ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠠᠷᠪᠠᠳᠤᠭᠠᠷ ᠬᠤᠭᠤᠴᠠᠭᠠᠨ ‍ᠤ ᠬᠣᠷᠢᠶ᠎ᠠ ᠶ᠋ᠢᠨ ᠪᠠᠶᠢᠩᠭᠤ ᠶ᠋ᠢᠨ ᠬᠣᠷᠢᠶ᠎ᠠ ᠶ᠋ᠢᠨ ᠶᠢᠰᠦᠳᠦᠬᠡᠷ ᠣᠳᠠᠭᠠᠨ ᠤ ᠬᠤᠷᠠᠯ ᠶᠠᠪᠣᠭᠳᠠᠭᠰᠠᠨ

ᠣᠩᠰᠢᠭᠰᠠᠨ ᠤᠳᠠᠭ᠎ᠠ ᠄ 5646     ᠨᠡᠶᠢᠳᠡᠯᠡᠭᠰᠡᠨ ᠴᠠᠭ ᠄ 2019/7/15 9:14:27


        7 ᠳ᠋ᠣᠭᠠᠷ ᠰᠠᠷ᠎ᠠ ᠶ᠋ᠢᠨ 11 ‍ᠦ ᠦᠳᠡ ᠡᠮᠦᠨ᠎ᠡ ᠂ ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠠᠷᠪᠠᠳᠤᠭᠠᠷ ᠬᠤᠭᠤᠴᠠᠭᠠᠨ ‍ᠤ ᠬᠣᠷᠢᠶ᠎ᠠ ᠶ᠋ᠢᠨ ᠪᠠᠶᠢᠩᠭᠤ ᠶ᠋ᠢᠨ ᠬᠣᠷᠢᠶ᠎ᠠ ᠶ᠋ᠢᠨ ᠶᠢᠰᠦᠳᠦᠬᠡᠷ ᠣᠳᠠᠭᠠᠨ ᠤ ᠬᠤᠷᠠᠯ ᠬᠤᠷᠠᠯᠳᠤᠵᠤ ᠂ ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠳᠡᠳ᠋ ᠲᠡᠷᠢᠭᠦᠯᠡᠭᠴᠢ ᠰᠢ ᠡᠷᠬᠢᠮᠪᠠᠶᠠᠷ ᠂ ᠯᠢ ᠬᠠᠷᠠᠪᠠᠷᠰ ᠂ ᠯᠢ ᠸᠠᠨ ᠢᠦᠢ ᠬᠤᠷᠠᠯ ᠳ᠋ᠤ ᠰᠠᠭᠠᠳᠠᠭᠰᠠᠨ ᠪᠠᠶᠢᠨ᠎ᠠ ᠃
        ᠬᠤᠷᠠᠯ ᠡᠴᠠ ᠬᠣᠯᠪᠣᠭᠳᠠᠯ ᠪᠦᠬᠦᠢ ᠠᠵᠢᠯᠲᠠᠨ ‍ᠤ ᠶᠠᠪᠤᠳᠠᠯ ‍ᠢ ᠵᠥᠪᠯᠡᠨ ᠪᠠᠲᠤᠯᠠᠵᠤ ᠂ ᠬᠣᠰᠢᠭᠣᠨ ᠤ ᠠᠷᠠᠳ ‍ᠤᠨ ᠰᠢᠭᠦᠬᠦ ᠬᠣᠷᠢᠶ᠎ᠠ ᠂ ᠬᠣᠰᠢᠭᠣᠨ ᠤ ᠠᠷᠠᠳ ‍ᠤᠨ ᠪᠠᠶᠢᠴᠠᠭᠠᠬᠤ ᠬᠣᠷᠢᠶ᠎ᠠ ᠂ ᠬᠣᠰᠢᠭᠣᠨ ᠤ ᠤᠯᠤᠰ ᠲᠥᠷᠥ ᠶ᠋ᠢᠨ ᠵᠥᠪᠯᠡᠯᠭᠡᠨ ‍ᠦ ᠠᠵᠢᠯ ‍ᠤᠨ ᠪᠠᠶᠢᠳᠠᠯ ‍ᠤᠨ ᠲᠤᠬᠠᠶ ᠮᠡᠳᠡᠭᠦᠯᠦᠯᠳᠡ ᠵᠢ ᠲᠤᠰ ᠲᠤᠰ ᠰᠣᠨᠣᠰᠴᠤ ᠂ ᠰᠢ ᠶ᠋ᠢᠨ ᠫᠢᠩ ᠶᠡᠷᠦᠩᠬᠡᠶ ᠱᠦᠵᠢ ᠶ᠋ᠢᠨ ᠠᠷᠪᠠ ᠶᠢᠰᠦᠳᠦᠭᠡᠷ ᠬᠤᠭᠤᠴᠠᠭᠠᠨ ‍ᠤ ᠲᠥᠪ ᠬᠣᠷᠢᠶᠠᠨ ‍ᠤ ᠤᠯᠤᠰ ᠲᠥᠷᠥ ᠶ᠋ᠢᠨ ᠲᠣᠪᠴᠢᠶᠠᠨ ‍ᠤ ᠨᠠᠢᠮᠠᠳᠣᠭᠠᠷ ᠣᠳᠠᠭᠠᠨ ᠤ ᠬᠠᠮᠲᠤ ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶ᠋ᠢ ᠰᠤᠷᠤᠯᠴᠠᠭᠰᠠᠨ ᠪᠥᠭᠡᠳ ᠨᠠᠶ᠋ᠮᠠᠨ ᠬᠣᠰᠢᠭᠤᠨ ‍ᠤ ᠦᠨᠳᠦᠰᠦᠲᠡᠨ ‍ᠦ ᠰᠤᠷᠭᠠᠨ ᠬᠥᠮᠦᠵᠢᠯ ‍ᠦᠨ ᠬᠥᠭᠵᠢᠯᠲᠡ ᠶ᠋ᠢᠨ ᠪᠠᠶᠢᠳᠠᠯ ‍ᠤᠨ ᠲᠤᠬᠠᠶ ᠪᠠᠶᠢᠴᠠᠭᠠᠨ ᠦᠵᠡᠭᠰᠡᠨ ᠮᠡᠳᠡᠭᠦᠯᠦᠯᠲᠡ ᠶ᠋ᠢ ᠬᠢᠨᠠᠨ ᠵᠦᠪᠯᠡᠵᠦ ᠂ ᠰᠢ ᠡᠷᠬᠢᠮᠪᠠᠶᠠᠷ ᠡᠴᠠ ᠳᠣᠤᠷ᠎ᠠ ᠬᠠᠭᠠᠰ ᠵᠢᠯ ‍ᠦᠨ ᠬᠣᠰᠢᠭᠤᠨ ‍ᠤ ᠤᠯᠤᠰ ᠲᠥᠷᠥ ᠶ᠋ᠢᠨ ᠵᠥᠪᠯᠡᠯᠭᠡᠨ ‍ᠦ ᠭᠣᠤᠯ ᠠᠵᠢᠯ ᠳ᠋ᠥ ᠲᠣᠬᠢᠷᠠᠭᠣᠯᠣᠯᠳᠠ ᠬᠢᠭᠰᠡᠨ ᠪᠠᠶᠢᠨ᠎ᠠ ᠃

    ᠰᠢ ᠡᠷᠬᠢᠮᠪᠠᠶᠠᠷ ᠴᠢᠩᠭᠠᠳᠬᠠᠭᠰᠠᠨ ᠨᠢ ᠄ ᠡᠨᠡ ᠵᠢᠯ ᠪᠣᠯ ᠰᠢᠨ᠎ᠡ ᠳᠤᠮᠳᠠᠳᠤ ᠤᠯᠤᠰ  ᠪᠠᠶᠢᠭᠣᠯᠣᠭᠳᠠᠭᠰᠠᠨ 70 ᠵᠢᠯ ‍ᠦᠨ ᠣᠢ ᠂ ᠮᠥᠨᠴᠦ ᠠᠷᠠᠳ ‍ᠤᠨ ᠤᠯᠤᠰ ᠲᠥᠷᠦ ᠶ᠋ᠢᠨ ᠵᠥᠪᠯᠡᠯᠭᠡᠨ ᠪᠠᠶᠢᠭᠣᠯᠣᠭᠳᠠᠭᠰᠠᠨ 70 ᠵᠢᠯ ‍ᠦᠨ ᠣᠢ ᠪᠠᠶᠢᠵᠣ ᠂ ᠬᠣᠰᠢᠭᠣᠨ ᠤ ᠨᠠᠮ ‍ᠤᠨ ᠬᠣᠷᠢᠶᠠᠨ ‍ᠤ ᠨᠢᠭᠡᠳᠦᠯᠲᠡᠶ ᠳᠣᠬᠢᠷᠠᠭᠣᠯᠣᠯᠳᠠ ᠶᠣᠰᠣᠭᠠᠷ ᠂ ᠪᠠᠶᠢᠩᠭᠤ ᠶ᠋ᠢᠨ ᠬᠣᠷᠢᠶᠠᠨ ‍ᠤ ᠲᠣᠰ ᠪᠡᠶ᠎ᠡ ᠶ᠋ᠢᠨ ᠪᠠᠶᠢᠭᠤᠯᠤᠯᠲᠠ ᠶ᠋ᠢ ᠦᠷᠭᠦᠯᠵᠢᠯᠡᠨ ᠴᠢᠩᠭᠠᠳᠬᠠᠵᠤ ᠂ ᠪᠦᠬᠦᠶᠢᠯᠡ ᠴᠣᠭᠴᠠ ᠶ᠋ᠢᠨ ᠵᠣᠭᠰᠣᠴᠠ ᠪᠠᠨ ᠲᠡᠭᠡᠭᠰᠢᠯᠡᠭᠦᠯᠦᠨ ᠂ ᠡᠯ᠎ᠡ ᠤᠯᠤᠰ ᠲᠥᠷᠦ ᠶ᠋ᠢᠨ ᠵᠥᠪᠯᠡᠯᠭᠡᠨ ‍ᠦ ᠭᠡᠰᠢᠭᠦᠳ ᠢᠳᠡᠪᠬᠢᠲᠡᠢ ᠰᠠᠨᠠᠯ ᠰᠠᠨᠠᠭᠣᠯᠭ᠎ᠠ ᠲᠡᠪᠰᠢᠭᠦᠯᠵᠣ ᠂ ᠨᠡᠶᠢᠭᠡᠮ ᠳ᠋ᠦ ᠨᠠᠩ ᠰᠠᠶᠢᠨ ᠦᠶ᠋ᠯᠡᠴᠢᠯᠡᠬᠦ ᠬᠡᠷᠡᠭᠲᠡᠶ ᠃ ᠳᠣᠤᠷ᠎ᠠ ᠬᠠᠭᠠᠰ ᠵᠢᠯ ‍ᠦᠨ ᠡᠯ᠎ᠡ ᠵᠦᠶ᠋ᠯ ‍ᠦᠨ ᠠᠵᠢᠯ ‍ᠤᠨ ᠪᠦᠲᠦᠮᠵᠢᠲᠡᠶ ᠵᠣᠯᠭᠠᠯᠲᠠ ᠶ᠋ᠢ ᠰᠠᠶᠢᠲᠤᠷ ᠬᠢᠵᠦ ᠂ ᠰᠢᠨ᠎ᠡ ᠴᠠᠭ ᠦᠶ᠎ᠡ ᠶ᠋ᠢᠨ ᠠᠷᠠᠳ ‍ᠤᠨ ᠤᠯᠤᠰ ᠲᠥᠷᠦ ᠶ᠋ᠢᠨ ᠵᠥᠪᠯᠡᠯᠭᠡᠨ ‍ᠦ ᠰᠢᠨ᠎ᠡ ᠣᠷᠣᠨ ᠪᠠᠶᠢᠷᠢ ᠂ ᠰᠢᠨ᠎ᠡ ᠡᠭᠦᠷᠭᠡ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ ᠂ ᠤᠯᠤᠰ ᠲᠥᠷᠦ ᠶ᠋ᠢᠨ ᠵᠥᠪᠯᠡᠯᠭᠡᠨ ‍ᠦ ᠠᠵᠢᠯ ‍ᠤᠨ ᠶᠠᠰᠤ ᠴᠢᠨᠠᠷ ‍ᠢ ᠳᠡᠭᠡᠭᠰᠢᠯᠡᠭᠦᠯᠦᠨ ᠂ ᠴᠢᠨᠠᠷ ᠰᠠᠶᠢᠲᠠᠶ ᠬᠥᠭᠵᠢᠯᠲᠡ ᠶ᠋ᠢ ᠤᠯᠠᠮ ᠨᠢᠭᠡ ᠠᠯᠬᠤᠮ ᠲᠦᠯᠬᠢᠨ ᠠᠬᠢᠭᠣᠯᠬᠣ ᠬᠡᠷᠡᠭᠲᠡᠢ ᠭᠡᠰᠡᠨ ᠪᠠᠶᠢᠨ᠎ᠠ

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ