ᠭᠣᠷᠪᠠᠨᠬᠣᠸᠠ ᠰᠤᠮᠤ ᠶ᠋ᠢᠨ ᠰᠠᠭᠤᠷᠢ ᠡᠬᠡ ᠮᠠᠯ ᠲᠡᠵᠢᠭᠡᠨ ᠦᠷᠡᠵᠢᠭᠦᠯᠬᠦ ᠲᠥᠷᠥᠯ ᠵᠦᠢᠯ ‍ᠢ ᠪᠦᠲᠦᠬᠡᠨ ᠪᠠᠶᠢᠭᠣᠯᠵᠣ ᠪᠠᠶᠢᠭ᠎ᠠ

ᠣᠩᠰᠢᠭᠰᠠᠨ ᠤᠳᠠᠭ᠎ᠠ ᠄ 1083     ᠨᠡᠶᠢᠳᠡᠯᠡᠭᠰᠡᠨ ᠴᠠᠭ ᠄ 2019/7/6 15:39:42

  
      ᠣᠶᠢᠷ᠎ᠠ ᠶ᠋ᠢᠨ ᠡᠳᠦᠷ ᠂ ᠭᠣᠷᠪᠠᠨᠬᠣᠸᠠ ᠰᠤᠮᠤ ᠶ᠋ᠢᠨ ᠰᠠᠭᠤᠷᠢ ᠡᠬᠡ ᠮᠠᠯ ᠲᠡᠵᠢᠭᠡᠨ ᠦᠷᠡᠵᠢᠭᠦᠯᠬᠦ ᠲᠥᠷᠥᠯ ᠵᠦᠶ᠋ᠯ ‍ᠢ ᠶᠠᠭᠠᠷᠠᠯᠳᠠᠢ ᠪᠦᠲᠦᠬᠡᠨ ᠪᠠᠶᠢᠭᠣᠯᠵᠣ ᠂ ᠣᠳᠣᠬᠠᠨ ᠳ᠋ᠤ ᠂ ᠲᠡᠵᠢᠭᠡᠨ ᠦᠷᠡᠵᠢᠭᠦᠯᠬᠦ ᠲᠠᠯᠠᠪᠠᠢ ᠨᠢᠭᠡᠨᠲᠡ 300 ᠭᠠᠷᠤᠶ ᠰᠠᠭᠤᠷᠢ ᠡᠬᠡ ᠮᠠᠯ ᠬᠤᠳᠠᠯᠳᠤᠨ ᠠᠪᠴᠤ ᠂ ᠲᠥᠷᠥᠯ ᠵᠦᠢᠯ ‍ᠦᠨ ᠪᠦᠲᠦᠭᠡᠨ ᠪᠠᠶᠢᠭᠣᠯᠣᠯᠳᠠ ᠴᠤ ᠭᠠᠵᠠᠷ ᠰᠢᠷᠣᠶ ᠵᠢ ᠳᠡᠭᠰᠢᠯᠡᠬᠦ ᠱᠠᠲᠤᠨ ᠳ᠋ᠤ ᠣᠷᠣᠭᠰᠠᠨ ᠪᠠᠶᠢᠨ᠎ᠠ ᠃
      ᠲᠣᠰ ᠲᠥᠷᠥᠯ ᠵᠦᠢᠯ ᠪᠣᠯ ᠮᠠᠨ ‍ᠤ ᠬᠣᠰᠢᠭᠤᠨ ‍ᠤ ᠶᠠᠳᠠᠭᠤ ᠶ᠋ᠢ ᠲᠡᠳᠬᠦᠬᠦ ᠲᠥᠷᠥᠯ ᠵᠦᠢᠯ ‍ᠦᠨ ᠨᠢᠭᠡ ᠪᠠᠶᠢᠵᠣ ᠂ ᠶᠠᠳᠠᠭᠤ ᠬᠦᠴᠢᠷᠳᠡᠯᠲᠡᠶ ᠪᠠᠶᠢᠳᠠᠯ ‍ᠢ ᠳᠠᠶᠢᠴᠢᠯᠠᠬᠣ ᠨᠢ ᠭᠣᠤᠯᠳᠠᠭᠤ ᠠᠵᠤ ᠠᠬᠣᠶᠢᠯᠠᠯ ‍ᠤᠨ ᠲᠡᠵᠢᠭᠡᠨ ᠦᠷᠡᠵᠢᠭᠦᠯᠬᠦ ᠲᠠᠯᠠᠪᠠᠢ + ᠶᠠᠳᠠᠭᠤ ᠬᠦᠴᠢᠷᠳᠡᠯᠲᠡᠶ ᠡᠷᠦᠬᠡ ᠶ᠋ᠢᠨ ᠬᠡᠯᠪᠡᠷᠢ ᠶ᠋ᠢ ᠬᠡᠷᠡᠭᠵᠢᠬᠦᠯᠵᠦ ᠂ ᠲᠣᠰ ᠲᠥᠷᠥᠯ ᠵᠦᠢᠯ ‍ᠦᠨ ᠶᠡᠷᠦᠩᠬᠡᠶ ᠪᠠᠯᠠ ᠣᠷᠣᠭᠤᠯᠤᠯᠲᠠ ᠪᠠᠷᠤᠭ 1489 ᠲᠦᠮᠡᠨ ᠲᠥᠭᠥᠷᠢᠭ ᠪᠠᠶᠢᠵᠤ ᠂ ᠡᠭᠦᠨ ᠳ᠋ᠦ750 ᠲᠦᠮᠡᠨ ᠲᠥᠭᠥᠷᠢᠭ ‍ᠢ ᠣᠯᠠᠭᠠᠨ ᠦᠬᠡᠷ ᠬᠤᠳᠠᠯᠳᠤᠨ ᠠᠪᠬᠤ ᠳ᠋ᠤ ᠬᠡᠷᠡᠭᠯᠡᠨ ᠂ 739 ᠲᠦᠮᠡᠨ ᠲᠥᠭᠥᠷᠢᠭ ‍ᠢ ᠦᠬᠡᠷ ᠲᠡᠵᠢᠭᠡᠬᠦ ᠲᠠᠯᠠᠪᠠᠢ ᠶ᠋ᠢᠨ ᠰᠠᠭᠤᠷᠢ ᠲᠦᠬᠦᠬᠡᠷᠦᠮᠵᠢ ᠶ᠋ᠢᠨ ᠪᠦᠲᠦᠭᠡᠨ ᠪᠠᠶᠢᠭᠤᠯᠤᠯᠲᠠ ᠳ᠋ᠤ ᠬᠡᠷᠡᠭᠯᠡᠬᠦ ᠪᠣᠯᠣᠨ᠎ᠠ ᠃ ᠲᠥᠷᠥᠯ ᠵᠦᠢᠯ ‍ᠦᠨ ᠶᠡᠷᠦᠩᠬᠡᠶ ᠳᠠᠯᠠᠪᠠᠢ 400 ᠮᠦ ᠪᠠᠶᠢᠵᠤ ᠂ ᠨᠢᠭᠡᠳᠦᠭᠡᠷ ᠬᠤᠭᠤᠴᠠᠭᠠᠨ ‍ᠤ ᠢᠨᠵᠧᠨᠧᠷᠢᠩ ᠳ᠋ᠥ ᠵᠢᠷᠭᠤᠭᠠᠨ ᠰᠠᠭᠣᠷᠢ ᠪᠦᠷᠢᠨ ᠪᠢᠲᠡᠭᠦᠮᠵᠢᠯᠡᠭᠰᠡᠨ ᠦᠬᠡᠷ ‍ᠦᠨ ᠬᠠᠰᠢᠶ᠎ᠠ ᠪᠣᠯᠤᠨ ᠨᠢᠭᠡ ᠰᠠᠭᠤᠷᠢ ᠬᠠᠮᠢᠶᠠᠷᠤᠯᠲᠠ ᠶ᠋ᠢᠨ ᠭᠡᠷ ᠪᠠᠶᠢᠰᠢᠩ ᠪᠠᠶᠢᠭᠤᠯᠬᠤ ᠪᠠᠷ ᠲᠦᠯᠦᠪᠯᠡᠵᠦ ᠂ ᠵᠢᠱᠢᠯᠲᠡ ᠪᠡᠷ ᠡᠨᠡ ᠵᠢᠯ ‍ᠦᠨ ᠠᠷᠪᠠᠳᠤᠭᠠᠷ ᠰᠠᠷ᠎ᠠ ᠶ᠋ᠢᠨ ᠰᠡᠭᠦᠯᠴᠢ ᠪᠣᠯᠲᠠᠯ᠎ᠠ ᠲᠣᠰ ᠲᠥᠷᠥᠯ ᠵᠦᠶ᠋ᠯ ‍ᠢ ᠪᠦᠬᠦᠨ ‍ᠢ ᠳᠠᠭᠣᠰᠬᠠᠬᠣ ᠪᠣᠯᠣᠨ᠎ᠠ ᠃
ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ