ᠲᠦᠡᠭᠵᠸᠣ ᠲᠣᠭᠣᠷᠢᠭ ‍ᠤᠨ ᠳᠡᠳ᠋ ᠳᠠᠷᠤᠭ᠎ᠠ ᠰᠥ ᠭᠦᠸᠧ ᠪᠢᠨ ᠨᠡᠷ ᠮᠠᠨ ‍ᠤ ᠬᠣᠰᠢᠭᠤᠨ ᠳ᠋ᠤ ᠢᠷᠡᠵᠦ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠠᠵᠢᠯ ᠳᠤ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 5982     ᠨᠡᠶᠢᠳᠡᠯᠡᠭᠰᠡᠨ ᠴᠠᠭ ᠄ 2019/7/9 19:29:52

 

         7 ᠳ᠋ᠣᠭᠠᠷ ᠰᠠᠷ᠎ᠠ ᠶ᠋ᠢᠨ 4 ‍ᠦ ᠡᠳᠦᠷ ᠂ ᠲᠦᠩᠵᠧᠦ ᠲᠣᠭᠣᠷᠢᠭ ‍ᠤᠨ ᠳᠡᠳ᠋ ᠳᠠᠷᠤᠭ᠎ᠠ ᠰᠥ ᠭᠦᠸᠧ ᠪᠢᠨ ᠨᠡᠷ ᠮᠠᠨ ‍ᠤ ᠬᠣᠰᠢᠭᠤᠨ ᠳ᠋ᠤ ᠢᠷᠡᠵᠦ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠪᠠ ᠠᠵᠢᠯ ᠲᠥᠷᠥᠯ ‍ᠢᠶ᠋ᠡᠷ ᠬᠠᠪᠰᠤᠷᠤᠨ ᠲᠡᠳᠬᠦᠬᠦ ᠠᠵᠢᠯ ᠳ᠋ᠣ ᠪᠠᠶᠢᠴᠠᠭᠠᠨ ᠰᠣᠳᠣᠯᠣᠯᠳᠠ ᠬᠢᠵᠦ ᠂ ᠰᠦ᠋ ᠭᠦᠸᠧ ᠪᠢᠨ ᠨᠡᠷ ᠤᠷᠢᠳ ᠬᠣᠵᠢᠳ ᠲᠦᠩᠵᠧᠦ ᠲᠣᠭᠣᠷᠢᠭ ᠠᠵᠢᠯ ᠲᠦᠷᠦᠯ ᠢᠶᠠᠷ ᠬᠠᠪᠰᠣᠷᠣᠨ ᠳᠡᠳᠬᠦᠭᠰᠡᠨ ᠮᠠᠨ ‍ᠤ ᠬᠣᠰᠢᠭᠤᠨ ‍ᠤ ᠠᠵᠤ ᠦᠢᠯᠡᠰ ‍ᠢᠶ᠋ᠡᠷ ᠶᠠᠳᠠᠭᠤ ᠶ᠋ᠢ ᠲᠡᠳᠬᠦᠬᠦ ᠲᠥᠷᠥᠯ ᠵᠦᠢᠯ ᠪᠣᠯᠬᠣ ᠴᠢᠩ ᠯᠦᠩ ᠱᠠᠨ ᠪᠠᠯᠭᠠᠰᠤᠨ ‍ᠤ ᠠᠮᠲᠠᠲᠤ ᠲᠥᠮᠥᠰᠥ ᠶ᠋ᠢᠨ ᠠᠵᠤ ᠦᠢᠯᠡᠰ ‍ᠦᠨ ᠬᠦᠷᠢᠶᠡᠯᠡᠩ ᠳ᠋ᠥ ᠭᠦᠨᠵᠡᠭᠡᠶᠢᠷᠡᠨ ᠂ ᠭᠠᠷ ᠬᠢᠴᠡ ᠳᠠᠢ ᠹᠸᠨᠲᠢᠶᠣᠣᠷ ᠪᠣᠯᠪᠠᠰᠤᠷᠠᠭᠤᠯᠬᠤ ᠦᠢᠯᠡᠳᠪᠦᠷᠢ ᠶ᠋ᠢᠨ ᠲᠠᠰᠤᠭ ᠂ ᠠᠮᠲᠠᠲᠤ ᠲᠥᠮᠥᠰᠥ ᠶ᠋ᠢ ᠰᠢᠨ᠎ᠡ ᠰᠣᠷᠭᠣᠭ ᠬᠠᠳᠠᠭᠠᠯᠠᠬᠤ ᠬᠥᠮᠥᠷᠭᠡ ᠂ ᠢᠩᠲᠣᠣᠷ ‍ᠤᠨ ᠬᠥᠨᠳᠡᠶ ᠂ ᠢ ᠯᠦᠩ ᠶᠦᠩ ᠪᠠᠯᠭᠠᠰᠣ ᠶ᠋ᠢᠨ ᠨᠠᠨ ᠯᠢᠶᠠᠩ ᠲᠣᠰᠬᠣᠨ ‍ᠤ ᠭᠠᠬᠠᠶ ᠲᠡᠵᠢᠭᠡᠬᠦ ᠲᠠᠯᠠᠪᠠᠢ ᠂ ᠳ᠋ᠦᠩ ᠮᠢᠩ ᠪᠠᠯᠭᠠᠰᠤᠨ ‍ᠤ ᠠᠵᠢᠯ ᠣᠯᠭᠣᠯᠲᠠ ᠶ᠋ᠢᠨ ᠰᠠᠭᠤᠷᠢᠨ ᠭᠠᠵᠠᠷ ᠂ ᠵᠡᠮᠳᠡᠭᠴᠦᠳ ‍ᠤᠨ ᠤᠷ᠎ᠠ ᠴᠢᠳᠠᠪᠤᠷᠢ ᠶ᠋ᠢᠨ ᠪᠣᠯᠪᠠᠰᠤᠷᠠᠯ ‍ᠤᠨ ᠰᠠᠭᠤᠷᠢᠨ ᠭᠠᠵᠠᠷ ᠂ ᠪᠠᠶᠢᠰᠢᠡᠭᠳᠣ ᠪᠠᠯᠭᠠᠰᠤᠨ ‍ᠤ ᠨᠠᠶ᠋ᠮᠠᠨ ᠬᠣᠰᠢᠭᠤᠨ ‍ᠤ ᠬᠤᠪᠴᠠᠰᠤ ᠣᠶᠣᠬᠣ ᠶᠠᠳᠠᠭᠤ ᠶ᠋ᠢ ᠲᠡᠳᠬᠦᠵᠦ ᠦᠶ᠋ᠯᠡᠰ ᠪᠣᠰᠬᠠᠬᠤ ᠰᠠᠭᠤᠷᠢᠨ ᠭᠠᠵᠠᠷ ᠵᠡᠷᠭᠡ ᠭᠠᠵᠠᠷ ᠭᠦᠨᠵᠡᠭᠡᠶᠢᠷᠡᠨ ᠠᠵᠤ ᠦᠢᠯᠡᠰ ‍ᠦᠨ ᠬᠥᠭᠵᠢᠯᠲᠡ ᠂ ᠲᠥᠬᠥᠭᠡᠷᠦᠮᠵᠢ ᠶ᠋ᠢᠨ ᠪᠦᠲᠦᠭᠡᠨ ᠪᠠᠶᠢᠭᠣᠯᠣᠯᠳᠠ ᠵᠡᠷᠭᠡ ᠬᠠᠮᠢᠶ᠎ᠠ ᠪᠦᠬᠦᠢ ᠪᠠᠶᠢᠳᠠᠯ ‍ᠢ ᠲᠤᠬᠠᠶ ᠶ᠋ᠢᠨ ᠭᠠᠵᠠᠷ ᠲᠤᠨᠢ ᠪᠠᠶᠢᠴᠠᠭᠠᠨ ᠦᠵᠡᠵᠦ ᠂ ᠲᠥᠷᠥᠯ ᠵᠦᠶ᠋ᠯ ‍ᠢ ᠠᠬᠢᠭᠤᠯᠬᠤ ᠶᠠᠪᠤᠴᠠ ᠳ᠋ᠤ ᠲᠤᠯᠭᠠᠷᠠᠭᠰᠠᠨ ᠠᠰᠠᠭᠤᠳᠠᠯ ᠪᠣᠯᠤᠨ ᠬᠦᠴᠢᠷᠳᠡᠯ ‍ᠢ ᠣᠶᠢᠯᠠᠭᠠᠵᠣ ᠰᠠᠭᠣᠳᠠᠯ ‍ᠤᠨ ᠬᠤᠷᠠᠯ ᠬᠣᠷᠠᠯᠳᠣᠡᠡᠰᠠᠨ ᠪᠠᠶᠢᠨ᠎ᠠ ᠃

      ᠰᠠᠭᠣᠳᠠᠯ ‍ᠤᠨ ᠬᠤᠷᠠᠯ ᠳᠡᠭᠡᠷ᠎ᠡ ᠂ ᠬᠣᠶᠠᠷ ᠲᠠᠯ᠎ᠠ ᠪᠠᠷ ᠢᠶᠡᠨ ᠠᠵᠤ ᠦᠢᠯᠡᠰ ‍ᠦᠨ ᠬᠠᠮᠲᠤᠷᠠᠯᠴᠠᠭ᠎ᠠ ᠂ ᠬᠦᠷᠢᠶᠡᠯᠡᠩ ᠲᠣᠭᠣᠷᠢᠭ ‍ᠢ ᠬᠠᠮᠲᠤ ᠪᠠᠷ ᠪᠠᠶᠢᠭᠤᠯᠬᠤ ᠂ ᠣᠯᠠᠨ ᠨᠡᠢᠲᠡ ᠶ᠋ᠢᠨ ᠦᠢᠯᠡᠴᠢᠯᠡᠭᠡᠨ ‍ᠦ ᠳᠡᠮᠵᠢᠯᠭᠡ ᠂ ᠴᠢᠳᠠᠪᠤᠷᠢᠲᠠᠨ ‍ᠤ ᠰᠣᠯᠢᠯᠴᠠᠭ᠎ᠠ ᠂ ᠨᠡᠶᠢᠳᠡ ᠶ᠋ᠢᠨ ᠠᠵᠤ ᠠᠬᠤᠢ ᠶ᠋ᠢᠨ ᠬᠥᠭᠵᠢᠯᠲᠡ ᠵᠡᠷᠭᠡ ᠲᠠᠯ᠎ᠠ ᠪᠠᠷ ᠰᠠᠨᠠᠯ ᠢᠶᠡᠨ ᠰᠣᠯᠢᠯᠴᠠᠨ ᠂ ᠰᠦ᠋ ᠭᠦᠸᠧ ᠪᠢᠨ ᠢᠯᠡᠳᠭᠡᠭᠰᠡᠨ ᠨᠢ ᠂ ᠡᠨᠡ ᠵᠢᠯ ᠪᠣᠯ ᠨᠠᠢᠮᠠᠨ ᠬᠣᠰᠢᠭᠤᠨ ‍ᠤ ᠶᠠᠳᠠᠭᠤ ᠡᠴᠠ ᠠᠩᠭᠢᠵᠢᠷᠠᠭᠤᠯᠬᠤ ᠵᠠᠩᠭᠢᠯᠠᠭ᠎ᠠ ᠶ᠋ᠢᠨ ᠵᠢᠯ ᠪᠠᠶᠢᠵᠣ ᠂ ᠲᠦᠩᠵᠸᠦ ᠲᠣᠭᠣᠷᠢᠭ ᠰᠢ ᠶ᠋ᠢᠨ ᠫᠢᠩ ᠶᠡᠷᠦᠩᠬᠡᠶ ᠱᠦᠵᠢ ᠶ᠋ᠢᠨ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠠᠵᠢᠯ ‍ᠤᠨ ᠲᠤᠬᠠᠶ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠣᠯᠵᠣ ᠂ ᠵᠡᠭᠦᠨ ᠪᠠᠷᠠᠭᠤᠨ ᠣᠷᠣᠨ ‍ᠤ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠤᠯᠤᠰ ᠲᠥᠷᠥ ᠶ᠋ᠢᠨ ᠤᠬᠠᠮᠰᠠᠷ ᠂ ᠦᠵᠡᠯ ᠰᠠᠨᠠᠭᠠᠨ ‍ᠤ ᠤᠬᠠᠮᠰᠠᠷ ᠂ ᠠᠵᠢᠯᠯᠠᠭᠠᠨ ‍ᠤ ᠤᠬᠠᠮᠰᠠᠷ ᠢᠶᠡᠨ ᠲᠠᠰᠤᠷᠠᠯᠲᠠ ᠥᠬᠡᠶ ᠴᠢᠩᠭᠠᠳᠬᠠᠵᠤ ᠂ ᠰᠠᠶᠢᠨ ᠰᠠᠶᠢᠬᠠᠨ ᠬᠠᠮᠲᠤᠷᠠᠯᠴᠠᠭᠠᠨ ‍ᠤ ᠰᠠᠭᠤᠷᠢᠨ ᠳᠡᠭᠡᠷ᠎ᠡ ᠂ ᠰᠣᠯᠢᠯᠴᠠᠭ᠎ᠠ ᠵᠠᠯᠭᠠᠭᠣᠯᠭ᠎ᠠ ᠪᠠᠨ ᠴᠢᠨᠠᠭᠰᠢᠳᠠ ᠴᠢᠩᠭᠠᠳᠬᠠᠵᠤ ᠂ ᠡᠯ᠎ᠡ ᠵᠦᠶ᠋ᠯ ‍ᠦᠨ ᠠᠵᠢᠯ ᠲᠥᠷᠥᠯ ‍ᠢᠶ᠋ᠡᠷ ᠬᠠᠪᠰᠤᠷᠤᠨ ᠲᠡᠳᠬᠦᠬᠦ ᠠᠵᠢᠯ ‍ᠢ ᠪᠦᠬᠦ ᠬᠦᠴᠦᠨ ‍ᠢᠶ᠋ᠡᠷ ‍ᠢᠶ᠋ᠡᠨ ᠰᠠᠶᠢᠲᠤᠷ ᠬᠢᠬᠦ ᠪᠣᠯᠣᠨ᠎ᠠ ᠭᠡᠵᠡᠢ ᠃ ᠰᠦ᠋ ᠭᠦᠸᠧ ᠪᠢᠨ ᠡᠴᠠ ᠨᠠᠮ ᠤ ᠬᠣᠰᠢᠭᠤ ᠵᠢ ᠲᠣᠰ ᠪᠡᠶ᠎ᠡ ᠶ᠋ᠢᠨ ᠠᠪᠢᠶᠠᠰ ᠪᠢᠯᠢᠭ ᠲᠡᠶ ᠪᠡᠨ ᠤᠶᠠᠯᠳᠤᠭᠤᠯᠤᠨ ᠂ ᠶᠠᠳᠠᠭᠤ ᠡᠴᠠ ᠠᠩᠭᠢᠵᠢᠷᠠᠭᠤᠯᠬᠤ ᠪᠠᠷᠢᠮᠵᠢᠶ᠎ᠠ ᠶ᠋ᠢ ᠴᠢᠩᠭ᠎ᠠ ᠠᠩᠬᠠᠷᠴᠤ ᠂ 《 ᠳᠠᠪᠠᠭᠤᠯᠢᠭ ‍ᠤᠨ ᠨᠠᠷᠢᠨ ᠳᠠᠩᠰᠠ 》 ᠪᠠ 《 ᠬᠡᠷᠡᠭᠴᠡᠭᠡ ᠱᠠᠭᠠᠷᠳᠠᠯᠭ᠎ᠠ ᠶ᠋ᠢᠨ ᠨᠠᠷᠢᠨ ᠳᠠᠩᠰᠠ 》 ᠶ᠋ᠢ ᠨᠠᠷᠢᠨ ᠡᠮᠬᠢᠯᠡᠵᠦ ᠂ ᠲᠦᠩᠵᠸᠦ ᠲᠣᠭᠣᠷᠢᠭ ‍ᠤᠨ ᠨᠠᠷᠢᠨ ᠳᠠᠩᠰᠠ ᠶ᠋ᠢᠨ ᠬᠡᠷᠡᠭᠴᠡᠭᠡ ᠲᠡᠶ ᠬᠠᠷᠢᠴᠠᠭᠤᠯᠵᠤ ᠂ ᠡᠬᠢ ᠪᠠᠶᠠᠯᠢᠭ ᠪᠠ ᠬᠦᠴᠦᠨ ᠴᠢᠳᠠᠯ ‍ᠢ ᠳᠠᠶᠢᠴᠢᠯᠠᠨ ᠂ ᠠᠵᠤ ᠦᠶ᠋ᠯᠡᠰ ‍ᠢᠶ᠋ᠡᠷ ᠶᠠᠳᠠᠭᠤ ᠶ᠋ᠢ ᠲᠡᠳᠬᠦᠬᠦ ᠂ ᠰᠤᠷᠭᠠᠨ ᠬᠥᠮᠦᠵᠢᠯ ‍ᠢᠶ᠋ᠡᠷ ᠶᠠᠳᠠᠭᠤ ᠶ᠋ᠢ ᠲᠡᠳᠬᠦᠬᠦ ᠂ ᠡᠷᠡᠭᠦᠯ ᠮᠡᠨᠳᠦ ᠪᠡᠷ ᠶᠠᠳᠠᠭᠤ ᠶ᠋ᠢ ᠲᠡᠳᠬᠦᠬᠦ ᠂ ᠬᠡᠷᠡᠭᠯᠡᠭᠡ ᠪᠡᠷ ᠶᠠᠳᠠᠭᠤ ᠶ᠋ᠢ ᠲᠡᠳᠬᠦᠬᠦ ᠪᠠ ᠲᠣᠰᠬᠣᠨ ‍ᠤ ᠨᠡᠶᠢᠳᠡ ᠶ᠋ᠢᠨ ᠠᠵᠤ ᠠᠬᠤᠶ ᠵᠡᠷᠭᠡ ᠲᠠᠯ᠎ᠠ ᠪᠠᠷ ᠬᠠᠮᠲᠤᠷᠠᠯᠴᠠᠭ᠎ᠠ ᠶ᠋ᠢ ᠬᠦᠴᠦᠯᠡᠨ ᠭᠦᠨᠵᠡᠭᠡᠶᠢᠷᠡᠭᠦᠯᠵᠦ ᠂ ᠪᠡᠭᠡᠵᠢᠩ ᠥᠪᠥᠷ ᠮᠣᠩᠭᠣᠯ ‍ᠤᠨ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠡᠯ᠎ᠡ ᠵᠦᠢᠯ ‍ᠦᠨ ᠡᠭᠦᠷᠭᠡ ᠶ᠋ᠢ ᠴᠢᠨᠠᠷ ᠰᠠᠶᠢᠲᠠᠶ ᠪᠡᠶᠡᠯᠡᠭᠦᠯᠵᠦ ᠂ ᠨᠠᠢᠮᠠᠨ ᠬᠣᠰᠢᠭᠤᠨ ‍ᠤ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠳᠠᠶᠢᠯᠠᠯᠳᠤᠭᠠᠨ ‍ᠤ ᠢᠯᠠᠯᠲᠠ ᠶ᠋ᠢ ᠣᠯᠬᠤ ᠳ᠋ᠤ ᠬᠦᠴᠦ ᠨᠡᠮᠡᠷᠢᠯᠡᠵᠦ ᠂ ᠲᠣᠭᠲᠠᠭᠰᠠᠨ ᠬᠤᠭᠤᠴᠠᠭᠠᠨ ᠳ᠋ᠤ ᠶᠠᠳᠠᠭᠤ ᠡᠴᠠ ᠠᠩᠭᠢᠵᠢᠷᠠᠬᠤ ᠶ᠋ᠢ ᠬᠦᠰᠡᠵᠦ ᠪᠠᠶᠢᠨ᠎ᠠ ᠭᠡᠵᠡᠢ ᠃

         ᠵᠠᠩ ᠬᠤᠸᠠ ᠢᠯᠡᠳᠭᠡᠭᠰᠡᠨ ᠨᠢ ᠂ ᠲᠦᠩᠵᠸᠤ ᠲᠣᠭᠣᠷᠢᠭ ‍ᠤᠨ ᠤᠷᠲᠤ ᠬᠤᠭᠤᠴᠠᠭᠠᠨ ‍ᠤ ᠲᠤᠷᠰᠢ ᠨᠠᠶ᠋ᠮᠠᠨ ᠬᠣᠰᠢᠭᠤᠨ ᠳ᠋ᠤ ᠪᠦᠬᠦ ᠬᠦᠴᠦᠨ ‍ᠢᠶ᠋ᠡᠷ ‍ᠢᠶ᠋ᠡᠨ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠳ᠋ᠦ ᠳᠠᠯᠠᠷᠬᠠᠯ ᠢᠶᠡᠨ ᠲᠠᠪᠰᠢᠭᠦᠯᠵᠦ ᠂ ᠬᠠᠪᠰᠤᠷᠤᠨ ᠲᠡᠳᠬᠦᠬᠦ ᠲᠥᠷᠥᠯ ᠵᠦᠶ᠋ᠯ ᠪᠣᠯᠤᠨ ᠪᠡᠯᠡ ᠮᠥᠩᠭᠥ ᠶ᠋ᠢ ᠰᠠᠶᠢᠲᠤᠷ ᠬᠡᠷᠡᠭᠯᠡᠨ ᠂ ᠬᠢᠨᠠᠨ ᠬᠠᠮᠢᠶᠠᠷᠴᠦ ᠂  ᠳᠠᠷᠠᠭᠠᠴᠢ ᠶ᠋ᠢᠨ ᠠᠯᠬᠤᠮ ᠳ᠋ᠤ ᠂ ᠥᠪᠡᠷᠲᠡᠭᠡᠨ ᠵᠠᠰᠠᠬᠤ ᠣᠷᠣᠨ ‍ᠤ ᠨᠠᠮ ‍ᠤᠨ ᠬᠣᠷᠢᠶ᠎ᠠ ᠂ ᠪᠡᠭᠡᠵᠢᠩ ᠬᠣᠲᠠ ᠶ᠋ᠢᠨ ᠨᠠᠮ ‍ᠤᠨ ᠬᠣᠷᠢᠶ᠎ᠠ ᠶ᠋ᠢᠨ ᠠᠵᠢᠯ ᠲᠥᠷᠥᠯ ‍ᠢᠶ᠋ᠡᠷ ᠬᠠᠪᠰᠤᠷᠤᠨ ᠲᠡᠳᠬᠦᠬᠦ ᠠᠵᠢᠯ ‍ᠤᠨ ᠪᠠᠶᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠣᠯᠵᠦ ᠂ ᠽᠸᠩ ᠽᠠᠨ ᠷᠦᠩ ᠱᠦᠵᠢ ᠶ᠋ᠢᠨ ᠨᠠᠢᠮᠠᠨ ᠳ᠋ᠦ  ᠪᠠᠶᠢᠴᠠᠭᠠᠨ ᠰᠤᠳᠤᠯᠤᠯᠲᠠ  ᠬᠢᠬᠦ ᠦᠶ᠎ᠡ ᠶ᠋ᠢᠨ ᠶᠠᠷᠢᠶᠠᠨ ‍ᠤ ᠵᠣᠷᠢᠭ ᠰᠠᠨᠠᠭ᠎ᠠ ᠶᠣᠰᠣᠭᠠᠷ ᠂ ᠪᠡᠭᠡᠵᠢᠩ ᠥᠪᠥᠷ ᠮᠣᠩᠭᠣᠯ ‍ᠤᠨ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ 《 ᠳᠣᠯᠣᠭᠠᠨ ᠨᠢᠭᠡ 》 ᠢᠨᠵᠧᠨᠧᠷᠢᠩ ‍ᠢᠶ᠋ᠡᠷ ᠭᠠᠷᠳᠠᠴᠠ ᠪᠣᠯᠭᠠᠵᠤ ᠂ ᠨᠢᠭᠲᠠ ᠬᠠᠮᠳᠣᠷᠠᠯᠴᠠᠨ ᠂ ᠬᠦᠴᠦ ᠪᠡᠨ ᠬᠠᠮᠲᠤᠳᠬᠠᠨ ᠰᠡᠳᠬᠢᠯ ‍ᠢᠶ᠋ᠡᠨ ᠨᠢᠭᠡᠳᠬᠡᠵᠦ ᠂ ᠪᠡᠭᠡᠵᠢᠩ ᠥᠪᠥᠷ ᠮᠣᠩᠭᠣᠯ ‍ᠤᠨ ᠶᠠᠳᠠᠭᠤ ᠶ᠋ᠢ ᠲᠡᠳᠬᠦᠬᠦ ᠬᠠᠮᠵᠢᠯᠴᠠᠭ᠎ᠠ ᠶ᠋ᠢᠨ ᠶᠠᠰᠤ ᠴᠢᠨᠠᠷ ‍ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶ᠋ᠢ ᠬᠠᠮᠲᠤᠪᠠᠷ ᠠᠬᠢᠭᠤᠯᠵᠤ ᠂ ᠪᠡᠭᠡᠵᠢᠩ ᠥᠪᠥᠷ ᠮᠣᠩᠭᠣᠯ ‍ᠤᠨ ᠠᠵᠢᠯ ᠲᠥᠷᠥᠯ ‍ᠢᠶ᠋ᠡᠷ ᠬᠠᠪᠰᠤᠷᠤᠨ ᠲᠡᠳᠬᠦᠬᠦ ᠬᠡᠪ ᠳᠠᠭᠣᠷᠢᠶᠠᠯᠳᠣ ᠢᠨᠵᠧᠨᠧᠷᠢᠩ ᠂ ᠭᠢᠯᠠᠰ ᠴᠡᠭᠲᠦ ᠢᠨᠵᠧᠨᠧᠷᠢᠩ ‍ᠢ ᠪᠦᠬᠦ ᠬᠦᠴᠦᠨ ‍ᠢᠶ᠋ᠡᠷ ‍ᠢᠶ᠋ᠡᠨ ᠪᠠᠶᠢᠭᠣᠯᠵᠦ ᠂ ᠬᠠᠮᠲᠤᠪᠠᠷ ᠬᠦᠭᠵᠢᠨ ᠂ ᠦᠷᠭᠦᠯᠵᠢᠯᠡᠨ ᠬᠥᠭᠵᠢᠬᠦ ᠶ᠋ᠢ ᠪᠡᠶᠡᠯᠡᠭᠦᠯᠬᠦ ᠶ᠋ᠢ ᠬᠦᠰᠡᠵᠦ ᠪᠠᠶᠢᠨ᠎ᠠ ᠭᠡᠵᠡᠢ ᠃

       ᠪᠦᠷᠢᠨ ᠡᠴᠠ ᠂ ᠬᠣᠶᠠᠷ ᠳᠠᠯ᠎ᠠ ᠪᠠᠷ ᠢᠶᠡᠨ ᠠᠵᠤ ᠦᠢᠯᠡᠰ᠂ ᠴᠢᠳᠠᠪᠤᠷᠢᠲᠠᠨ ᠂ ᠰᠤᠷᠭᠠᠨ ᠬᠥᠮᠦᠵᠢᠯ ᠂ ᠡᠮ ᠡᠮᠨᠡᠯᠭᠡ ᠂ ᠠᠵᠢᠯ ᠣᠯᠭᠣᠯᠲᠠ ᠵᠡᠷᠭᠡ ᠣᠯᠠᠨ ᠬᠦᠷᠢᠶᠡᠨ ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠠᠵᠢᠯ ᠶ᠋ᠢᠨ ᠭᠣᠤᠯᠳᠠᠯᠭ᠎ᠠ ᠪᠠᠨ ᠳᠣᠪᠣᠶᠢᠯᠭᠠᠨ ᠂ ᠠᠵᠤ ᠦᠢᠯᠡᠰ ‍ᠢ ᠤᠷᠲᠤᠳᠬᠠᠨ ᠶᠠᠰᠤ ᠴᠢᠨᠠᠷ ‍ᠢ ᠳᠡᠭᠡᠭᠰᠢᠯᠡᠭᠦᠯᠬᠦ ᠂ ᠵᠡᠮᠳᠡᠭᠴᠦᠳ ‍ᠢ ᠡᠷᠡᠭᠦᠯᠵᠢᠭᠦᠯᠬᠦ ᠡᠮᠨᠡᠯᠭᠡ ᠶ᠋ᠢᠨ ᠬᠣᠷᠢᠶ᠎ᠠ ᠂ ᠲᠠᠷᠢᠶᠠᠯᠠᠩ ‍ᠤᠨ ᠪᠦᠲᠦᠭᠡᠭᠳᠡᠬᠦᠨ ‍ᠢ ᠲᠠᠨᠢᠯᠴᠠᠭᠤᠯᠬᠤ ᠂ ᠬᠦᠷᠢᠶᠡᠯᠡᠩ ᠲᠣᠭᠣᠷᠢᠭ ‍ᠤᠨ ᠰᠤᠯᠠ ᠪᠠᠶᠢᠭ᠎ᠠ ᠡᠬᠢ ᠪᠠᠶᠠᠯᠢᠭ ‍ᠢ ᠠᠮᠢᠳᠤᠯᠢᠭ ᠴᠢᠯᠥᠭᠡᠲᠡᠶ ᠪᠣᠯᠭᠠᠬᠤ ᠵᠡᠷᠭᠡ ᠲᠠᠯ᠎ᠠ ᠪᠠᠷ ᠬᠠᠪᠰᠤᠷᠤᠨ ᠲᠡᠳᠬᠦᠵᠦ ᠬᠠᠮᠵᠢᠯᠴᠠᠬᠤ ᠶ᠋ᠢ ᠴᠢᠩᠭᠠᠳᠬᠠᠵᠤ ᠂ ᠣᠯᠠᠨ ᠠᠷᠭ᠎ᠠ ᠵᠠᠮ ᠂ ᠥᠷᠭᠡᠨ ᠬᠦᠷᠢᠶᠡᠨ ᠳ᠋ᠦ ᠶᠠᠪᠤᠯᠴᠠᠭ᠎ᠠ ᠰᠣᠯᠢᠯᠴᠠᠭ᠎ᠠ ᠬᠢᠵᠦ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠲᠡᠬᠦ ᠰᠢᠨ᠎ᠡ ᠪᠠᠶᠢᠳᠠᠯ ‍ᠢ ᠪᠣᠶ ᠪᠣᠯᠭᠠᠬᠤ ᠶ᠋ᠢ ᠬᠦᠰᠡᠵᠦ  ᠪᠠᠶᠢᠨ᠎ᠠ ᠭᠡᠵᠡᠶ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ