ᠬᠣᠰᠢᠭᠣᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠳ᠋ᠦᠩ ᠮᠢᠩ ᠪᠠᠯᠭᠠᠰᠤᠨ ᠳ᠋ᠤ ᠭᠦᠨᠵᠡᠭᠡᠶᠢᠷᠡᠨ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠠᠵᠢᠯ ᠲᠤ ᠪᠠᠶᠢᠴᠠᠭᠠᠨ ᠰᠣᠳᠣᠯᠣᠯᠳᠠ ᠬᠢᠭᠰᠡᠨ

ᠣᠩᠰᠢᠭᠰᠠᠨ ᠤᠳᠠᠭ᠎ᠠ ᠄ 5164     ᠨᠡᠶᠢᠳᠡᠯᠡᠭᠰᠡᠨ ᠴᠠᠭ ᠄ 2019/7/19 11:37:49


       7 ᠳ᠋ᠣᠭᠠᠷ ᠰᠠᠷ᠎ᠠ ᠶ᠋ᠢᠨ 11 ‍ᠦ ᠡᠳᠦᠷ ᠂ ᠬᠣᠰᠢᠭᠣᠨ ‍ᠤ ᠨᠠᠮ ‍ᠤᠨ ᠬᠣᠷᠢᠶᠠᠨ ‍ᠤ ᠱᠦᠵᠢ ᠵᠠᠩ ᠬᠤᠸᠠ ᠳ᠋ᠦᠩ ᠮᠢᠩ ᠪᠠᠯᠭᠠᠰᠤᠨ ᠳ᠋ᠤ ᠭᠦᠨᠵᠡᠭᠡᠶᠢᠷᠡᠨ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠠᠵᠢᠯ ᠲᠤ ᠪᠠᠶᠢᠴᠠᠭᠠᠨ ᠰᠣᠳᠣᠯᠣᠯᠳᠠ ᠬᠢᠭᠰᠡᠨ ᠪᠠᠶᠢᠨ᠎ᠠ ᠃ ᠵᠠᠩ ᠬᠤᠸᠠ ᠤᠷᠢᠳ ᠬᠣᠵᠢᠳ ᠳ᠋ᠦᠩ ᠮᠢᠩ ᠲᠣᠰᠬᠣᠨ ‍ᠤ ᠹᠠᠨ ᠭᠦᠸᠧ ᠯᠢᠶᠠᠩ ‍ᠤᠨ ᠭᠡᠷ ᠪᠦᠯᠢ ᠪᠣᠯᠤᠨ ᠢᠩᠲᠦ ᠲᠣᠰᠬᠣᠨ ᠳ᠋ᠤ ᠭᠦᠨᠵᠡᠭᠡᠶᠢᠷᠡᠵᠦ ᠂ ᠶᠠᠳᠠᠭᠤ ᠬᠦᠴᠢᠷᠳᠡᠯᠲᠡᠶ ᠡᠷᠦᠬᠡ ᠶ᠋ᠢᠨ ᠦᠶ᠋ᠯᠡᠳᠪᠦᠷᠢᠯᠡᠯ ᠠᠮᠢᠳᠤᠷᠠᠯ ᠂ ᠶᠠᠳᠠᠭᠤ ᠶ᠋ᠢ ᠲᠡᠳᠬᠦᠬᠦ ᠲᠥᠷᠦ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠤᠭᠰᠠᠨ ᠪᠠ ᠪᠠᠯᠭᠠᠰᠤ ᠲᠣᠰᠬᠣᠨ ‍ᠤ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠵᠢ ᠨᠠᠶᠢᠳᠠᠪᠣᠷᠢᠵᠢᠭᠣᠯᠬᠣ ᠠᠵᠢᠯ ᠥᠷᠨᠢᠭᠦᠯᠦᠭᠰᠡᠨ ᠪᠠᠶᠢᠳᠠᠯ ‍ᠢ ᠨᠠᠷᠢᠨ ᠣᠶᠢᠯᠠᠭᠠᠵᠤ ᠂ ᠳ᠋ᠦᠩ ᠮᠢᠩ ᠪᠠᠯᠭᠠᠰᠤᠨ ᠳ᠋ᠤ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠲᠤᠯᠬᠤ ᠠᠵᠢᠯ ‍ᠤᠨ ᠰᠠᠭᠣᠳᠠᠯ ‍ᠤᠨ ᠬᠤᠷᠠᠯ ᠬᠤᠷᠠᠯᠳᠤᠭᠤᠯᠵᠤ ᠂ ᠪᠠᠯᠭᠠᠰᠣ ᠲᠣᠰᠬᠣᠨ ‍ᠤ ᠺᠠᠳ᠋ᠷ ᠪᠣᠯᠤᠨ ᠶᠠᠳᠠᠭᠤ ᠶ᠋ᠢ ᠲᠡᠳᠬᠦᠬᠦ ᠡᠮᠦᠨ᠎ᠡ ᠹᠷᠣᠨᠲ ‍ᠤᠨ ᠺᠠᠳ᠋ᠷᠴᠤᠳ ᠡᠴᠠ ᠰᠠᠨᠠᠯ ᠬᠣᠷᠢᠶᠠᠡᠡᠰᠠᠨ ᠪᠠᠶᠢᠨ᠎ᠠ ᠃
       ᠵᠠᠩ ᠬᠤᠸᠠ ᠴᠢᠡᠭᠭᠠᠳᠬᠠᠠᠰᠠᠨ ᠨᠢ ᠂ ᠰᠢ ᠶ᠋ᠢᠨ ᠫᠢᠩ ‍ᠦᠨ ᠶᠠᠳᠠᠭᠤ ᠶ᠋ᠢ ᠲᠡᠳᠬᠦᠵᠦ ᠨᠡᠭᠡᠭᠡᠨ ᠬᠥᠭᠵᠢᠭᠦᠯᠬᠦ ᠲᠤᠬᠠᠶ ᠴᠢᠬᠤᠯᠠ ᠥᠭᠦᠯᠡᠯᠲᠡ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠣᠣᠱᠠᠯᠠᠭᠣᠯᠵᠦ ᠂ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠪᠠᠳᠣ ᠡᠭᠦᠷᠭᠡᠯᠡᠵᠦ ᠂ 《 ᠬᠣᠶᠠᠷ ᠲᠤ ᠵᠣᠪᠠᠬᠤ ᠥᠬᠡᠶ ᠭᠤᠷᠪᠠ ᠶ᠋ᠢ ᠪᠠᠲᠤᠯᠠᠬᠤ 》 《 ᠪᠦᠬᠦᠨ ‍ᠢ ᠠᠷᠢᠯᠭᠠᠨ ᠪᠠᠷᠢᠮᠵᠢᠶ᠎ᠠ ᠳ᠋ᠤ ᠬᠦᠷᠭᠡᠬᠦ 》 ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠨᠠᠷᠢᠯᠢᠭ ᠨᠠᠶᠢᠳᠠᠪᠤᠷᠢᠵᠢᠭᠤᠯᠤᠨ ᠂ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠡᠯ᠎ᠡ ᠵᠦᠶ᠋ᠯ ‍ᠦᠨ ᠡᠭᠦᠷᠭᠡ ᠶ᠋ᠢ ᠴᠢᠨᠠᠷ ᠰᠠᠶᠢᠲᠠᠶ ᠪᠡᠶᠡᠯᠡᠭᠦᠯᠬᠦ ᠶ᠋ᠢ ᠦᠡᠨᠡᠬᠦ ᠪᠠᠲᠤᠯᠠᠬᠤ ᠬᠡᠷᠡᠭᠲᠡᠶ ᠃ ᠨᠢᠭᠡ ᠳ᠋ᠦ ᠂ ᠡᠯ᠎ᠡ ᠵᠦᠢᠯ ‍ᠦᠨ ᠲᠥᠷᠦ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠰᠠᠶᠢᠲᠤᠷ ᠨᠠᠶᠢᠳᠠᠪᠣᠷᠢᠵᠢᠭᠣᠯᠣᠨ ᠂ 《 ᠬᠣᠶᠠᠷ ᠲᠤ ᠵᠣᠪᠠᠬᠤ ᠦᠭᠡᠢ ᠭᠤᠷᠪᠠ ᠶ᠋ᠢ ᠪᠠᠲᠤᠯᠠᠬᠤ 》 ᠂ 《 ᠪᠦᠬᠦᠨ ‍ᠢ ᠠᠷᠢᠯᠭᠠᠨ ᠪᠠᠷᠢᠮᠵᠢᠶ᠎ᠠ ᠳ᠋ᠤ ᠬᠦᠷᠭᠡᠬᠦ 》 ᠲᠣᠪᠣᠢᠮ᠎ᠠ ᠠᠰᠠᠭᠤᠳᠠᠯ ᠳ᠋ᠤ ᠦᠷᠭᠦᠯᠵᠢᠯᠡᠨ ᠠᠩᠬᠠᠷᠤᠯ ᠢᠶᠡᠨ ᠲᠥᠪᠯᠡᠷᠡᠭᠦᠯᠵᠦ ᠂ ᠠᠰᠠᠭᠤᠳᠠᠯ ‍ᠢ ᠪᠠᠶᠢᠴᠠᠭᠠᠨ ᠵᠠᠳᠠᠯᠬᠣ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠢ ᠵᠡᠷᠭᠡᠪᠡᠷ ᠬᠦᠴᠦᠯᠡᠵᠦ ᠂ ᠲᠥᠷᠦ ᠶ᠋ᠢᠨ ᠪᠣᠳᠣᠯᠭ᠎ᠠ ᠶ᠋ᠢᠨ ᠨᠠᠶᠢᠳᠠᠪᠤᠷᠢᠵᠢᠭᠤᠯᠤᠯᠲᠠ ᠨᠠᠷᠢᠯᠢᠭ ᠣᠨᠣᠪᠴᠢᠲᠠᠶ ᠂ ᠶᠠᠳᠠᠭᠤ ᠬᠦᠴᠢᠷᠳᠡᠯᠲᠡᠶ ᠣᠯᠠᠨ ᠲᠦᠮᠡᠨ ‍ᠢ ᠲᠣᠭᠲᠠᠭᠤᠨ ᠶᠠᠳᠠᠭᠤ ᠡᠴᠠ ᠠᠡᠭᠭᠢᠵᠢᠷᠠᠭᠣᠯᠣᠨ ᠲᠠᠬᠢᠨ ᠶᠠᠳᠠᠭᠣᠷᠠᠬᠣ ᠦᠭᠡᠢ ᠪᠠᠶᠢᠬᠣ ᠶ᠋ᠢ ᠪᠠᠲᠤᠯᠠᠬᠤ ᠬᠡᠷᠡᠭᠲᠡᠶ ᠃ ᠬᠣᠶᠠᠷ ᠲᠣ ᠂ ᠣᠯᠠᠨ ᠵᠦᠶ᠋ᠯ ‍ᠦᠨ ᠠᠷᠭ᠎ᠠ ᠬᠡᠮᠵᠢᠶ᠎ᠡ ᠶ᠋ᠢ  ᠵᠡᠷᠭᠡᠪᠡᠷ ᠬᠡᠷᠡᠭᠯᠡᠨ ᠶᠠᠳᠠᠭᠤ ᠶ᠋ᠢ ᠲᠡᠳᠬᠦᠬᠦ ᠬᠦᠷᠢᠶᠡᠨ ᠳ᠋ᠡᠬᠢ ᠠᠶᠤᠯ ᠲᠦᠭᠰᠢᠭᠦᠷᠢ ᠶ᠋ᠢ ᠰᠡᠷᠭᠡᠶᠢᠯᠡᠨ ᠠᠷᠢᠯᠭᠠᠵᠤ ᠂ ᠶᠡᠬᠡ ᠲᠣᠭ᠎ᠠ ᠪᠠᠷᠢᠮᠳᠠ ᠶ᠋ᠢᠨ ᠲᠠᠪᠴᠠᠩ ᠪᠠ ᠮᠡᠳᠡᠭᠡ ᠵᠠᠩᠭᠢᠵᠢᠯᠲᠠ ᠶ᠋ᠢᠨ ᠠᠷᠭ᠎ᠠ ᠪᠠᠷᠢᠯ ‍ᠢ ᠭᠦᠶ᠋ᠴᠡᠳ ᠬᠡᠷᠡᠭᠯᠡᠨ ᠂ 《 ᠭᠤᠷᠪᠠᠨ ᠶᠠᠪᠤᠳᠠᠯ ‍ᠢ ᠢᠯᠡ ᠪᠣᠯᠭᠠᠬᠤ 》 ᠂ ᠲᠣᠭ᠎ᠠ ᠪᠠᠷᠢᠮᠲᠠ ᠶ᠋ᠢ ᠬᠠᠷᠢᠴᠠᠭᠤᠯᠤᠨ ᠵᠠᠳᠠᠯᠬᠤ ᠂ ᠲᠥᠷᠥ ᠶ᠋ᠢᠨ ᠪᠣᠳᠣᠯᠭ᠎ᠠ ᠶ᠋ᠢ ᠤᠬᠠᠭᠤᠯᠬᠤ ᠵᠡᠷᠭᠡ ᠠᠵᠢᠯ ‍ᠢ ᠰᠠᠶᠢᠲᠤᠷ ᠬᠢᠵᠦ ᠂ ᠠᠵᠢᠯ ‍ᠤᠨ ᠶᠠᠰᠤ ᠴᠢᠨᠠᠷ ᠦᠷ᠎ᠡ ᠪᠦᠲᠦᠮᠵᠢ ᠪᠠ ᠢᠯᠡ ᠲᠣᠳᠣ ᠶ᠋ᠢᠨ ᠬᠡᠮᠵᠢᠶ᠎ᠡ ᠶ᠋ᠢ ᠲᠠᠰᠤᠷᠠᠯᠲᠠ ᠥᠬᠡᠶ ᠳᠡᠭᠡᠭᠰᠢᠯᠡᠭᠦᠯᠦᠨ ᠂ ᠶᠠᠳᠠᠭᠤ ᠶ᠋ᠢ ᠲᠡᠳᠬᠦᠬᠦ ᠲᠥᠷᠥᠯ ᠵᠦᠢᠯ ‍ᠦᠨ ᠪᠠᠯᠠ ᠮᠥᠩᠭᠥ ᠶ᠋ᠢᠨ ᠬᠡᠷᠡᠭᠯᠡᠯᠲᠡ ᠪᠠ ᠠᠵᠢᠯ ᠶ᠋ᠢᠨ ᠦᠷ᠎ᠡ ᠪᠦᠲᠦᠮᠵᠢ ᠶ᠋ᠢᠨ ᠬᠠᠮᠢᠶᠠᠷᠤᠯᠲᠠ ᠂ ᠬᠤᠪᠢ ᠣᠷᠣᠭᠤᠯᠵᠤ ᠬᠠᠮᠲᠤᠷᠠᠯᠴᠠᠬᠤ ᠬᠡᠯᠡᠯᠴᠡᠭᠡᠷ ᠂ ᠬᠠᠭᠤᠴᠢᠨ ᠵᠢᠭᠡᠯᠡᠯᠭᠡ ᠶ᠋ᠢᠨ ᠬᠤᠭᠤᠴᠠᠭ᠎ᠠ ᠡᠴᠠ ᠬᠡᠳᠦᠷᠡᠬᠦ ᠂ ᠠᠷᠠᠳ ‍ᠤᠨ ᠥᠨᠳᠥᠷ ᠬᠦᠦ ᠲᠡᠶ ᠵᠢᠭᠡᠯᠡᠯᠭᠡ ᠂ ᠶᠠᠳᠠᠭᠤ ᠡᠴᠠ ᠠᠩᠭᠢᠵᠢᠷᠠᠭᠰᠠᠨ ᠡᠷᠦᠬᠡ ᠶ᠋ᠢᠨ ᠳᠠᠬᠢᠨ ᠶᠠᠳᠠᠭᠣᠷᠠᠬᠣ ᠵᠡᠷᠭᠡ ᠲᠠᠯ᠎ᠠ ᠶ᠋ᠢᠨ ᠠᠶᠤᠯ ᠲᠦᠭᠰᠢᠭᠦᠷᠢ ᠶ᠋ᠢᠨ ᠳᠠᠯᠳᠠ ᠬᠡᠮ ‍ᠢ ᠵᠢᠭᠰᠠᠭᠠᠨ ᠪᠠᠶᠢᠴᠠᠭᠠᠬᠤ ᠶ᠋ᠢ ᠴᠢᠩᠭᠠᠳᠬᠠᠵᠤ ᠂ ᠣᠷᠣᠰᠢᠵᠤ ᠪᠠᠶᠢᠭ᠎ᠠ ᠠᠰᠠᠭᠤᠳᠠᠯ ‍ᠢ ᠡᠷᠲᠡ ᠢᠯᠡᠷᠡᠭᠦᠯᠵᠦ ᠂ ᠡᠷᠳᠡ ᠰᠢᠢᠳᠪᠦᠷᠢᠯᠡᠨ ᠂ ᠶᠠᠳᠠᠭᠤ ᠶ᠋ᠢ ᠲᠡᠳᠬᠦᠵᠦ ᠶᠠᠳᠠᠭᠤ ᠡᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶ᠋ᠢᠨ ᠡᠯ᠎ᠡ ᠵᠦᠶ᠋ᠯ ‍ᠦᠨ ᠰᠢᠯᠭᠠᠯᠲᠠ ᠶ᠋ᠢ ᠳᠠᠭᠠᠭᠠᠵᠤ ᠳᠡᠶᠢᠯᠬᠦ ᠶ᠋ᠢ ᠦᠨᠡᠨᠬᠦ  ᠪᠠᠳᠣᠯᠬᠣ ᠬᠡᠷᠡᠭᠳᠡᠢ ᠃ ᠭᠣᠷᠪᠠ ᠳ᠋ᠣ  ᠂ ᠨᠠᠮ ‍ᠤᠨ ᠪᠠᠶᠢᠭᠤᠯᠤᠯᠲᠠ ᠶ᠋ᠢ ᠠᠳᠬᠤᠵᠤ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠠᠵᠢᠯ ‍ᠢ ᠪᠦᠬᠦ ᠲᠠᠯ᠎ᠠ ᠪᠠᠷ ᠭᠦᠨᠵᠡᠭᠡᠶ ᠠᠬᠢᠭᠤᠯᠵᠤ ᠂ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠤᠯ ᠰᠡᠳᠦᠪᠲᠦ ᠬᠥᠮᠦᠵᠢᠯ ‍ᠢ ᠥᠷᠨᠢᠭᠦᠯᠬᠦ ᠲᠡᠶ ᠤᠶᠠᠯᠳᠤᠭᠤᠯᠵᠤ ᠂ ᠨᠠᠮ ‍ᠤᠨ ᠵᠣᠬᠢᠶᠠᠨ ᠪᠠᠶᠢᠭᠤᠯᠤᠯᠲᠠ ᠶ᠋ᠢᠨ ᠱᠦᠵᠢ ᠶ᠋ᠢᠨ ᠨᠠᠮ ‍ᠤᠨ ᠪᠠᠶᠢᠭᠤᠯᠤᠯᠲᠠ ᠶ᠋ᠢ ᠠᠳᠬᠤᠬᠤ ᠂ ᠪᠠᠭ ‍ᠢ ᠠᠳᠬᠤᠬᠤ ᠂ ᠡᠩᠨᠡᠭᠡ ᠶ᠋ᠢ ᠳᠠᠭᠠᠭᠤᠯᠬᠤ ᠨᠢᠭᠡᠳᠦᠭᠡᠷ ᠬᠠᠷᠢᠭᠤᠴᠠᠯᠭ᠎ᠠ ᠶ᠋ᠢ ᠦᠨᠡᠨᠬᠦ ᠡᠭᠦᠷᠭᠡᠯᠡᠵᠦ ᠂ ᠡᠯ᠎ᠡ ᠲᠠᠯ᠎ᠠ ᠶ᠋ᠢᠨ ᠬᠦᠴᠦᠨ ‍ᠢ ᠨᠢᠭᠲᠠᠷᠠᠭᠤᠯᠵᠤ ᠂ ᠠᠯᠢᠪᠠ ᠡᠬᠢ ᠪᠠᠶᠠᠯᠢᠭ ‍ᠢ ᠳᠠᠶᠢᠴᠢᠯᠡᠨ ᠂ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠬᠠᠷᠢᠭᠤᠴᠠᠯᠭ᠎ᠠ ᠶ᠋ᠢ ᠨᠠᠶᠢᠳᠠᠪᠤᠷᠢᠵᠢᠭᠤᠯᠬᠤ ᠂ ᠲᠥᠷᠦ ᠶ᠋ᠢᠨ ᠪᠣᠳᠣᠯᠭ᠎ᠠ ᠶ᠋ᠢ ᠨᠠᠶᠢᠳᠠᠪᠤᠷᠢᠵᠢᠭᠤᠯᠬᠤ ᠂ ᠠᠵᠢᠯ ‍ᠢ ᠨᠠᠶᠢᠳᠠᠪᠤᠷᠢᠵᠢᠭᠤᠯᠬᠤ ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠃ ᠳᠥᠷᠪᠡ ᠳ᠋ᠦ ᠂ ᠶᠠᠳᠠᠭᠤ ᠡᠴᠠ ᠠᠡᠭᠭᠢᠵᠢᠷᠠᠭᠣᠯᠣᠨ ᠪᠣᠭᠣᠮᠳᠠ ᠰᠢᠪᠳᠣᠯᠬᠣ ᠪᠣᠯᠣᠨ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠠᠵᠢᠯ ‍ᠢ ᠪᠦᠲᠦᠮᠵᠢᠲᠡᠶ ᠰᠠᠶᠢᠲᠤᠷ ᠵᠣᠯᠭᠠᠭᠤᠯᠵᠤ ᠂ ᠨᠥᠬᠥᠴᠡᠯ ᠲᠡᠶ ᠂ ᠰᠠᠭᠤᠷᠢ ᠲᠠᠶ ᠭᠠᠴᠠᠭ᠎ᠠ ᠲᠣᠰᠬᠣᠨ ᠤ ᠤᠷᠢᠳᠠᠪᠠᠷ ᠨᠢᠭᠡ ᠠᠯᠬᠤᠮ ᠶᠠᠪᠤᠬᠤ ᠶ᠋ᠢ ᠵᠣᠷᠢᠭᠵᠢᠭᠤᠯᠤᠨ ᠳᠠᠮᠵᠢᠵᠤ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠪᠠᠶᠢᠯᠳᠤᠬᠤ ᠪᠣᠳᠣᠯᠭ᠎ᠠ ᠶ᠋ᠢ ᠬᠡᠷᠡᠭᠵᠢᠭᠦᠯᠬᠦ ᠶ᠋ᠢ ᠵᠢᠱᠢᠶ᠎ᠡ ᠦᠵᠡᠭᠦᠯᠦᠨ ᠠᠬᠢᠭᠤᠯᠵᠤ ᠂ ᠪᠠᠶᠢᠳᠠᠯ ᠳ᠋ᠤᠨᠢ ᠲᠤᠬᠢᠷᠠᠭᠤᠯᠤᠨ ᠳᠠᠶᠢᠴᠢᠯᠡᠨ ᠵᠢᠯᠣᠭᠣᠳᠴᠤ ᠂ ᠨᠠᠷᠢᠨ ᠨᠢᠮᠪᠠᠶ ᠲᠦᠯᠦᠪᠵᠢᠬᠦᠯᠦᠨ ᠂ ᠲᠠᠷᠢᠶᠠᠯᠠᠩ ᠮᠠᠯ ᠠᠵᠤ ᠠᠬᠤᠢ ᠶ᠋ᠢᠨ ᠣᠨᠴᠠᠯᠢᠭᠲᠤ ᠠᠵᠤ ᠦᠶ᠋ᠯᠡᠰ ‍ᠢ ᠪᠣᠶᠢᠵᠢᠭᠤᠯᠬᠤ ᠳᠤᠮᠳᠠ ᠶᠠᠳᠠᠭᠤ ᠬᠦᠴᠢᠷᠳᠡᠯᠲᠡᠶ ᠣᠯᠠᠨ ᠲᠦᠮᠡᠨ ‍ᠦ ᠶᠠᠳᠠᠭᠤ ᠡᠴᠠ ᠠᠩᠭᠢᠵᠢᠷᠠᠵᠤ ᠣᠷᠣᠯᠭ᠎ᠠ ᠪᠠᠨ ᠨᠡᠮᠡᠭᠳᠡᠭᠦᠯᠵᠦ  ᠦᠷᠭᠦᠯᠵᠢᠯᠡᠨ  ᠬᠦᠭᠵᠢᠬᠦ  ᠶ᠋ᠢ ᠴᠢᠷᠮᠠᠶᠢᠨ ᠠᠬᠢᠭᠤᠯᠬᠤ ᠬᠡᠷᠡᠭᠲᠡᠶ ᠭᠡᠵᠡᠢ ᠃

       ᠬᠣᠰᠢᠭᠤᠨ ‍ᠤ ᠠᠷᠠᠣᠨ ‍ᠤᠨ ᠵᠠᠰᠠᠭ ‍ᠤᠨ ᠣᠷᠳᠣᠨ ‍ᠤ ᠳᠡᠳ᠋ ᠬᠣᠰᠢᠭᠣᠨ ᠳᠠᠷᠤᠭ᠎ᠠ ᠪᠠᠳᠣ ᠂ ᠬᠠᠮᠢᠶ᠎ᠠ ᠪᠦᠬᠦᠢ ᠰᠠᠯᠠᠭ᠎ᠠ ᠮᠥᠴᠢᠷ ‍ᠦᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ ᠃

ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ