ᠬᠣᠳᠠ ᠶ᠋ᠢᠨ ᠨᠠᠮ ‍ᠤᠨ ᠬᠣᠷᠢᠶᠠᠨ ᠤ ᠪᠠᠶᠢᠡᠭᠭᠣ ᠶ᠋ᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ ᠣᠷᠭᠢᠯ ᠮᠠᠨ ᠤ ᠬᠣᠰᠢᠭᠤᠨ ᠳ᠋ᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ

ᠣᠩᠰᠢᠭᠰᠠᠨ ᠤᠳᠠᠭ᠎ᠠ ᠄ 366     ᠨᠡᠶᠢᠳᠡᠯᠡᠭᠰᠡᠨ ᠴᠠᠭ ᠄ 2019/7/9 19:34:10


      7 ᠳ᠋ᠣᠭᠠᠷ ᠰᠠᠷ᠎ᠠ ᠶ᠋ᠢᠨ 3 ‍ᠦ ᠡᠳᠦᠷ ᠂ ᠬᠣᠳᠠ ᠶ᠋ᠢᠨ ᠨᠠᠮ ‍ᠤᠨ ᠬᠣᠷᠢᠶᠠᠨ ᠤ ᠪᠠᠶᠢᠡᠭᠭᠣ ᠶ᠋ᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ‍ᠦᠨ ᠳᠠᠷᠤᠭ᠎ᠠ ᠣᠷᠭᠢᠯ ᠮᠠᠨ ‍ᠤ ᠬᠣᠰᠢᠭᠤᠨ ᠳ᠋ᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃ ᠣᠷᠭᠢᠯ ᠬᠣᠰᠢᠭᠤᠨ ‍ᠤ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠶᠡᠬᠡ ᠲᠣᠭ᠎ᠠ ᠪᠠᠷᠢᠮᠳᠠ ᠶ᠋ᠢᠨ ᠲᠠᠪᠴᠠᠩ ᠳ᠋ᠤ ᠭᠦᠨᠵᠡᠭᠡᠶᠢᠷᠡᠵᠦ ᠂ ᠵᠢᠷᠣᠭ ᠲᠦᠷᠰᠣ ᠪᠡᠷ ᠵᠢᠯᠣᠭᠣᠳᠬᠤ ᠰᠢᠰᠲ᠋ᠧᠮ ‍ᠢᠶ᠋ᠡᠷ ᠳᠠᠮᠵᠢᠨ ᠂ ᠲᠦᠴᠸᠡᠭᠽᠢ ᠰᠢᠶᠠᠩ ‍ᠤᠨ ᠬᠤᠸᠠ ᠵᠢᠶ ᠶᠢᠩᠽᠢ ᠲᠣᠰᠬᠣᠨ ᠂  ᠪᠠᠶᠢᠰᠢᠡᠭᠳᠣ ᠪᠠᠯᠭᠠᠰᠤᠨ ‍ᠤ ᠲᠠᠯᠠᠢ ᠶ᠋ᠢᠨ ᠲᠦᠩ ᠲᠣᠰᠬᠣᠨ ‍ᠤ ᠨᠢᠭᠡᠳᠦᠭᠡᠷ ᠱᠦᠵᠢ ᠪᠣᠯᠤᠨ ᠲᠣᠰᠬᠣᠨ ‍ᠤ ᠱᠦᠵᠢ ᠳᠠᠢ ᠵᠢᠷᠣᠭ ᠲᠦᠷᠰᠣ ᠪᠡᠷ ᠤᠲᠠᠰᠤ ᠵᠠᠯᠭᠠᠵᠤ ᠂ ᠬᠣᠲᠠ ᠬᠣᠰᠢᠭᠣ ᠡᠴᠠ ᠲᠣᠮᠢᠯᠠᠭᠰᠠᠨ ᠲᠣᠰᠬᠣᠨ ᠳ᠋ᠤ ᠰᠠᠭᠤᠭ᠎ᠠ ᠺᠠᠳ᠋ᠷ ‍ᠤᠨ ᠠᠵᠢᠯ ‍ᠤᠨ ᠪᠠᠶᠢᠷᠢ ᠳ᠋ᠠᠭᠠᠨ ᠲᠤᠰᠢᠶᠠᠯ ᠬᠠᠷᠢᠭᠤᠴᠠᠯᠭ᠎ᠠ ᠪᠠᠨ ᠭᠦᠶᠢᠴᠡᠳᠭᠡᠭᠰᠡᠨ ᠪᠠᠶᠢᠳᠠᠯ ‍ᠢ ᠬᠢᠨᠠᠨ ᠵᠢᠯᠣᠭᠣᠳᠴᠤ ᠂ ᠭᠠᠴᠠᠭ᠎ᠠ ᠲᠣᠰᠬᠣᠨ ‍ᠤ ᠶᠠᠳᠠᠭᠤ ᠡᠴᠠ ᠠᠩᠬᠢᠵᠢᠷᠠᠭᠣᠯᠣᠨ ᠪᠣᠭᠣᠮᠲᠠ ᠰᠢᠪᠲᠤᠯᠬᠤ ᠠᠵᠢᠯ ᠥᠷᠨᠢᠭᠦᠯᠦᠭᠰᠡᠨ ᠪᠠᠶᠢᠳᠠᠯ ‍ᠢ ᠣᠶᠢᠯᠠᠭᠠᠪᠠ ᠃ ᠡᠬᠦᠨ ᠤ ᠬᠠᠮᠳᠣ ᠂ ᠨᠠᠢᠮᠠᠨ ᠬᠣᠰᠢᠭᠤᠨ ‍ᠤ ᠵᠥᠷᠢᠴᠡᠯ ᠵᠢᠭᠣᠷᠠᠯᠳᠣᠭᠠᠨ ‍ᠢ ᠠᠷᠢᠯᠭᠠᠬᠤ ᠦᠢᠯᠡᠴᠢᠯᠡᠭᠡᠨ ‍ᠦ ᠲᠥᠪ ᠪᠣᠯᠤᠨ ᠵᠠᠯᠠᠭᠤᠴᠤᠳ ᠪᠠᠭᠠᠴᠤᠳ ‍ᠤᠨ ᠬᠠᠤᠯᠢᠵᠢᠯ ‍ᠤᠨ ᠬᠥᠮᠦᠵᠢᠯ ‍ᠦᠨ ᠰᠠᠭᠤᠷᠢᠨ ᠭᠠᠵᠠᠷ ᠲᠤ ᠭᠦᠨᠵᠡᠭᠡᠶᠢᠷᠡᠵᠦ ᠂ ᠬᠠᠮᠢᠶ᠎ᠠ ᠪᠦᠬᠦᠢ ᠠᠰᠠᠭᠤᠳᠠᠯ ‍ᠤᠨ ᠬᠠᠷᠢᠭᠣ ᠮᠡᠳᠡᠭᠦᠯᠣᠯᠳᠠ ᠵᠢ ᠰᠣᠨᠣᠰᠣᠡᠡᠰᠠᠨ ᠪᠠᠶᠢᠨ᠎ᠠ ᠃


ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ