠢᠵᠢᠭᠣᠯᠵᠣ ᠂ ᠠᠶᠤᠯᠭᠦᠶ ᠦᠢᠯᠡᠳᠪᠦᠷᠢᠯᠡᠯ ‍ᠦᠨ 《 ᠤᠯᠠᠭᠠᠨ ᠱᠤᠭᠤᠮ ‍ᠤᠨ ᠤᠬᠠᠮᠰᠠᠷ 》 ᠪᠣᠯᠤᠨ 《 ᠬᠣᠷᠢᠭ᠎ᠠ ᠱᠤᠭᠤᠮ ‍ᠤᠨ ᠰᠡᠳᠬᠢᠬᠦᠶ 》 ᠵᠢ ᠪᠠᠲᠤ ᠪᠣᠶ ᠪᠣᠯᠭᠠᠬᠤ ᠨᠢᠬᠡᠨ ᠣᠳᠠᠭᠠᠨ ᠤ ᠪᠣᠳᠠᠲᠤ ᠪᠠᠶᠢᠯᠳᠤᠭᠠᠨ ‍ᠤ ᠪᠣᠯᠪᠠᠰᠣᠷᠠᠯ ᠪᠣᠯᠤᠨ᠎ᠠ ᠃ ᠲᠣᠰ ᠣᠳᠠᠭᠠᠨ ᠤ ᠪᠣᠳᠠᠲᠤ ᠪᠠᠶᠢᠯᠳᠤᠭᠠᠨ ‍ᠤ ᠪᠣᠯᠪᠠᠰᠣᠷᠠᠯ ᠢᠶᠠᠷ ᠳᠠᠮᠵᠢᠨ ᠂ ᠮᠠᠨ ‍ᠤ ᠬᠣᠰᠢᠭᠤᠨ ‍ᠤ ᠪᠠᠷᠢᠯᠭ᠎ᠠ ᠶ᠋ᠢᠨ ᠠᠵᠢᠯ ‍ᠤᠨ ᠲᠤᠬᠠᠶ ᠶ᠋ᠢᠨ ᠲᠠᠯᠠᠪᠠᠢ ᠶ᠋ᠢᠨ ᠠᠶᠤᠯᠭᠦᠶ ᠦᠢᠯᠡᠳᠪᠦᠷᠢᠯᠡᠯ ‍ᠦᠨ ᠪᠠᠴᠢᠮ ‍ᠢ ᠠᠷᠭᠠᠴᠠᠵᠤ ᠠᠪᠤᠷᠠᠨ ᠲᠤᠰᠠᠯᠠᠬᠤ ᠲᠥᠰᠦᠯ ‍ᠦᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠨᠠᠶᠢᠳᠠᠪᠣᠷᠢᠵᠢᠳᠣ ᠴᠢᠨᠠᠷ ‍ᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠵᠤ ᠂ ᠪᠠᠷᠢᠯᠭ᠎ᠠ ᠶ᠋ᠢᠨ ᠠᠵᠢᠯ ‍ᠤᠨ ᠲᠤᠬᠠᠶ ᠶ᠋ᠢᠨ ᠲᠠᠯᠠᠪᠠᠢ ᠶ᠋ᠢᠨ ᠦᠶ᠋ᠯᠡᠳᠪᠦᠷᠢᠯᠡᠯ ‍ᠦᠨ ᠠᠮᠤᠷ ᠲᠦᠪᠰᠢᠨ ‍ᠦ ᠡᠨᠳᠡᠯ ‍ᠦᠨ ᠪᠠᠴᠢᠮ ‍ᠢ ᠠᠷᠭᠠᠴᠠᠬᠤ ᠬᠠᠮᠢᠶᠠᠷᠤᠯᠲᠠ ᠪᠣᠯᠤᠨ ᠪᠠᠴᠢᠮ ‍ᠢ ᠠᠷᠭᠠᠴᠠᠵᠤ ᠠᠪᠤᠷᠠᠨ ᠲᠤᠰᠠᠯᠠᠬᠤ ᠳᠡᠰ ᠳᠠᠷᠠᠭᠠᠯᠠᠯ ‍ᠢ ᠵᠢᠷᠤᠮᠵᠢᠭᠤᠯᠵᠤ ᠂ ᠡᠨᠳᠡᠯ ᠭᠠᠷᠬᠤ ᠦᠶ᠎ᠡ ᠶ᠋ᠢᠨ ᠪᠠᠴᠢᠮ ‍ᠢ ᠠᠷᠭᠠᠴᠠᠵᠤ ᠠᠪᠤᠷᠠᠨ ᠲᠤᠰᠠᠯᠠᠬᠤ ᠠᠵᠢᠯ ‍ᠤᠨ ᠴᠠᠭ ᠲᠤᠬᠠᠶ ᠳ᠋ᠤᠨᠢ ᠪᠦᠲᠦᠮᠵᠢᠲᠡᠶ ᠶᠠᠪᠤᠭᠳᠠᠬᠤ ᠶ᠋ᠢ ᠪᠠᠲᠤᠯᠠᠵᠤ ᠂ ᠪᠠᠷᠢᠯᠭ᠎ᠠ ᠶ᠋ᠢᠨ ᠠᠵᠢᠯ ‍ᠤᠨ ᠲᠤᠬᠠᠶ ᠶ᠋ᠢᠨ ᠲᠠᠯᠠᠪᠠᠢ ᠶ᠋ᠢᠨ ᠠᠶᠤᠯᠭᠦᠶ ᠦᠶ᠋ᠯᠡᠳᠪᠦᠷᠢᠯᠡᠯ ‍ᠢ ᠦᠨᠡᠨᠬᠦ ᠴᠢᠩᠭᠠᠳᠬᠠᠬᠤ ᠬᠡᠷᠡᠭᠲᠡᠶ ᠃ ᠡᠯ᠎ᠡ ᠰᠠᠯᠠᠭ᠎ᠠ ᠮᠥᠴᠢᠷ ‍ᠦᠨ ᠬᠢᠨ ᠠᠶᠤᠯᠭᠦᠶ ᠦᠶ᠋ᠯᠡᠳᠪᠦᠷᠢᠯᠡᠯ ‍ᠦᠨ ᠠᠵᠢᠯ ᠳ᠋ᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠠᠮᠤᠷ ᠲᠦᠪᠰᠢᠨ ‍ᠦ ᠬᠠᠮᠢᠶᠠᠷᠤᠯᠲᠠ ᠶ᠋ᠢᠨ ᠠᠵᠢᠯ ‍ᠢ ᠰᠠᠶᠢᠲᠤᠷ ᠬᠢᠬᠦ ᠶ᠋ᠢᠨ ᠴᠢᠬᠤᠯᠠ ᠴᠢᠨᠠᠷ ‍ᠢ ᠰᠡᠷᠭᠡᠭ ‍ᠢᠶ᠋ᠡᠷ ᠲᠠᠨᠢᠵᠤ ᠂ 《 ᠠᠮᠢ ᠨᠠᠰᠤ ᠂ ᠠᠮᠤᠷ ᠲᠦᠪᠰᠢᠨ ‍ᠢ ᠲᠡᠷᠢᠭᠦᠨ ᠳ᠋ᠦ ᠲᠠᠯᠪᠢᠬᠤ 》 ᠬᠥᠭᠵᠢᠯᠲᠡ ᠶ᠋ᠢᠨ ᠣᠶᠢᠯᠠᠭᠠᠭᠳᠠᠬᠤᠨ ‍ᠢ ᠪᠠᠲᠤ ᠪᠣᠶ ᠪᠣᠯᠭᠠᠵᠤ ᠂ 《 ᠬᠥᠮᠦᠨ ‍ᠦ ᠠᠮᠢ ᠨᠠᠰᠤ ᠲᠠᠶ ᠬᠣᠯᠪᠣᠭᠳᠠᠵᠣ ᠂ ᠬᠥᠭᠵᠢᠯᠲᠡ ᠨᠢ ᠬᠥᠮᠦᠨ ‍ᠦ ᠠᠮᠢ ᠨᠠᠰᠤ ᠶ᠋ᠢ ᠦᠷᠡᠭᠳᠡᠭᠦᠯᠬᠦ ᠪᠡᠷ ᠦᠷᠡᠭᠳᠡᠯ ᠪᠣᠯᠭᠠᠵᠤ ᠶᠠᠭᠠᠬᠢᠭᠰᠠᠨ ᠴᠤ ᠪᠣᠯᠬᠤ ᠥᠬᠡᠶ 》 ᠭᠡᠬᠦ ᠤᠯᠠᠭᠠᠨ ᠱᠤᠭᠤᠮ ‍ᠢ ᠪᠠᠲᠤ ᠴᠡᠭᠡᠵᠢᠯᠡᠵᠦ ᠂ ᠠᠶᠤᠯᠭᠦᠶ ᠦᠢᠯᠡᠳᠪᠦᠷᠢᠯᠡᠯ ‍ᠢ ᠲᠡᠷᠢᠭᠦᠨ ᠪᠠᠶᠢᠷᠢᠨ ᠳ᠋ᠤ ᠲᠠᠯᠪᠢᠵᠤ ᠂ ᠠᠶᠤᠯᠭᠦᠶ ᠦᠢᠯᠡᠳᠪᠦᠷᠢᠯᠡᠯ ‍ᠦᠨ ᠭᠣᠤᠯ ᠴᠣᠭᠴᠠ ᠶ᠋ᠢᠨ ᠬᠠᠷᠢᠭᠤᠴᠠᠯᠭ᠎ᠠ ᠶ᠋ᠢ ᠨᠠᠷᠢᠨ ᠬᠢᠨᠠᠮᠠᠭᠠᠶ ᠨᠠᠶᠢᠳᠠᠪᠣᠷᠢᠵᠢᠭᠣᠯᠣᠨ ᠂ ᠬᠦᠨᠳᠦ ᠨᠣᠴᠢᠲᠠᠶ ᠡᠨᠳᠡᠯ ᠭᠠᠷᠬᠤ ᠶ᠋ᠢ ᠡᠷᠡᠰ ᠰᠡᠷᠭᠡᠶᠢᠯᠡᠨ ᠬᠣᠷᠢᠭᠯᠠᠵᠤ ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ‍ᠦᠨ ᠤᠢ ᠳ᠋ᠤ ᠰᠠᠶᠢᠨ ᠰᠠᠶᠢᠬᠠᠨ ᠠᠮᠤᠷ ᠲᠦᠪᠰᠢᠨ ‍ᠦ ᠣᠷᠴᠢᠨ ᠲᠣᠭᠣᠷᠢᠨ ‍ᠢ ᠪᠣᠶ ᠪᠣᠯᠭᠠᠵᠤ ᠥᠭᠬᠦ ᠬᠡᠷᠡᠭᠲᠡᠶ ᠬᠡᠵᠡᠢ ᠃

    ᠲᠣᠰ ᠤᠳᠠᠭᠠᠨ ‍ᠤ ᠪᠣᠯᠪᠠᠰᠣᠷᠠᠯ ᠨᠢ ᠳᠠᠭᠤᠷᠢᠶᠠᠮᠠᠯ ᠡᠩ ‍ᠦᠨ ᠴᠠᠬᠢᠯᠭᠠᠨ ᠳ᠋ᠤ ᠴᠣᠬᠢᠭᠳᠠᠬᠤ ᠂ ᠬᠢᠰᠬᠢᠬᠦᠷ ᠨᠤᠷᠠᠬᠤ ᠂ ᠭᠠᠯ ᠲᠦᠢᠮᠡᠷ ‍ᠦᠨ ᠡᠨᠳᠡᠯ ‍ᠦᠨ ᠲᠤᠬᠠᠶ ᠶ᠋ᠢᠨ ᠲᠠᠯᠠᠪᠠᠢ ᠪᠠᠷ ᠠᠬᠤᠶ ᠪᠠᠶᠢᠳᠠᠯ ᠪᠣᠯᠭᠠᠵᠤ ᠂ ᠡᠨᠳᠡᠯ ᠭᠠᠷᠤᠭᠰᠠᠨ ᠲᠤᠬᠠᠶ ᠶ᠋ᠢᠨ ᠲᠠᠯᠠᠪᠠᠢ ᠵᠢ ᠳᠠᠭᠣᠷᠢᠶᠠᠵᠣ ᠂ ᠪᠥᠬᠥ ᠪᠣᠯᠪᠠᠰᠣᠷᠠᠯ ‍ᠤᠨ ᠠᠵᠢᠯᠯᠠᠭ᠎ᠠ ᠶ᠋ᠢᠨ ᠭᠣᠤᠯ ᠰᠡᠳᠦᠪ ᠢᠯᠡ ᠲᠣᠳᠣ ᠂ ᠡᠮᠬᠢ ᠵᠢᠷᠤᠮ ᠲᠠᠶ ᠪᠠᠶᠢᠵᠤ ᠂ ᠡᠯ᠎ᠡ ᠪᠠᠴᠢᠮ ‍ᠢ ᠠᠷᠭᠠᠴᠠᠵᠤ ᠠᠪᠤᠷᠠᠨ ᠲᠤᠰᠠᠯᠠᠬᠤ ᠳᠤᠭᠤᠶᠢᠯᠠᠩ ‍ᠤᠨ ᠭᠡᠨᠡᠳᠲᠡ ᠶ᠋ᠢᠨ ᠡᠨᠳᠡᠯ ‍ᠦᠨ ᠳᠠᠷᠠᠭ᠎ᠠ ᠬᠠᠮᠤᠭ ‍ᠤᠨ ᠲᠦᠷᠭᠡᠨ ᠬᠤᠷᠳᠤᠴᠠ ᠂ ᠬᠠᠮᠤᠭ ‍ᠤᠨ ᠶᠡᠬᠡ ᠦᠢᠯᠡᠳᠦᠯ ᠴᠢᠳᠠᠮᠵᠢ ᠂ ᠬᠠᠮᠤᠭ ‍ᠤᠨ ᠶᠡᠬᠡ ᠬᠡᠮᠵᠢᠶ᠎ᠡ ᠪᠡᠷ ᠬᠦᠮᠦᠨ ᠠᠮᠠ ᠪᠣᠯᠤᠨ ᠡᠳ᠋ ᠬᠥᠷᠥᠩᠭᠡ ᠶ᠋ᠢᠨ ᠬᠣᠬᠢᠷᠠᠯ ‍ᠢ ᠪᠠᠭᠠᠰᠬᠠᠵᠤ ᠂ ᠡᠨᠳᠡᠯ ‍ᠦᠨ ᠬᠣᠤᠷ ᠬᠥᠨᠥᠭᠡᠯ ‍ᠢ ᠬᠠᠮᠤᠭ ‍ᠤᠨ ᠳᠣᠤᠷ᠎ᠠ ᠬᠡᠮᠵᠢᠶᠡᠨ ᠳ᠋ᠦ ᠬᠦᠷᠲᠡᠯ᠎ᠡ ᠪᠠᠭᠤᠷᠠᠭᠤᠯᠤᠭᠰᠠᠨ ᠪᠠᠶᠢᠨ᠎ᠠ ᠃ ᠲᠣᠰ ᠤᠳᠠᠭᠠᠨ ‍ᠤ ᠪᠣᠯᠪᠠᠰᠣᠷᠠᠯ ᠳ᠋ᠤ ᠭᠠᠯ ‍ᠢ ᠤᠨᠲᠠᠷᠠᠭᠠᠬᠤ ᠳᠠᠷᠤᠭ᠎ᠠ ᠪᠠᠶᠢᠯᠳᠤᠭᠴᠢ ᠂ ᠡᠮᠴᠢ ᠰᠤᠪᠢᠯᠠᠭᠴᠢᠳ ᠵᠢᠴᠢ ᠡᠯ᠎ᠡ ᠳᠤᠭᠤᠶᠢᠯᠠᠩ ‍ᠤᠨ ᠠᠪᠤᠷᠠᠨ ᠲᠤᠰᠠᠯᠠᠬᠤ ᠠᠵᠢᠯᠲᠠᠨ ᠨᠡᠶᠢᠳᠡ 42 ᠬᠥᠮᠦᠨ ᠣᠷᠣᠯᠴᠠᠵᠣ ᠂ 280 ᠭᠠᠷᠤᠶ ᠬᠥᠮᠦᠨ ‍ᠢ ᠵᠣᠬᠢᠶᠠᠨ ᠪᠠᠶᠢᠭᠤᠯᠪᠠ ᠃

      ᠲᠣᠰ ᠤᠳᠠᠭᠠᠨ ‍ᠤ ᠠᠵᠢᠯᠯᠠᠭ᠎ᠠ ᠶ᠋ᠢ ᠬᠣᠰᠢᠭᠣᠨ ᠤ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠣᠪᠴᠢᠶ᠎ᠠ ᠡᠴᠠ ᠭᠣᠤᠯᠯᠠᠨ ᠡᠷᠬᠢᠯᠡᠵᠦ ᠂ ᠬᠣᠰᠢᠭᠤᠨ ‍ᠤ ᠪᠦᠲᠦᠭᠡᠨ ᠪᠠᠶᠢᠭᠤᠯᠤᠯᠲᠠ ᠶ᠋ᠢᠨ ᠢᠨᠵᠧᠨᠧᠷᠢᠩ ‍ᠤᠨ ᠶᠠᠰᠤ ᠴᠢᠨᠠᠷ ‍ᠤᠨ ᠠᠮᠤᠷ ᠲᠦᠪᠰᠢᠨ ‍ᠦ ᠬᠢᠨᠠᠯᠲᠠ ᠲᠠᠯᠪᠢᠬᠤ ᠥᠷᠲᠡᠭᠡ ᠳᠠᠭᠠᠭᠠᠴᠢᠯᠠᠨ ᠡᠷᠬᠢᠯᠡᠵᠦ ᠂ ᠬᠣᠰᠢᠭᠤᠨ ‍ᠤ ᠭᠠᠯ ‍ᠢ ᠰᠡᠷᠭᠡᠶᠢᠯᠡᠵᠦ ᠭᠠᠯ ‍ᠢ ᠤᠨᠲᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ ᠂ ᠬᠣᠰᠢᠭᠤᠨ ‍ᠤ ᠠᠷᠠᠳ ‍ᠤᠨ ᠡᠮᠨᠡᠯᠭᠡ ᠶ᠋ᠢᠨ ᠬᠣᠷᠢᠶ᠎ᠠ ᠂ ᠬᠣᠰᠢᠭᠤᠨ ‍ᠤ ᠵᠦᠩ ᠲᠢᠶᠠᠨ ᠪᠠᠷᠢᠯᠭ᠎ᠠ ᠶ᠋ᠢᠨ ᠺᠣᠮᠫᠠᠨᠢ ᠂ ᠥᠪᠥᠷ ᠮᠣᠩᠭᠣᠯ ‍ᠤᠨ ᠵᠢᠨ ᠰᠢᠦ ᠪᠦᠲᠦᠭᠡᠨ ᠪᠠᠶᠢᠭᠤᠯᠤᠯᠲᠠ ᠶ᠋ᠢᠨ ᠪᠦᠯᠦᠭᠯᠡᠯ ᠬᠠᠮᠵᠢᠯᠴᠠᠨ ᠡᠷᠬᠢᠯᠡᠪᠡ ᠃

     ᠪᠣᠯᠪᠠᠰᠣᠷᠠᠯ ᠳᠠᠭᠤᠰᠤᠭᠰᠠᠨ ‍ᠤ ᠳᠠᠷᠠᠭ᠎ᠠ ᠂ ᠪᠦᠬᠦ ᠬᠥᠮᠦᠰ ᠪᠠᠰᠠ ᠠᠶᠤᠯᠭᠦᠶ ᠦᠢᠯᠡᠳᠪᠦᠷᠢᠯᠡᠯ ‍ᠦᠨ ᠰᠠᠷ᠎ᠠ ᠶ᠋ᠢᠨ ᠭᠣᠤᠯ ᠰᠡᠳᠦᠪᠲᠦ ᠭᠠᠷ ‍ᠤᠨ ᠦᠰᠦᠭ ᠵᠢᠷᠤᠬᠤ ᠠᠵᠢᠯᠯᠠᠭ᠎ᠠ ᠥᠷᠨᠢᠭᠦᠯᠵᠡᠶ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ