ᠬᠦᠬᠡᠬᠣᠳᠠ ᠬᠣᠳᠠ ᠶ᠋ᠢᠨ ᠨᠠᠮ ‍ᠤᠨ ᠬᠣᠷᠢᠶᠠᠨ ‍ᠤ ᠣᠯᠣᠰ ᠲᠦᠷᠦ ᠬᠠᠣᠯᠢ ᠴᠠᠭᠠᠵᠠ ᠶ᠋ᠢᠨ ᠬᠣᠷᠢᠶᠠᠨ ᠤ ᠳᠡᠳ᠋ ᠱᠦᠵᠢ ᠲᠢᠶᠠᠨ ᡁᠢ ᠭᠠᠩ ᠨᠠᠷ ᠮᠠᠨ  ᠤ ᠬᠣᠰᠢᠭᠤᠨ ᠳ᠋ᠤ ᠢᠷᠡᠵᠣ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 6250     ᠨᠡᠶᠢᠳᠡᠯᠡᠭᠰᠡᠨ ᠴᠠᠭ ᠄ 2019/7/9 19:44:52


          7 ᠳ᠋ᠣᠭᠠᠷ ᠰᠠᠷ᠎ᠠ ᠶ᠋ᠢᠨ 3 ‍ᠦ ᠡᠳᠦᠷ ᠂ ᠬᠦᠬᠡᠬᠣᠳᠠ ᠬᠣᠳᠠ ᠶ᠋ᠢᠨ ᠨᠠᠮ ‍ᠤᠨ ᠬᠣᠷᠢᠶᠠᠨ ‍ᠤ ᠣᠯᠣᠰ ᠲᠦᠷᠦ ᠬᠠᠣᠯᠢ ᠴᠠᠭᠠᠵᠠ ᠶ᠋ᠢᠨ ᠬᠣᠷᠢᠶᠠᠨ ᠤ ᠳᠡᠳ᠋ ᠱᠦᠵᠢ ᠲᠢᠶᠠᠨ ᡁᠢ ᠭᠠᠩ ᠨᠠᠷ ᠮᠠᠨ ᠤ ᠬᠣᠰᠢᠭᠤᠨ ᠳ᠋ᠤ ᠢᠷᠡᠵᠣ ᠂ ᠵᠥᠷᠢᠴᠡᠯ ᠵᠢᠭᠤᠷᠠᠯᠳᠤᠭᠠᠨ ‍ᠢ ᠣᠯᠠᠨ ᠡᠰᠢᠴᠢᠯᠡᠨ ᠰᠢᠢᠳᠪᠦᠷᠢᠯᠡᠬᠦ ᠵᠡᠷᠭᠡ ᠠᠵᠢᠯ ᠳ᠋ᠥ ᠪᠠᠶᠢᠴᠠᠭᠠᠨ ᠰᠣᠳᠣᠯᠣᠯᠳᠠ ᠬᠢᠵᠣ ᠂ ᠬᠣᠲᠠ ᠶ᠋ᠢᠨ ᠨᠠᠮ ‍ᠤᠨ ᠬᠣᠷᠢᠶᠠᠨ ‍ᠤ ᠣᠯᠣᠰ ᠲᠦᠷᠦ ᠬᠠᠣᠯᠢ ᠴᠠᠭᠠᠵᠠ ᠶ᠋ᠢᠨ ᠬᠣᠷᠢᠶᠠᠨ ᠤ ᠳᠡᠳ᠋ ᠱᠦᠵᠢ ᠸᠠᠩ ᠰᠢᠶᠣᠤ ᠢ ᠂ ᠬᠣᠰᠢᠭᠤᠨ ‍ᠤ ᠤᠳᠤᠷᠢᠳᠤᠯᠭ᠎ᠠ ᠵᠠᠩ ᠬᠤᠸᠠ ᠂ ᠸᠠᠩ ᠵᠧᠨ ᠴᠧᠩ ᠂ ᠪᠠᠳᠣ ᠂ ᠼᠦᠢ ᠯᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ‍ᠦᠨ ᠬᠠᠷᠢᠭᠣᠴᠠᠯᠭᠠᠳᠠᠨ ᠪᠠᠷ᠎ᠠ ᠪᠣᠯᠵᠤ  ᠰᠠᠭᠣᠳᠠᠯ ᠤᠨ ᠬᠤᠷᠠᠯ ᠳ᠋ᠤ ᠣᠷᠣᠯᠴᠠᠭᠰᠠᠨ ᠪᠠᠶᠢᠨ᠎ᠠ ᠃ 

      ᠲᠢᠶᠠᠨ ᡁᠢ ᠭᠠᠩ ᠨᠡᠷ ᠤᠷᠢᠳ ᠬᠣᠵᠢᠳ ᠰᠢᠷᠠᠬᠣᠭᠣᠯᠠᠢ ᠪᠠᠯᠭᠠᠰᠤᠨ ‍ᠤ ᠵᠥᠷᠢᠴᠡᠯ ᠵᠢᠭᠤᠷᠠᠯᠳᠤᠭᠠᠨ ‍ᠢ ᠣᠯᠠᠨ ᠡᠰᠢᠴᠢᠯᠡᠨ ᠰᠢᠢᠳᠪᠦᠷᠢᠯᠡᠬᠦ ᠦᠢᠯᠡᠴᠢᠯᠡᠭᠡᠨ ‍ᠦ ᠲᠥᠪ ᠂ ᠬᠣᠰᠢᠭᠤᠨ ‍ᠤ ᠳᠣᠲᠣᠭᠠᠳᠤ ᠶ᠋ᠢ ᠬᠠᠮᠠᠭᠠᠯᠠᠬᠤ ᠳᠣᠪᠴᠢᠶ᠎ᠠ ᠶ᠋ᠢᠨ ᠵᠠᠰᠠᠭ ᠵᠠᠬᠢᠷᠭᠠᠨ ‍ᠤ ᠦᠢᠯᠡᠴᠢᠯᠡᠭᠡᠨ ‍ᠦ ᠲᠥᠪ ᠂ ᠵᠠᠮ ᠬᠠᠷᠢᠯᠴᠠᠭᠠᠨ ‍ᠤ ᠴᠠᠭᠳᠠᠭ᠎ᠠ ᠶ᠋ᠢᠨ ᠡᠨᠳᠡᠯ ᠬᠡᠷᠡᠭ ‍ᠢ ᠰᠢᠢᠳᠪᠦᠷᠢᠯᠡᠬᠦ ᠲᠥᠪ ᠂ ᠬᠣᠰᠢᠭᠤᠨ ‍ᠤ ᠵᠥᠷᠢᠴᠡᠯ ‍ᠢ ᠰᠢᠢᠳᠪᠦᠷᠢᠯᠡᠬᠦ ᠦᠢᠯᠡᠴᠢᠯᠡᠭᠡᠨ ‍ᠦ ᠲᠥᠪ ᠂ ᠵᠠᠯᠠᠭᠤᠴᠤᠳ ᠪᠠᠭᠠᠴᠤᠳ ‍ᠤᠨ ᠬᠠᠤᠯᠢ ᠪᠠᠷ ᠵᠠᠰᠠᠬᠤ ᠬᠥᠮᠦᠵᠢᠯ ‍ᠦᠨ ᠰᠠᠭᠤᠷᠢᠨ ᠭᠠᠵᠠᠷ ᠢᠶᠠᠷ ᠭᠦᠨᠵᠡᠭᠡᠶᠢᠷᠡᠵᠦ ᠂ ᠲᠠᠨᠢᠯᠴᠠᠭᠤᠯᠭ᠎ᠠ ᠶ᠋ᠢ ᠰᠣᠨᠣᠰᠬᠤ ᠂ ᠳᠠᠩᠰᠠ ᠡᠪᠬᠡᠮᠡᠯ ‍ᠢ  ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠨ ᠂ ᠵᠥᠷᠢᠴᠡᠯ ᠵᠢᠭᠤᠷᠠᠯᠳᠤᠭᠠᠨ ‍ᠢ ᠣᠯᠠᠨ ᠡᠰᠢᠴᠢᠯᠡᠨ ᠰᠢᠢᠳᠪᠦᠷᠢᠯᠡᠬᠦ ᠠᠵᠢᠯ ᠵᠢᠴᠢ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ 《 ᠶᠡᠬᠡ ᠴᠠᠭᠳᠠᠭᠠᠨ ‍ᠤ ᠲᠥᠷᠥᠯ ᠵᠦᠢᠯ᠂ ᠶᠡᠬᠡ ᠰᠠᠯᠠᠭ᠎ᠠ ᠮᠥᠴᠢᠷ 》 ‍ᠤᠨ ᠳᠦᠷᠢᠮ ᠤᠨ ᠥᠭᠡᠷᠡᠴᠢᠯᠡᠯᠲᠡ ᠶ᠋ᠢᠨ ᠲᠤᠷᠰᠢᠯᠭ᠎ᠠ ᠠᠷᠭ᠎ᠠ ᠬᠡᠮᠵᠢᠶ᠎ᠡ ᠪᠣᠯᠤᠨ ᠬᠦᠷᠳᠡᠭᠰᠡᠨ ᠦᠷ᠎ᠡ ᠪᠦᠲᠦᠮᠵᠢ ᠶ᠋ᠢ ᠪᠦᠬᠦ ᠲᠠᠯ᠎ᠠ ᠪᠠᠷ ᠣᠶᠢᠯᠠᠭᠠᠵᠣ ᠂ ᠲᠢᠶᠠᠨ ᡁᠢ ᠭᠠᠩ ᠨᠠᠷ ᠮᠠᠨ ᠤ ᠬᠣᠰᠢᠭᠤᠨ ‍ᠤ ᠤᠯᠤᠰ ᠲᠥᠷᠥ ᠬᠠᠤᠯᠢ ᠴᠠᠭᠠᠵᠠ ᠶ᠋ᠢᠨ ᠬᠦᠷᠢᠶ᠎ᠡ ᠬᠡᠪᠴᠢᠶᠡᠨ ‍ᠦ ᠣᠯᠠᠨ ᠵᠦᠶ᠋ᠯ ‍ᠦᠨ ᠠᠵᠢᠯ ‍ᠤᠨ ᠲᠤᠷᠰᠢᠯᠭ᠎ᠠ ᠠᠷᠭ᠎ᠠ ᠬᠡᠮᠵᠢᠶ᠎ᠡ ᠵᠢᠴᠢ ᠥᠭᠡᠷᠡᠴᠢᠯᠡᠯᠲᠡ ᠶ᠋ᠢᠨ ᠦᠷ᠎ᠡ ᠪᠦᠲᠦᠮᠵᠢ ᠶ᠋ᠢ ᠲᠡᠭᠡᠳᠣ ᠬᠡᠮᠵᠢᠶ᠎ᠡ ᠪᠡᠷ ᠦᠨᠡᠯᠡᠭᠰᠡᠨ ᠪᠠᠶᠢᠨ᠎ᠠ ᠃

      ᠰᠠᠭᠣᠳᠠᠯ ‍ᠤᠨ ᠬᠤᠷᠠᠯ ᠳᠡᠭᠡᠷ᠎ᠡ ᠂ ᠬᠣᠶᠠᠷ ᠲᠠᠯ᠎ᠠ ᠪᠠᠷ ᠢᠶᠡᠨ ᠰᠢᠨ᠎ᠡ ᠴᠠᠭ ᠦᠶ᠎ᠡ ᠶ᠋ᠢᠨ 《 ᠹᠸᠩ ᠴᠢᠶᠣᠤ ᠶ᠋ᠢᠨ ᠲᠤᠷᠰᠢᠯᠭ᠎ᠠ 》 ᠵᠢ ᠤᠯᠠᠮᠵᠢᠯᠠᠨ ᠪᠠᠳᠠᠷᠠᠭᠤᠯᠬᠤ ᠂ ᠵᠥᠷᠢᠴᠡᠯ ᠵᠢᠭᠤᠷᠠᠯᠳᠤᠭᠠᠨ ‍ᠢ ᠣᠯᠠᠨ ᠡᠰᠢᠵᠢᠬᠦᠯᠦᠨ ᠰᠢᠢᠳᠪᠦᠷᠢᠯᠡᠬᠦ ᠵᠡᠷᠭᠡ ᠠᠵᠢᠯ ‍ᠤᠨ ᠲᠤᠬᠠᠶ ᠭᠦᠨᠵᠡᠭᠡᠶ ᠶᠠᠷᠢᠯᠴᠠᠵᠤ ᠰᠠᠨᠠᠯ ᠢᠶᠡᠨ ᠰᠣᠯᠢᠯᠴᠠᠪᠠ ᠃

      ᠲᠢᠶᠠᠨ ᡁᠢ ᠭᠠᠩ ᠢᠯᠡᠳᠭᠡᠭᠰᠡᠨ ᠨᠢ ᠂ ᠲᠦᠩᠯᠢᠶᠣᠤ ᠬᠣᠲᠠ ᠂ ᠣᠨᠴᠠᠭᠠᠢᠯᠠᠨ ᠨᠠᠢᠮᠠᠨ ᠬᠣᠰᠢᠭᠤᠨ ‍ᠤ ᠨᠡᠶᠢᠭᠡᠮ ‍ᠦᠨ ᠲᠣᠭᠲᠠᠭᠤᠨ ‍ᠢ ᠬᠠᠮᠠᠭᠠᠯᠠᠬᠤ ᠂ ᠨᠡᠶᠢᠭᠡᠮ ‍ᠦᠨ ᠶᠡᠷᠦᠩᠬᠡᠶᠢᠯᠡᠭᠰᠡᠨ ᠵᠠᠰᠠᠯᠲᠠ ᠶ᠋ᠢ ᠴᠢᠩᠭᠠᠳᠬᠠᠬᠤ ᠂ ᠵᠥᠷᠢᠴᠡᠯ ᠵᠢᠭᠣᠷᠠᠯᠳᠣᠭᠠᠨ ‍ᠢ ᠣᠯᠠᠨ ᠡᠰᠢᠵᠢᠬᠦᠯᠦᠨ ᠰᠢᠢᠳᠪᠦᠷᠢᠯᠡᠬᠦ ᠵᠡᠷᠭᠡ ᠲᠠᠯ᠎ᠠ ᠪᠠᠷ ᠯᠠᠪᠳᠠᠭᠤᠨ ᠪᠠᠳᠠᠳᠠᠢ ᠨᠠᠷᠢᠨ ᠨᠢᠮᠪᠠᠶ ᠪᠥᠭᠡᠳ ᠦᠷ᠎ᠡ ᠪᠦᠲᠦᠮᠵᠢ ᠰᠠᠶᠢᠲᠠᠶ ᠠᠵᠢᠯ ᠬᠢᠵᠦ ᠂ ᠮᠠᠰᠢ ᠣᠯᠠᠨ ᠰᠤᠷᠤᠯᠴᠠᠭᠤᠰᠢᠲᠠᠢ ᠪᠥᠭᠡᠳ ᠲᠣᠯᠢ ᠪᠣᠯᠭᠠᠵᠤ ᠪᠣᠯᠬᠣ ᠳᠣᠷᠰᠢᠯᠭ᠎ᠠ ᠪᠠᠶᠢᠨ᠎ᠠ ᠭᠡᠵᠡᠢ ᠃

       ᠸᠠᠩ ᠰᠢᠶᠣᠤ ᠢ ᠢᠯᠡᠳᠭᠡᠭᠰᠡᠨ ᠨᠢ ᠂ ᠲᠣᠰ ᠤᠳᠠᠭ᠎ᠠ ᠶ᠋ᠢᠨ ᠪᠠᠶᠢᠴᠠᠭᠠᠨ ᠰᠣᠯᠢᠯᠴᠠᠬᠤ ᠠᠵᠢᠯᠯᠠᠭ᠎ᠠ ᠪᠠᠷ ᠳᠠᠮᠵᠢᠨ ᠂ ᠲᠦᠩᠯᠢᠶᠣᠤ ᠬᠣᠲᠠ ᠪᠣᠯᠤᠨ ᠬᠦᠬᠡᠬᠣᠳᠠ ᠨᠥᠬᠥᠷᠯᠡᠯ ᠂ ᠬᠠᠮᠲᠤᠷᠠᠯᠴᠠᠭ᠎ᠠ ᠂ ᠬᠠᠮᠲᠤ ᠪᠠᠷ ᠤᠷᠤᠭᠰᠢᠯᠠᠬᠤ ᠬᠥᠭᠥᠷᠭᠡ ᠪᠣᠰᠬᠠᠵᠤ ᠂ ᠬᠣᠶᠢᠰᠢᠳᠠ ᠶ᠋ᠢᠨ ᠬᠠᠷᠢᠯᠴᠠᠨ ᠰᠤᠷᠤᠯᠴᠠᠵᠤ ᠂ ᠳᠣᠷᠰᠢᠯᠭ᠎ᠠ ᠰᠣᠯᠢᠯᠴᠠᠨ ᠂ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ‍ᠤᠨ ᠬᠢᠷᠢ ᠲᠦᠪᠰᠢᠨ ‍ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳ᠋ᠦ ᠰᠠᠶᠢᠨ ᠰᠠᠶᠢᠬᠠᠨ ᠲᠠᠪᠴᠠᠩ ᠬᠠᠩᠭᠠᠭᠰᠠᠨ ᠪᠠᠶᠢᠨ᠎ᠠ ᠭᠡᠵᠡᠢ ᠃ ᠡᠭᠦᠨ ‍ᠦ ᠬᠠᠮᠲᠤ ᠂ ᠡᠬᠢ ᠪᠠᠶᠠᠯᠢᠭ ‍ᠢ ᠬᠠᠮᠲᠤᠪᠠᠷ ᠡᠳ᠋ᠯᠡᠬᠦ ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠲᠡᠬᠦ ᠬᠠᠷᠠᠯᠲᠠ ᠶ᠋ᠢ ᠪᠠᠷᠢᠮᠲᠠᠯᠠᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠡᠯ᠎ᠡ ᠬᠦᠷᠢᠶᠡᠨ ᠳ᠋ᠦ ᠬᠠᠶᠢᠨ ᠰᠦᠪᠡᠭᠴᠢᠯᠡᠯᠲᠡ ᠬᠢᠵᠦ ᠰᠣᠯᠢᠯᠴᠠᠬᠣ ᠪᠠ ᠤᠷᠲᠤ ᠬᠤᠭᠤᠴᠠᠭᠠᠨ ‍ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠡᠯ᠎ᠡ ᠵᠦᠢᠯ ‍ᠦᠨ ᠠᠵᠢᠯ ‍ᠤᠨ ᠲᠦᠷᠭᠡᠨ ᠳᠠᠪᠰᠢᠯᠲᠠ ᠵᠢ ᠠᠬᠢᠭᠣᠯᠬᠣ ᠬᠡᠷᠡᠭᠲᠡᠢ ᠭᠡᠰᠡᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ