ᠬᠣᠰᠢᠭᠤᠨ ‍ᠤ ᠭᠣᠷᠪᠠᠨ ᠠᠵᠤ ᠦᠢᠯᠡᠰ ᠬᠣᠯᠪᠣᠭᠠᠯᠠᠨ ᠮᠣᠩᠭᠣᠯᠬᠢᠲᠠᠳ ᠡᠮ ᠡᠮᠨᠡᠯᠭᠡ ᠶ᠋ᠢᠨ ᠠᠵᠤ ᠦᠢᠯᠡᠰ ‍ᠦᠨ ᠬᠥᠭᠵᠢᠯᠲᠡ ᠶ᠋ᠢᠨ ᠬᠣᠰᠢᠭᠤᠴᠢ ᠴᠡᠷᠢᠭ ‍ᠢ ᠳᠠᠪᠲᠠᠨ ᠪᠣᠯᠪᠠᠰᠣᠷᠠᠭᠣᠯᠵᠣ ᠪᠠᠶᠢᠭ᠎ᠠ

ᠣᠩᠰᠢᠭᠰᠠᠨ ᠤᠳᠠᠭ᠎ᠠ ᠄ 3658     ᠨᠡᠶᠢᠳᠡᠯᠡᠭᠰᠡᠨ ᠴᠠᠭ ᠄ 2019/7/19 12:00:09

  
        ᠮᠠᠨ ‍ᠤ ᠬᠣᠰᠢᠭᠤ ᠠᠮᠢ ᠠᠬᠤᠢ ᠶ᠋ᠢᠨ ᠣᠯᠠᠨ ᠶᠠᠩᠵᠤᠲᠤ ᠴᠢᠨᠠᠷ ᠪᠠ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠡᠬᠢ ᠪᠠᠶᠠᠯᠢᠭ ᠤᠨ ᠳᠠᠪᠠᠭᠤᠯᠢᠭ ᠲᠠᠶ ᠤᠶᠠᠯᠳᠤᠭᠤᠯᠤᠨ ᠂ ᠵᠠᠮᠪᠠᠯᠳᠣᠷᠵᠢ ᠮᠣᠩᠭᠣᠯ ᠡᠮ ᠡᠮᠨᠡᠯᠭᠡ ᠶ᠋ᠢᠨ ᠤᠯᠠᠮᠵᠢᠯᠠᠯᠲᠤ ᠰᠣᠶᠣᠯ ᠢᠶᠠᠷ ᠲᠦᠰᠢᠭ ᠪᠣᠯᠭᠠᠵᠤ ᠂ ᠡᠷᠡᠭᠦᠯᠵᠢᠯ ᠰᠤᠪᠢᠯᠠᠯᠲᠠ ᠵᠢᠭᠤᠯᠴᠢᠯᠠᠯ ‍ᠢ ᠨᠢᠭᠡ ᠴᠣᠭᠴᠠᠵᠢᠭᠣᠯᠣᠨ ᠂ ᠢᠳᠡᠭᠡᠨ ᠡᠮ ‍ᠤᠨ ᠠᠳᠠᠯᠢ ᠢᠷᠡᠯᠲᠡ ᠲᠠᠢ ᠪᠠᠶᠢᠯᠭᠠᠬᠤ ᠶ᠋ᠢ ᠪᠠᠷᠢᠮᠳᠠᠯᠠᠵᠣ ᠂ ᠮᠣᠩᠭᠣᠯ ᠬᠢᠲᠠᠳ ᠡᠮ ᠡᠮᠨᠡᠯᠭᠡ ᠶ᠋ᠢ ᠣᠨᠴᠠᠯᠢᠭᠲᠤ ᠠᠵᠤ ᠠᠬᠤᠶ ᠂ ᠦᠨᠳᠦᠰᠦᠲᠡᠨ ‍ᠦ ᠡᠮ ᠡᠮᠨᠡᠯᠭᠡ ᠶ᠋ᠢᠨ ᠦᠢᠯᠡᠰ ᠂ ᠬᠥᠳᠡᠭᠡ ᠲᠣᠰᠬᠣᠨ ‍ᠢ ᠬᠦᠭᠵᠢᠬᠦᠯᠵᠦ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠣᠶᠣᠯ ᠵᠢᠭᠤᠯᠴᠢᠯᠠᠯ ᠳ᠋ᠤ ᠠᠭᠤᠰᠬᠠᠨ ᠣᠷᠣᠭᠤᠯᠵᠤ ᠂ ᠮᠣᠩᠭᠣᠯ ᠬᠢᠲᠠᠳ ᠡᠮ ᠡᠮᠨᠡᠯᠭᠡ ᠶ᠋ᠢᠨ ᠪᠥᠬᠥ ᠠᠵᠤ ᠦᠢᠯᠡᠰ ‍ᠦᠨ ᠬᠡᠯᠬᠢᠶ᠎ᠡ ᠶ᠋ᠢ ᠬᠦᠴᠦᠯᠡᠨ ᠪᠣᠶ ᠪᠣᠯᠭᠠᠵᠣ ᠪᠠᠶᠢᠨ᠎ᠠ ᠃

        ᠮᠠᠨ ᠤ ᠬᠣᠰᠢᠭᠣ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠪᠠᠷᠢᠮᠵᠢᠶᠠᠭᠰᠠᠨ ᠲᠠᠷᠢᠮᠠᠯ ᠬᠢᠭᠡᠳ ᠴᠢᠬᠢ ᠮᠣᠳᠣ ᠶ᠋ᠢ ᠦᠷᠡᠵᠢᠭᠦᠯᠦᠨ ᠪᠣᠶᠢᠵᠢᠭᠤᠯᠬᠤ ᠭᠣᠤᠯ ᠵᠢᠱᠢᠶ᠎ᠡ ᠦᠵᠡᠭᠦᠯᠬᠦ ᠲᠣᠭᠣᠷᠢᠭ ᠂ ᠴᠢᠬᠢ ᠮᠣᠳᠣ ᠪᠣᠶᠢᠵᠢᠭᠤᠯᠤᠨ ᠦᠷᠡᠵᠢᠭᠦᠯᠬᠦ ᠬᠢᠭᠡᠳ ᠬᠠᠩᠭᠠᠬᠤ ᠲᠥᠪ ‍ᠢ ᠪᠠᠶᠢᠭᠤᠯᠵᠤ ᠂ ᠪᠥᠬᠥ ᠬᠣᠰᠢᠭᠤᠨ ‍ᠤ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠲᠠᠷᠢᠮᠠᠯ ᠂ ᠲᠠᠷᠢᠶᠠᠨ ᠭᠠᠵᠠᠷ ‍ᠤᠨ ᠬᠠᠮᠢᠶᠠᠷᠤᠯᠲᠠ ᠂ ᠲᠡᠭᠦᠵᠦ ᠬᠣᠷᠢᠶᠠᠨ ᠬᠠᠳᠠᠭᠠᠯᠠᠬᠤ ᠮᠡᠷᠭᠡᠵᠢᠯ ‍ᠦᠨ ᠪᠠᠷᠢᠮᠵᠢᠶ᠎ᠠ ᠶ᠋ᠢᠨ ᠭᠠᠷ ᠳᠡᠪᠲᠡᠷ ‍ᠢ ᠨᠠᠶᠢᠷᠠᠭᠤᠯᠤᠨ ᠵᠣᠬᠢᠶᠠᠵᠤ ᠂ ᠲᠠᠷᠢᠮᠠᠯ ‍ᠤᠨ ᠲᠤᠰᠬᠠᠶ ᠬᠣᠷᠰᠢᠶᠠᠵᠢᠯ ᠤᠨ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠬᠤ ᠶ᠋ᠢ ᠰᠢᠨᠵᠢᠯᠡᠬᠦ ᠤᠬᠠᠭᠠᠨᠴᠢ ᠪᠠᠷ ᠵᠢᠯᠣᠭᠣᠳᠴᠤ ᠂ ᠬᠡᠪᠴᠢᠶᠡᠵᠢᠭᠰᠡᠨ ᠂ ᠵᠢᠷᠤᠮᠵᠢᠭᠰᠠᠨ ᠬᠢᠷᠢ ᠬᠡᠮᠵᠢᠶ᠎ᠡ ᠶ᠋ᠢ ᠳᠡᠭᠡᠭᠰᠢᠯᠡᠬᠦᠯᠵᠦ ᠪᠠᠶᠢᠨ᠎ᠠ ᠃ ᠲᠠᠷᠢᠶᠠᠯᠠᠬᠤ ᠶ᠋ᠢ ᠵᠣᠭᠰᠣᠭᠠᠵᠤ ᠣᠢ ᠰᠢᠭᠤᠶ ᠶ᠋ᠢ ᠰᠡᠷᠭᠦᠭᠡᠬᠦ ᠂ ᠬᠦᠷᠢᠶ᠎ᠡ  ᠬᠠᠰᠢᠶᠠᠨ ᠤ ᠠᠵᠤ ᠠᠬᠤᠶ ᠶ᠋ᠢ ᠬᠥᠭᠵᠢᠭᠦᠯᠬᠦ ᠂ ᠬᠣᠷᠴᠢᠨ ‍ᠤ ᠡᠯᠡᠰᠦᠷᠬᠡᠭ ᠭᠠᠵᠠᠷ ‍ᠢ ᠵᠠᠰᠠᠬᠤ ᠵᠡᠷᠭᠡ ᠲᠥᠷᠥ ᠶ᠋ᠢᠨ ᠪᠣᠳᠣᠯᠭ᠎ᠠ ᠶ᠋ᠢᠨ ᠬᠡᠷᠡᠭᠵᠢᠭᠦᠯᠦᠯᠲᠡ ᠲᠡᠶ ᠤᠶᠠᠯᠳᠤᠭᠤᠯᠤᠨ ᠂ 《 ᠺᠣᠮᠫᠠᠨᠢ + ᠰᠠᠭᠤᠷᠢᠨ ᠭᠠᠵᠠᠷ ( ᠲᠤᠰᠬᠠᠶ ᠬᠣᠷᠰᠢᠶᠠᠵᠢᠯ ) + ᠲᠠᠷᠢᠶᠠᠴᠢᠨ ᠡᠷᠦᠬᠡ + ᠵᠠᠬᠢᠶᠠᠯᠠᠭ᠎ᠠ ᠶ᠋ᠢᠨ ᠬᠠᠭᠤᠳᠠᠰᠤ 》 ᠶ᠋ᠢᠨ ᠵᠠᠭᠪᠤᠷ ‍ᠢ ᠬᠡᠷᠡᠭᠵᠢᠭᠦᠯᠵᠣ ᠂ ᠡᠮᠬᠢ ᠵᠢᠷᠤᠮ ᠲᠠᠶ ᠪᠠᠷ ᠨᠡᠭᠡᠭᠡᠨ ᠮᠠᠯᠲᠠᠬᠤ ᠶ᠋ᠢ ᠬᠡᠷᠡᠭᠵᠢᠭᠦᠯᠦᠨ ᠂ ᠴᠢᠨᠠᠷ ᠰᠠᠶᠢᠲᠠᠶ ᠵᠢᠩᠬᠢᠨᠢ ᠡᠮ ‍ᠦᠨ ᠮᠠᠲ᠋ᠧᠷᠢᠶᠠᠯ ‍ᠤᠨ ᠲᠠᠷᠢᠮᠠᠯ ‍ᠢ ᠶᠡᠬᠡᠪᠡᠷ ᠳᠡᠯᠭᠡᠷᠡᠭᠦᠯᠵᠦ ᠂ ᠥᠪᠥᠷ ᠮᠣᠩᠭᠣᠯ ‍ᠤᠨ ᠵᠡᠭᠦᠨ ᠬᠡᠰᠡᠭ ‍ᠦᠨ ᠭᠠᠵᠠᠷ ᠣᠷᠣᠨ ‍ᠤ ᠣᠨᠴᠠᠯᠢᠭᠲᠤ ᠲᠠᠷᠢᠮᠠᠯ ‍ᠤᠨ ᠠᠵᠤ ᠦᠢᠯᠡᠰ ‍ᠦᠨ ᠪᠦᠰᠡ ᠶ᠋ᠢ ᠪᠤᠢ ᠪᠣᠯᠭᠠᠵᠣ ᠂ 2019 ᠣᠨ ᠳ᠋ᠤ ᠂ ᠪᠥᠬᠥ ᠬᠣᠰᠢᠭᠤᠨ ‍ᠤ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠲᠠᠷᠢᠮᠠᠯ ‍ᠤᠨ ᠲᠠᠯᠠᠪᠠᠢ 20.4 ᠲᠦᠮᠡᠨ ᠮᠣ ᠳ᠋ᠤ ᠬᠦᠷᠴᠦ ᠂ ᠪᠥᠬᠥ ᠣᠷᠣᠨ ‍ᠤ ᠰᠢᠶᠠᠨ ᠢᠶᠠᠷ ᠨᠢᠭᠡᠴᠢ ᠪᠣᠯᠭᠠᠭᠰᠠᠨ ᠬᠠᠮᠤᠭ ‍ᠤᠨ ᠶᠡᠬᠡ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠲᠠᠷᠢᠮᠠᠯ ‍ᠤᠨ ᠰᠠᠭᠤᠷᠢᠨ ᠭᠠᠵᠠᠷ ‍ᠤᠨ ᠨᠢᠭᠡ ᠪᠣᠯᠵᠠᠢ ᠃

      ᠥᠪᠡᠷᠲᠡᠭᠡᠨ ᠵᠠᠰᠠᠬᠤ ᠣᠷᠣᠨ ‍ᠤ ᠮᠣᠩᠭᠣᠯ ᠬᠢᠲᠠᠳ ᠡᠮ ᠡᠮᠨᠡᠯᠭᠡ ᠶ᠋ᠢᠨ ᠣᠨᠴᠠᠯᠢᠭᠲᠤ ᠵᠢᠵᠢᠭ ᠪᠠᠯᠭᠠᠰᠤ ᠶ᠋ᠢ ᠠᠮᠵᠢᠯᠲᠠ ᠲᠠᠶ ᠭᠤᠶᠤᠴᠢᠯᠠᠨ ᠮᠡᠳᠡᠭᠦᠯᠬᠦ ᠪᠡᠷ ᠠᠵᠠ ᠲᠣᠬᠢᠶᠠᠯ ᠪᠣᠯᠭᠠᠵᠤ ᠂ 《 ᠠᠵᠤ ᠦᠶ᠋ᠯᠡᠰ ‍ᠢᠶ᠋ᠡᠷ ᠬᠥᠳᠡᠯᠭᠡᠭᠦᠷ ᠪᠣᠯᠭᠠᠬᠤ ᠂ ᠣᠨᠴᠠᠯᠢᠭᠲᠤ ᠪᠠᠯᠭᠠᠰᠤ ᠵᠢ ᠪᠠᠶᠢᠭᠤᠯᠬᠤ ᠂ ᠰᠣᠶᠣᠯ ᠢᠷᠭᠡᠨᠰᠢᠯ ‍ᠢ ᠵᠡᠷᠭᠡᠪᠡᠷ ᠬᠥᠭᠵᠢᠭᠦᠯᠬᠦ ᠂ ᠠᠭᠤᠰᠤᠯᠴᠠᠭᠤᠯᠤᠨ ᠬᠥᠭᠵᠢᠭᠦᠯᠬᠦ 》 ᠵᠠᠷᠴᠢᠮ ᠶᠣᠰᠣᠭᠠᠷ ᠂ 《 ᠮᠣᠩᠭᠣᠯ ᠬᠢᠲᠠᠳ ᠡᠮ ᠡᠮᠨᠡᠯᠭᠡ ᠶ᠋ᠢᠨ ᠪᠥᠬᠥ ᠠᠵᠤ ᠦᠢᠯᠡᠰ ‍ᠦᠨ ᠬᠡᠯᠬᠢᠶ᠎ᠡ 》 ᠶ᠋ᠢᠨ ᠲᠣᠭᠣᠷᠢᠨ ᠳ᠋ᠤ 《 ᠲᠠᠪᠤᠨ ᠣᠷᠣᠨ ᠨᠢᠭᠡ ᠬᠣᠲᠠ ᠨᠢᠭᠡ ᠰᠠᠭᠤᠷᠢᠨ ᠭᠠᠵᠠᠷ 》 ‍ᠢ ᠪᠦᠲᠦᠭᠡᠨ ᠪᠠᠶᠢᠭᠤᠯᠵᠤ ᠂ ᠣᠨᠴᠠᠯᠢᠭᠲᠤ ᠵᠢᠵᠢᠭ ᠪᠠᠯᠭᠠᠰᠤ ᠵᠢ ᠡᠬᠢ ᠪᠠᠶᠠᠯᠢᠭ ᠨᠢᠬᠡᠳᠴᠦ ᠂ ᠲᠥᠷᠥᠯ ᠵᠦᠶ᠋ᠯ ᠰᠦᠪᠡᠭᠴᠢᠯᠡᠨ ᠂ ᠠᠵᠤ ᠦᠶ᠋ᠯᠡᠰ ‍ᠢ ᠳᠡᠭᠡᠭᠰᠢᠯᠡᠭᠦᠯᠬᠦ ᠬᠥᠭᠵᠢᠯᠲᠡ ᠶ᠋ᠢᠨ ᠲᠠᠪᠴᠠᠩ ᠂ ᠮᠣᠩᠭᠣᠯ ᠬᠢᠲᠠᠳ ᠡᠮ ᠡᠮᠨᠡᠯᠭᠡ ᠶ᠋ᠢᠨ ᠲᠠᠷᠢᠵᠣ ᠪᠣᠶᠢᠵᠢᠭᠣᠯᠬᠣ ᠂ ᠦᠶ᠋ᠯᠡᠳᠪᠦᠷᠢᠯᠡᠯ ‍ᠢ ᠰᠤᠳᠤᠯᠤᠨ ᠨᠡᠭᠡᠭᠡᠬᠦ ᠂ ᠠᠷᠠᠯᠵᠢᠶ᠎ᠠ ᠰᠣᠯᠢᠯᠴᠠᠭ᠎ᠠ ᠬᠢᠬᠦ ᠂ ᠡᠷᠡᠭᠦᠯ ᠬᠠᠮᠠᠭᠠᠯᠠᠯ ᠰᠣᠶᠣᠯ ᠵᠢᠭᠤᠯᠴᠢᠯᠠᠯ ‍ᠢ ᠨᠢᠭᠡ ᠴᠣᠭᠴᠠᠵᠢᠭᠤᠯᠤᠭᠰᠠᠨ ᠠᠵᠤ ᠦᠢᠯᠡᠰ ‍ᠦᠨ ᠰᠢᠰᠲ᠋ᠸᠮ ᠪᠣᠯᠭᠠᠨ ᠪᠦᠲᠦᠭᠡᠨ ᠪᠠᠶᠢᠭᠤᠯᠵᠤ ᠂ ᠮᠣᠩᠭᠣᠯ ᠬᠢᠲᠠᠳ ᠡᠮ ᠡᠮᠨᠡᠯᠭᠡ ᠶ᠋ᠢᠨ ᠠᠵᠤ ᠦᠢᠯᠡᠰ ‍ᠦᠨ ᠲᠥᠪᠯᠡᠷᠡᠨ ᠬᠥᠭᠵᠢᠬᠦ ᠶ᠋ᠢ ᠠᠬᠢᠭᠣᠯᠬᠣ ᠪᠣᠯᠣᠨ᠎ᠠ ᠃ ᠣᠳᠣᠬᠠᠨ ᠳ᠋ᠥ 3 ᠮᠣᠩᠭᠣᠯ ᠬᠢᠲᠠᠳ ᠡᠮ ᠡᠮᠨᠡᠯᠭᠡ ᠶ᠋ᠢᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ‍ᠦᠨ ᠠᠵᠤ ᠠᠬᠤᠶᠢᠯᠠᠯ ᠂ 4 ᠦᠶ᠋ᠯᠡᠴᠢᠯᠡᠭᠡ ᠪᠠ ᠡᠷᠡᠭᠦᠯᠵᠢᠯ ᠰᠤᠪᠢᠯᠠᠯᠲᠠ ᠶ᠋ᠢᠨ ᠲᠥᠷᠥᠯ ‍ᠦᠨ ᠠᠵᠤ ᠠᠬᠤᠶᠢᠯᠠᠯ ᠂ 15 ᠲᠠᠷᠢᠮᠠᠯ ‍ᠤᠨ ᠲᠥᠷᠥᠯ ‍ᠦᠨ ᠠᠵᠤ ᠠᠬᠤᠶᠢᠯᠠᠯ ᠪᠠᠶᠢᠵᠣ ᠂ ᠺᠠᠩ ᠮᠧᠶ ᠡᠮ ‍ᠦᠨ ᠦᠶ᠋ᠯᠡᠰ ᠂ ᠲᠢᠶᠠᠨ ᠨᠠᠢ ᠡᠮ ‍ᠦᠨ ᠦᠶ᠋ᠯᠡᠰ ᠂ ᠲᠢᠶᠠᠨ ᠴᠢ ᠡᠮ ‍ᠦᠨ ᠦᠶ᠋ᠯᠡᠰ ᠂ ᠵᠢᠩ ᠹᠦ᠋ ᠺᠠᠩ ᠡᠮ ‍ᠦᠨ ᠦᠶ᠋ᠯᠡᠰ ᠂ ᠢ ᠯᠢ ᠡᠷᠡᠭᠦᠯ ᠮᠡᠨᠳᠦ ᠶ᠋ᠢᠨ ᠠᠵᠤ ᠦᠢᠯᠡᠰ ‍ᠦᠨ ᠪᠦᠯᠦᠭᠯᠡᠯ ᠵᠡᠷᠭᠡ ᠠᠵᠤ ᠠᠬᠤᠶᠢᠯᠠᠯ ᠮᠠᠨ ᠤ ᠬᠣᠰᠢᠭᠣᠨ ᠳ᠋ᠤ ᠦᠶ᠋ᠯᠡᠳᠪᠦᠷᠢ ᠪᠠᠶᠢᠭᠤᠯᠬᠤ ᠪᠤᠶᠤ ᠲᠠᠷᠢᠮᠠᠯ ‍ᠤᠨ ᠰᠠᠭᠤᠷᠢᠨ ᠭᠠᠵᠠᠷ ᠪᠠᠶᠢᠭᠣᠯᠵᠣ ᠪᠠᠶᠢᠨ᠎ᠠ ᠃

      ᠣᠳᠣᠬᠠᠨ ᠳ᠋ᠤ ᠂ ᠮᠠᠨ ᠤ ᠬᠣᠰᠢᠭᠣ ᠪᠥᠬᠥ ᠣᠷᠣᠨ ‍ᠤ ᠴᠣᠷ ᠤᠨ ᠭᠠᠭᠴᠠ ᠡᠮ ‍ᠦᠨ ᠮᠠᠲ᠋ᠧᠷᠢᠶᠠᠯ ‍ᠤᠨ ᠠᠷᠠᠯᠵᠢᠶᠠᠨ ‍ᠤ ᠲᠥᠪ ᠪᠣᠯᠬᠣ ᠥᠪᠥᠷ ᠮᠣᠩᠭᠣᠯ ‍ᠤᠨ ᠮᠣᠩᠭᠣᠯ ᠡᠮ ‍ᠦᠨ ᠮᠠᠲ᠋ᠧᠷᠢᠶᠠᠯ ‍ᠤᠨ ᠬᠣᠲᠠ ᠶ᠋ᠢ ᠪᠦᠲᠦᠭᠡᠨ ᠪᠠᠶᠢᠭᠤᠯᠵᠤ ᠂ ᠲᠤᠰ ᠲᠥᠷᠥᠯ ᠵᠦᠶ᠋ᠯ ‍ᠦᠨ ᠶᠡᠷᠦᠩᠬᠡᠶ ᠪᠠᠯᠠ ᠣᠷᠣᠭᠤᠯᠤᠯᠲᠠ 5 ᠳ᠋ᠦᠩᠰᠢᠭᠤᠷ ᠲᠥᠭᠥᠷᠢᠭ ᠲᠤᠬᠦᠷᠴᠣ ᠂ ᠨᠦᠬᠡᠴᠡᠯᠡᠬᠦ ᠂ ᠪᠣᠷᠣᠯᠠᠭᠤᠯᠬᠤ ᠂ ᠳᠡᠯᠭᠡᠨ ᠦᠵᠡᠭᠦᠯᠬᠦ ᠴᠢᠳᠠᠮᠵᠢ ᠶ᠋ᠢ ᠨᠢᠭᠡ ᠴᠣᠭᠴᠠᠵᠢᠭᠣᠯᠣᠨ ᠂ ᠪᠠᠶᠢᠭᠤᠯᠤᠭᠰᠠᠨ ‍ᠤ ᠳᠠᠷᠠᠭ᠎ᠠ ᠵᠡᠭᠦᠨ ᠬᠣᠶᠢᠲᠤ ᠶ᠋ᠢᠨ ᠬᠠᠮᠤᠭ ‍ᠤᠨ ᠲᠣᠮᠣ ᠮᠣᠩᠭᠣᠯ ᠬᠢᠲᠠᠳ ᠡᠮ ‍ᠦᠨ ᠮᠠᠲ᠋ᠧᠷᠢᠶᠠᠯ ‍ᠤᠨ ᠠᠷᠠᠯᠵᠢᠶᠠᠨ ‍ᠤ ᠲᠥᠪᠯᠡᠷᠡᠭᠦᠯᠦᠨ ᠲᠠᠷᠬᠠᠭᠠᠬᠤ ᠭᠠᠵᠠᠷ ᠪᠠ ᠪᠥᠬᠥ ᠤᠯᠤᠰ ᠤᠨ ᠬᠠᠮᠤᠭ ‍ᠤᠨ ᠲᠣᠮᠣ ᠮᠣᠩᠭᠣᠯ ᠡᠮ ‍ᠦᠨ ᠮᠠᠲ᠋ᠧᠷᠢᠶᠠᠯ ‍ᠤᠨ ᠵᠠᠬ᠎ᠠ ᠳᠡᠯᠭᠡᠭᠦᠷ ᠪᠣᠯᠬᠤ ᠪᠣᠯᠤᠨ᠎ᠠ ᠃ ᠡᠭᠦᠨ ‍ᠦ ᠬᠠᠮᠲᠤ ᠂ ᠮᠣᠩᠭᠣᠯ ᠡᠮ ᠡᠮᠨᠡᠯᠭᠡ ᠂ ᠷᠠᠰᠢᠶᠠᠨ ᠴᠢᠯᠠᠭᠤ ᠂ ᠡᠯᠡᠰᠦ ᠮᠠᠩᠬ᠎ᠠ ᠂ ᠬᠠᠯᠠᠭᠤᠨ ᠷᠠᠰᠢᠶᠠᠨ ᠵᠡᠷᠭᠡ ᠳᠥᠷᠪᠡᠨ ᠶᠡᠬᠡ ᠣᠨᠴᠠᠯᠢᠭᠲᠤ ᠡᠬᠢ ᠪᠠᠶᠠᠯᠢᠭ ‍ᠢ ᠪᠦᠲᠦᠮᠵᠢᠲᠡᠶ ᠠᠰᠢᠭᠯᠠᠨ ᠂ ᠵᠢᠭᠤᠯᠴᠢᠯᠠᠯ + ᠰᠣᠶᠣᠯ ᠤᠨ ᠪᠠᠶᠢᠯᠳᠤᠬᠤ ᠪᠣᠳᠣᠯᠭ᠎ᠠ ᠶ᠋ᠢ ᠬᠡᠷᠡᠭᠵᠢᠭᠦᠯᠵᠦ ᠂ ᠮᠣᠩᠭᠣᠯ ᠡᠮ ᠡᠮᠨᠡᠯᠭᠡ ᠶ᠋ᠢᠨ 《 ᠡᠷᠡᠭᠦᠯ ᠮᠡᠨᠳᠦ ᠶ᠋ᠢᠨ ᠵᠢᠭᠤᠯᠴᠢᠯᠠᠯ 》 ‍ᠤᠨ ᠨᠡᠷᠡᠲᠦ ᠲᠡᠮᠳᠡᠭ ‍ᠢ ᠪᠤᠢ ᠪᠣᠯᠭᠠᠨ ᠂ 《 ᠡᠮ ᠡᠮᠴᠢᠯᠡᠭᠡ ᠂ ᠡᠷᠡᠭᠦᠯ ᠬᠠᠮᠠᠭᠠᠯᠠᠯ ᠂ ᠰᠤᠪᠢᠯᠠᠯᠲᠠ ᠂ ᠵᠢᠭᠤᠯᠴᠢᠯᠠᠯ ᠂ ᠬᠣᠭᠣᠯᠠ ᠤᠮᠳᠠ 》 ᠪᠡᠷ ᠭᠣᠤᠯ ᠪᠣᠯᠭᠠᠭᠰᠠᠨ ᠡᠷᠡᠭᠦᠯ ᠮᠡᠨᠳᠦ ᠶ᠋ᠢᠨ ᠲᠣᠮᠣ ᠠᠵᠤ ᠦᠢᠯᠡᠰ ‍ᠦᠨ ᠬᠥᠭᠵᠢᠯᠲᠡ ᠶ᠋ᠢᠨ ᠰᠢᠰᠲ᠋ᠧᠮ ‍ᠢ ᠦᠨᠳᠦᠰᠦᠨ ᠳ᠋ᠡᠭᠡᠨ ᠪᠦᠷᠢᠯᠳᠦᠭᠦᠯᠬᠦ ᠪᠣᠯᠣᠨ᠎ᠠ ᠃


ᠢᠷᠡᠯᠳᠡ᠄ ᠨᠠᠶᠢᠷᠠᠭᠤᠯᠤᠭᠴᠢ᠄ ᠰᠣᠮᠢᠶ᠎ᠠ

ᠬᠠᠮᠢᠶ᠎ᠡ ᠪᠦᠬᠦᠢ ᠰᠣᠨᠢᠨ