ᠬᠣᠰᠢᠭᠣᠨ ᠤ ᠨᠠᠮ ‍ᠤᠨ ᠬᠣᠷᠢᠶ᠎ᠠ 《 ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠨ ᠂ ᠰᠢᠨ᠎ᠡ ᠬᠥᠭᠵᠢᠯᠲᠡ ᠶ᠋ᠢᠨ ᠣᠶᠢᠯᠠᠭᠠᠭᠳᠠᠬᠤᠨ ‍ᠢ ᠪᠠᠲᠤᠲᠠᠶ ᠦᠶ᠋ᠯᠡᠳᠦᠯᠭᠡᠵᠢᠭᠦᠯᠵᠦ ᠂ ᠴᠢᠨᠠᠷ ᠰᠠᠶᠢᠲᠠᠶ ᠬᠥᠭᠵᠢᠯᠲᠡ ᠶ᠋ᠢ ᠠᠬᠢᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ 》 ᠵᠢᠨ ᠲᠤᠰᠬᠠᠶ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠶᠠᠪᠣᠭᠳᠠᠭᠣᠯᠣᠭᠰᠠᠨ

ᠣᠩᠰᠢᠭᠰᠠᠨ ᠤᠳᠠᠭ᠎ᠠ ᠄ 1363     ᠨᠡᠶᠢᠳᠡᠯᠡᠭᠰᠡᠨ ᠴᠠᠭ ᠄ 2019/7/11 16:16:02


         7 ᠳ᠋ᠣᠭᠠᠷ ᠰᠠᠷ᠎ᠠ ᠶ᠋ᠢᠨ 5 ‍ᠦ ᠡᠳᠦᠷ ᠂ ᠬᠣᠰᠢᠭᠤᠨ ‍ᠤ ᠨᠠᠮ ‍ᠤᠨ ᠬᠣᠷᠢᠶ᠎ᠠ ᠡᠴᠠ 《 ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠨ ᠂ ᠰᠢᠨ᠎ᠡ ᠬᠥᠭᠵᠢᠯᠲᠡ ᠶ᠋ᠢᠨ ᠣᠶᠢᠯᠠᠭᠠᠭᠳᠠᠬᠤᠨ ‍ᠢ ᠪᠠᠲᠤᠲᠠᠶ ᠦᠢᠯᠡᠳᠦᠯᠭᠡᠵᠢᠭᠦᠯᠵᠦ ᠂ ᠴᠢᠨᠠᠷ ᠰᠠᠶᠢᠲᠠᠶ ᠬᠥᠭᠵᠢᠯᠲᠡ ᠶ᠋ᠢ ᠠᠬᠢᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ 》 ᠶ᠋ᠢᠨ ᠲᠤᠰᠬᠠᠶ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠵᠢᠴᠢ ᠬᠣᠰᠢᠭᠣᠨ ᠤ ᠨᠠᠮ ‍ᠤᠨ ᠬᠣᠷᠢᠶᠠᠨ ‍ᠤ ᠤᠨᠤᠯ ᠰᠤᠷᠤᠯᠴᠠᠬᠤ ᠭᠣᠤᠯ ᠳᠣᠭᠣᠶᠢᠯᠠᠩ ‍ᠤᠨ 2019 ᠣᠨ ᠤ 7 ᠳ᠋ᠤᠭᠠᠷ ᠤᠳᠠᠭ᠎ᠠ ᠶ᠋ᠢᠨ ᠬᠠᠮᠲᠤ ᠶ᠋ᠢᠨ ( ᠥᠷᠭᠡᠳᠬᠡᠭᠰᠡᠨ ) ᠰᠤᠷᠤᠯᠴᠠᠯᠭ᠎ᠠ ᠶ᠋ᠢᠨ ᠬᠤᠷᠠᠯ ‍ᠢ ᠶᠠᠪᠣᠭᠳᠠᠭᠣᠯᠣᠭᠰᠠᠨ ᠪᠠᠶᠢᠨ᠎ᠠ ᠃

         ᠬᠤᠷᠠᠯ ᠳᠡᠭᠡᠷ᠎ᠡ ᠂ ᠰᠢ ᠶ᠋ᠢᠨ ᠫᠢᠩ ‍ᠦᠨ ᠮᠣᠵᠢ ᠶ᠋ᠢᠨ ᠲᠡᠰ ‍ᠤᠨ ᠭᠣᠤᠯ ᠤᠳᠤᠷᠢᠳᠬᠤ ᠺᠠᠳ᠋ᠷ ‍ᠤᠨ ᠬᠣᠷᠢᠭ᠎ᠠ ᠱᠤᠭᠤᠮ ‍ᠤᠨ ᠰᠡᠳᠬᠢᠬᠦᠶ ᠶ᠋ᠢ ᠪᠠᠷᠢᠮᠲᠠᠯᠠᠵᠤ ᠂ ᠬᠦᠨᠳᠦ ᠶᠡᠬᠡ ᠠᠶᠤᠯ ᠲᠦᠭᠰᠢᠭᠦᠷᠢ ᠶ᠋ᠢ ᠰᠡᠷᠭᠡᠶᠢᠯᠡᠨ ᠠᠷᠢᠯᠭᠠᠬᠤ ᠲᠤᠰᠬᠠᠶ ᠰᠡᠳᠦᠪᠲᠦ ᠰᠣᠳᠣᠯᠣᠨ ᠶᠠᠷᠢᠯᠴᠠᠬᠣ ᠬᠣᠷᠠᠯ ᠳᠡᠭᠡᠷᠡᠬᠢ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠶ᠋ᠢ ᠳᠠᠮᠵᠢᠭᠣᠯᠣᠨ ᠰᠤᠷᠤᠯᠴᠠᠵᠤ ᠂ ᠲᠢᠶᠠᠨᠵᠢᠨ ᠶᠡᠬᠡ ᠰᠤᠷᠭᠠᠭᠤᠯᠢ ᠶ᠋ᠢᠨ ᠪᠠᠷᠢᠯᠭ᠎ᠠ ᠶ᠋ᠢᠨ ᠰᠤᠷᠭᠠᠭᠤᠯᠢ ᠶ᠋ᠢᠨ ᠯᠢ ᠵᠢᠨ ᠯᠢ ᠫᠷᠤᠹᠸᠰᠰᠤᠷ ‍ᠢ ᠤᠷᠢᠵᠤ 《 ᠰᠢᠨ᠎ᠡ ᠴᠠᠭ ᠦᠶ᠎ᠡ ᠳ᠋ᠥ ᠤᠯᠤᠰ ᠤᠨ ᠨᠤᠲᠤᠭ ᠳᠡᠪᠢᠰᠬᠡᠷ ‍ᠦᠨ ᠣᠷᠣᠨ ᠵᠠᠶ ᠶ᠋ᠢᠨ ᠲᠥᠯᠥᠪᠵᠢᠭᠦᠯᠭᠡ ᠶ᠋ᠢᠨ ᠰᠢᠰᠲ᠋ᠧᠮ ‍ᠢ ᠪᠠᠶᠢᠭᠤᠯᠬᠤ ᠬᠠᠷᠠᠯᠲᠠ ᠠᠴᠢ ᠬᠣᠯᠪᠣᠭᠳᠠᠯ ᠵᠢᠴᠢ ᠠᠷᠭ᠎ᠠ ᠵᠠᠮ ‍ᠢ ᠶᠠᠷᠢᠯᠴᠠᠬᠣ 》 ᠪᠠᠷ ᠰᠡᠳᠦᠪᠯᠠᠵᠣ ᠲᠤᠰᠬᠠᠶ ᠰᠡᠳᠦᠪᠲᠦ ᠬᠠᠪᠰᠤᠷᠤᠨ ᠵᠢᠯᠣᠭᠣᠳᠤᠯᠭ᠎ᠠ ᠬᠢᠪᠡ ᠃

       ᠬᠤᠷᠠᠯ ᠡᠴᠠ ᠴᠢᠩᠭᠠᠳᠬᠠᠭᠰᠠᠨ ᠨᠢ ᠂ ᠪᠥᠬᠥ ᠬᠣᠰᠢᠭᠤᠨ ‍ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶ᠋ᠢᠨ ᠫᠢᠩ ᠶᠡᠷᠦᠩᠬᠡᠶ ᠱᠦᠵᠢ ᠶ᠋ᠢᠨ ᠴᠢᠬᠤᠯᠠ ᠶᠠᠷᠢᠶᠠᠨ ‍ᠤ ᠵᠣᠷᠢᠭ ᠰᠠᠨᠠᠭ᠎ᠠ ᠲᠠᠶ ᠨᠢᠭᠡᠳᠬᠡᠵᠦ ᠂ 《 ᠳᠥᠷᠪᠡᠨ ᠤᠬᠠᠮᠰᠠᠷ 》 ᠢᠶᠡᠨ ᠴᠢᠩᠭᠠᠳᠬᠠᠨ ᠂ 《 ᠳᠥᠷᠪᠡᠨ ᠢᠲᠡᠭᠡᠯ 》 ᠢᠶᠡᠨ ᠪᠠᠲᠤᠳᠬᠠᠵᠤ ᠂ 《 ᠬᠣᠶᠠᠷ ‍ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠵᠦ ᠂ ᠬᠣᠷᠢᠭ᠎ᠠ ᠱᠤᠭᠤᠮ ‍ᠤᠨ ᠰᠡᠳᠬᠢᠬᠦᠶ ᠶ᠋ᠢ ᠪᠠᠷᠢᠮᠲᠠᠯᠠᠨ ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠴᠥᠬᠥᠷᠡᠰᠢ ᠥᠬᠡᠶ ᠴᠢᠷᠮᠠᠶᠢᠨ ᠂ ᠮᠠᠨ ‍ᠤ ᠬᠣᠰᠢᠭᠤᠨ ‍ᠤ ᠪᠣᠳᠠᠲᠤ ᠪᠠᠶᠢᠳᠠᠯ ᠲᠠᠢ ᠣᠶᠠᠯᠳᠣᠭᠣᠯᠵᠣ ᠂ ᠬᠦᠨᠳᠦ ᠶᠡᠬᠡ ᠠᠶᠤᠯ ᠲᠦᠭᠰᠢᠭᠦᠷᠢ ᠶ᠋ᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶ᠋ᠢᠨ ᠳᠠᠶᠢᠯᠠᠯᠳᠤᠭᠠᠨ ‍ᠢ ᠡᠷᠡᠰ ᠰᠠᠶᠢᠲᠤᠷ ᠬᠢᠵᠦ ᠂ ᠬᠣᠰᠢᠭᠤᠨ ‍ᠤ ᠤᠯᠤᠰ ᠲᠥᠷᠥ ᠶ᠋ᠢᠨ ᠠᠮᠤᠷ ᠲᠦᠪᠰᠢᠨ ᠂ ᠠᠷᠠᠳ ᠲᠦᠮᠡᠨ ‍ᠦ ᠠᠮᠤᠷ ᠲᠣᠭᠲᠠᠭᠤᠨ ‍ᠢ ᠦᠨᠡᠨᠬᠦ ᠪᠠᠲᠤᠯᠠᠬᠤ ᠬᠡᠷᠡᠭᠲᠡᠶ ᠭᠡᠵᠡᠶ ᠃

       ᠬᠤᠷᠠᠯ ᠡᠴᠠ ᠵᠢᠭᠠᠵᠣ ᠭᠠᠷᠭᠠᠭᠰᠠᠨ ᠨᠢ ᠂ ᠲᠤᠰᠬᠠᠶ ᠰᠡᠳᠦᠪᠲᠦ ᠬᠠᠪᠰᠤᠷᠤᠨ ᠵᠢᠯᠣᠭᠣᠳᠤᠯᠭ᠎ᠠ ᠨᠢ ᠮᠠᠨ ‍ᠤ ᠬᠣᠰᠢᠭᠤᠨ ‍ᠤ ᠤᠯᠤᠰ ᠤᠨ ᠭᠠᠵᠠᠷ ᠰᠢᠷᠣᠶ ᠶ᠋ᠢᠨ ᠣᠷᠣᠨ ᠵᠠᠶ ᠶ᠋ᠢᠨ ᠲᠥᠯᠥᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠳ᠋ᠥ ᠡᠷᠬᠢᠮ ᠨᠠᠨᠳᠢᠨ ᠵᠢᠯᠣᠭᠣᠳᠤᠯᠭ᠎ᠠ ᠬᠠᠩᠭᠠᠭᠰᠠᠨ ᠪᠠᠶᠢᠨ᠎ᠠ ᠃ ᠮᠠᠨ ‍ᠤ ᠬᠣᠰᠢᠭᠤ ᠤᠯᠤᠰ ᠤᠨ ᠭᠠᠵᠠᠷ ᠰᠢᠷᠣᠢ ᠶ᠋ᠢᠨ ᠣᠷᠣᠨ ᠵᠠᠢ ᠶ᠋ᠢᠨ ᠲᠥᠯᠥᠪᠵᠢᠭᠦᠯᠭᠡ ᠶ᠋ᠢ ᠨᠠᠶᠢᠷᠠᠭᠤᠯᠤᠨ ᠵᠣᠬᠢᠶᠠᠬᠤ ᠪᠠᠷ ᠠᠵᠠ ᠲᠣᠬᠢᠶᠠᠯ ᠪᠣᠯᠭᠠᠵᠤ ᠂ ᠪᠣᠳᠠᠲᠠᠢ ᠲᠠᠢ ᠤᠶᠠᠯᠳᠤᠭᠤᠯᠤᠨ ᠂ ᠪᠦᠬᠦ ᠲᠠᠯ᠎ᠠ ᠡᠴᠠ ᠪᠣᠳᠣᠯᠬᠢᠯᠠᠵᠤ ᠂ ᠰᠡᠳᠬᠢᠴᠡ ᠪᠡᠨ ᠪᠦᠬᠦ ᠲᠠᠯ᠎ᠠ ᠪᠠᠷ ᠥᠷᠭᠡᠳᠬᠡᠨ ᠂ ᠠᠵᠢᠯ ᠢᠶᠡᠨ ᠡᠮᠦᠨ᠎ᠡ ᠨᠢ ᠬᠢᠵᠦ ᠂ ᠮᠠᠨ ‍ᠤ ᠬᠣᠰᠢᠭᠤᠨ ‍ᠤ ᠣᠷᠣᠰᠢᠨ ᠲᠣᠭᠲᠠᠨᠢᠬᠤ ᠪᠠ ᠬᠥᠭᠵᠢᠬᠦ ᠣᠷᠣᠨ ᠵᠠᠢ ᠶ᠋ᠢ ᠵᠣᠬᠢᠰᠲᠠᠢ ᠲᠥᠯᠥᠪᠵᠢᠭᠦᠯᠦᠨ ᠂ ᠪᠦᠬᠦ ᠬᠣᠰᠢᠭᠤᠨ ‍ᠤ ᠲᠥᠯᠥᠪᠵᠢᠭᠦᠯᠭᠡ ᠶ᠋ᠢᠨ ᠠᠵᠢᠯ ‍ᠢ ᠰᠠᠶᠢᠲᠤᠷ ᠬᠢᠬᠦ ᠪᠣᠯᠣᠨ᠎ᠠ ᠬᠡᠵᠡᠢ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ